ᠦᠰᠦᠭ ᠢᠶᠠᠷ ᠦᠭᠦᠯᠡᠬᠦᠢ᠄ ᠬᠥᠯᠤᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠤᠡᠭᠡᠯ ᠤᠨ ᠲᠠᠶᠢᠯᠤᠮᠵᠢ — 2021ᠣᠨ ᠤ ᠠᠵᠢᠯ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2022/2/28
      ᠬᠡᠯᠪᠡᠷᠢ ᠪᠠᠨ ᠬᠤᠪᠢᠷᠠᠭᠤᠯᠬᠤ ᠬᠦᠴᠦᠨ ᠢ ᠲᠦᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠬᠦᠯᠢᠶᠡᠰᠦᠯᠡᠯ ᠢ ᠰᠤᠯᠠᠯᠠᠨ ᠲᠡᠰ ᠳᠡᠪᠰᠢᠭᠦᠯᠪᠡ       ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠵᠢᠱᠢᠯᠲᠡ ᠠᠴᠠ 2.5 ᠵᠠᠭᠤᠨ ᠤ ᠴᠡᠭ ᠳᠠᠪᠠᠵᠤ᠂ ᠳᠥᠷᠪᠡᠨ ᠵᠢᠯ ᠤᠨ ᠲᠤᠷᠰᠢᠬᠢ ᠣᠷᠭᠢᠯ ᠬᠡᠮᠵᠢᠭᠳᠡᠯ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠵᠢᠭᠰᠠᠭᠠᠯᠲᠠ ᠳᠤ 5 ᠣᠷᠣᠨ ᠪᠠᠶᠢᠷᠢ ᠳᠠᠪᠰᠢᠪᠠ᠃       ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠴᠦᠮ ᠳᠦᠷᠪᠡᠨ ᠵᠢᠯ ᠤᠨ ᠲᠤᠷᠰᠢᠬᠢ ᠬᠠᠮᠤᠭ ᠦᠨᠳᠦᠷ ᠲᠦᠪᠰᠢᠨ ᠳᠤ ᠬᠦᠷᠪᠡ᠃       ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 25.1%ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠲᠡᠷᠢᠭᠦᠯᠡᠪᠡ᠃       ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰ ᠪᠦᠷᠢ 2279 ᠲᠦᠭᠦᠷᠢᠭ ᠪᠠ 1762 ᠲᠦᠭᠦᠷᠢᠭ ᠨᠡᠮᠡᠭᠳᠡᠵᠦ᠂ ᠲᠤᠰ ᠪᠦᠷᠢ 6.3% ᠪᠠ 9.9% ᠨᠡᠮᠡᠭᠳᠡᠪᠡ᠃       ᠬᠤᠲᠠ ᠶᠢᠨ ᠳᠡᠰ ᠤᠨ 221 ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠡᠬᠢᠯᠡᠭᠦᠯᠦᠨ ᠰᠡᠷᠭᠦᠭᠡᠵᠦ᠂ 207.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠢᠶᠠᠨ ᠡᠬᠢᠯᠡᠭᠦᠯᠦᠨ ᠰᠡᠷᠭᠦᠭᠡᠭᠰᠡᠨ ᠨᠣᠷᠮ᠎ᠠ ᠪᠠ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢᠨ ︽ᠬᠤᠤᠰ ᠳᠡᠭᠡᠭᠰᠢᠯ︾ ᠢ ᠪᠡᠶᠡᠯᠡᠭᠦᠯᠪᠡ᠃       ᠠᠮᠤ ᠪᠤᠳᠠᠭᠠᠨ ᠤ ᠤᠨᠠᠯᠲᠠ 16.2 ᠳ᠋ᠦᠩᠰᠢᠭᠤᠷ ᠵᠢᠩ ᠨᠡᠮᠡᠭᠳᠡᠵᠦ᠂ ᠪᠥᠬᠦ ᠣᠷᠣᠨ ᠳᠤ 46% ᠶᠢᠨ ᠨᠡᠮᠡᠭᠳᠡᠯ ᠤᠨ ᠨᠡᠮᠡᠷᠢ ᠦᠵᠡᠭᠦᠯᠪᠡ᠃       ᠳᠠᠪᠠᠭ᠎ᠠ ᠶᠢᠨ ᠵᠡᠭᠦᠨᠳᠡᠬᠢ ᠢ ᠮᠦ ᠶᠢᠨ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠣᠭᠲᠠᠮᠠᠯ ᠭᠦᠶᠦᠳᠡᠯᠲᠦ ᠭᠠᠳᠠᠭᠰᠢ ᠬᠦᠷᠭᠡᠬᠦ ᠲᠥᠷᠥᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ᠃       ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠨᠢ ᠰᠣᠶᠣᠯ ᠵᠢᠭᠤᠯᠴᠢᠯᠠᠯ ᠤᠨ ᠶᠠᠮᠤᠨ ᠤ ︽ᠮᠥᠰᠥ ᠴᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ︾ ᠰᠣᠳᠣᠨ ᠵᠠᠮ ᠱᠤᠭᠤᠮ ᠳᠤ ᠰᠣᠩᠭᠤᠭᠳᠠᠨ ᠣᠷᠤᠪᠠ᠃       ︽ᠬᠦᠯᠦᠨ ᠪᠤᠶᠢᠷ ᠨᠡᠷᠡᠮᠵᠢᠲᠦ︾ ᠲᠠᠯ᠎ᠠ ᠨᠤᠲᠤᠭ ᠣᠶ ᠰᠢᠭᠤᠶ ᠶᠢᠨ ᠵᠢᠭᠤᠯᠴᠢᠯᠠᠯ ᠤᠨ ᠭᠠᠯᠲᠤ ᠲᠡᠷᠭᠡ ᠲᠤᠭᠲᠠᠭᠤᠨ ᠢᠶᠠᠷ ᠠᠵᠢᠯᠯᠠᠪᠠ᠃       ᠵᠠᠯᠠᠨ ᠠᠶᠢᠯ ᠲᠦᠷᠦᠭᠦᠤ ᠪᠦᠯᠦᠭ ᠤᠨ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠤᠯᠪᠠ᠃         ᠤᠯᠤᠰ ᠲᠠᠭᠠᠨ ᠦᠢᠯᠡᠳᠪᠦᠷᠢᠯᠡᠭᠰᠡᠨ C919 ᠲᠤᠮᠤ ᠨᠢᠰᠬᠡᠯ ᠬᠠᠬᠢᠷ ᠬᠦᠢᠳᠡᠨ ᠤ ᠲᠤᠰᠬᠠᠢ ᠲᠤᠷᠰᠢᠯᠲᠠ ᠲᠤᠷᠰᠢᠨ ᠨᠢᠰᠦᠯᠲᠡ ᠶᠢ ᠪᠡᠶᠡᠯᠡᠭᠦᠯᠵᠦ᠂ ᠪᠣᠬᠢᠷᠲᠤᠯ ᠦᠭᠡᠢ ᠤᠳᠤ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃         ᠬᠦᠯᠦᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠡᠵᠡᠩᠨᠡᠯᠲᠡ ᠶᠢᠨ ᠤᠷᠤᠯᠭ᠎ᠠ᠂ ᠬᠦᠷᠦᠩᠭᠡ ᠶᠢᠨ ᠶᠡᠷᠦᠩᠬᠡᠢ ᠲᠤᠭ᠎ᠠ ᠵᠡᠷᠭᠡ ᠭᠦᠢᠴᠡᠳᠭᠡᠯ ᠲᠤᠭ᠎ᠠ ᠨᠢ ᠬᠠᠭᠠᠯᠪᠤᠷᠢᠯᠠᠯᠲᠠ ᠶᠢᠨ ᠤᠷᠤᠨ ᠪᠠᠶᠢᠭᠤᠯᠤᠭᠳᠠᠭᠰᠠᠨ ᠠᠴᠠ ᠨᠠᠰᠢᠬᠢ ᠰᠢᠨ᠎ᠡ ᠲᠦᠪᠰᠢᠨ ᠢ ᠡᠭᠦᠳᠴᠦ᠂ ᠠᠰᠢᠭ ᠤᠷᠤᠯᠭ᠎ᠠ ᠨᠢ ᠤᠷᠴᠢᠮ ᠤᠨ ᠠᠷᠪᠠᠨ ᠵᠢᠯ ᠤᠨ ᠬᠠᠮᠤᠭ ᠦᠨᠳᠦᠷ ᠲᠦᠪᠰᠢᠨ ᠳᠤ ᠬᠦᠷᠪᠡ᠃      ᠬᠤᠳᠠ ᠪᠠᠶᠢᠭᠤᠯᠬᠤ ᠦᠨᠳᠦᠰᠦ ᠶᠢ ᠪᠠᠬᠢᠵᠢᠭᠦᠯᠵᠦ᠂ ᠪᠣᠬᠢᠷᠲᠤᠯ ᠦᠭᠡᠢ ᠰᠠᠭᠤᠷᠢ ᠨᠡᠩ ᠪᠠᠲᠤᠵᠢᠪᠠ       ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠤᠷᠴᠢᠨ ᠲᠤᠭᠤᠷᠢᠨ ᠤ ᠬᠠᠮᠠᠭᠠᠯᠠᠯᠲᠠ ᠵᠠᠰᠠᠯᠲᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠠᠰᠠᠯᠲᠠ ᠶᠢᠨ ᠲᠥᠰᠦᠯ ᠢ ᠤᠷᠤᠭᠰᠢᠲᠠᠶ ᠬᠡᠷᠡᠭᠵᠢᠭᠦᠯᠵᠦ᠂ 10 ᠲᠦᠷᠦᠯ ᠤᠨ ᠬᠠᠮᠠᠭᠠᠯᠠᠯᠲᠠ ᠵᠠᠰᠠᠯᠲᠠ ᠶᠢᠨ ᠲᠥᠷᠥᠯ ᠵᠦᠢᠯ ᠢ ᠡᠬᠢᠯᠡᠭᠦᠯᠪᠡ᠃       20 ᠲᠦᠮᠡᠨ ᠮᠥ ᠲᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠬᠦ ᠡᠭᠦᠷᠭᠡ ᠶᠢ ᠪᠠᠲᠤᠲᠠᠢ ᠠᠬᠢᠭᠤᠯᠵᠤ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ 3572.7 ᠲᠦᠮᠡᠨ ᠮᠥ᠂ ᠣᠶᠢᠵᠢᠭᠤᠯᠤᠨ ᠨᠤᠭᠤᠭᠠᠷᠠᠭᠤᠯᠤᠯᠲᠠ ᠶᠢ 15.6 ᠲᠦᠮᠡᠨ ᠮᠥ᠂ ᠪᠡᠯᠴᠢᠭᠡᠷᠯᠡᠬᠦ ᠶᠢ ᠵᠤᠭᠰᠤᠭᠠᠨ ᠡᠪᠡᠰᠦ ᠪᠡᠯᠴᠢᠭᠡᠷ ᠢ ᠰᠡᠷᠭᠦᠭᠡᠬᠦ ᠶᠢ 97.7 ᠲᠦᠮᠡᠨ ᠮᠥ ᠪᠡᠶᠡᠯᠡᠭᠦᠯᠵᠦ᠂ ᠤᠯᠤᠰ ᠤᠨ ᠳᠡᠰ ᠤᠨ 7 ᠨᠤᠭᠤ ᠭᠠᠵᠠᠷ ᠤᠨ ᠴᠡᠴᠡᠷᠯᠢᠭ ᠰᠢᠯᠭᠠᠨ ᠠᠪᠤᠯᠲᠠ ᠶᠢ ᠦᠩᠭᠡᠷᠡᠭᠡᠪᠡ᠃       ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠪᠠ᠃       ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠲᠡᠩᠴᠡᠯ ᠢ 1.2 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠲᠤᠭᠲᠠᠭᠤᠨᠵᠢᠭᠤᠯᠤᠨ ᠪᠠᠬᠢᠵᠢᠭᠦᠯᠪᠡ᠃       ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢᠨ ᠲᠥᠰᠦᠯ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠡᠨᠧᠷᠭᠢ ᠠᠷᠪᠢᠯᠠᠬᠤ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠤᠭᠳᠠᠯ ᠤᠨ  ︽ᠬᠤᠤᠰ ᠡᠵᠡᠮᠳᠡᠯ︾ ᠤᠨ ︽ᠬᠤᠤᠰ ᠪᠤᠬᠢᠷᠲᠤᠯ ᠦᠭᠡᠢ︾ ᠶᠢ ᠪᠠᠲᠤᠯᠠᠪᠠ᠃       ᠪᠤᠭᠤᠮᠲᠠ ᠰᠢᠪᠲᠤᠯᠬᠤ ᠡᠷᠴᠢ ᠵᠣᠷᠢᠭ ᠢ ᠬᠦᠪᠴᠢᠯᠡᠵᠦ᠂ ᠥᠭᠡᠷᠡᠴᠢᠯᠡᠯᠲᠡ ᠨᠡᠭᠡᠭᠡᠯᠲᠡ ᠦᠯᠡᠮᠵᠢ ᠦᠷ᠎ᠡ ᠪᠦᠲᠦᠭᠡᠯ ᠤᠯᠪᠠ       ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠬᠦᠴᠦᠲᠡᠶ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠬᠤ ᠡᠷᠴᠢᠮ ᠢ ᠠᠯᠬᠤᠮ ᠴᠢᠨᠠᠭᠰᠢᠲᠠ ᠴᠢᠩᠭᠠᠷᠠᠭᠤᠯᠵᠤ᠂ 37 ᠳ᠋ᠦᠩᠰᠢᠭᠤᠷ ᠲᠦᠭᠦᠷᠢᠭ ᠤᠨ ᠭᠠᠶᠢᠯᠢ ᠬᠦᠩᠭᠡᠯᠡᠵᠦ ᠰᠦᠢᠳᠬᠡᠯ ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 1.7 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 2.6 ᠲᠦᠮᠡ ᠰᠢᠨ᠎ᠡ ᠪᠠᠷ ᠨᠡᠮᠡᠭᠳᠡᠭᠦᠯᠪᠡ᠃       ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃       ︽ᠰᠢᠨᠵᠢᠯᠡᠭᠡ ᠮᠡᠷᠭᠡᠵᠢᠯ ᠢᠶᠠᠷ ᠬᠤᠳᠠ ᠪᠠᠨ ᠮᠠᠨᠳᠤᠭᠤᠯᠬᠤ︾ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠰᠢᠷ᠎ᠠ ᠪᠤᠷᠴᠠᠭ ᠤᠨ ᠰᠢᠯᠢᠳᠡᠭ ᠦᠷ᠎ᠡ ᠡᠳ᠋ ᠢ ᠠᠭᠤᠳᠠᠯᠬᠤ᠂ ᠰᠢᠨ᠎ᠡ ᠶᠢ ᠡᠭᠦᠳᠬᠦ ᠪᠠ ᠠᠰᠢᠭᠯᠠᠬᠤ ᠲᠦᠷᠦᠯ ᠵᠦᠢᠯ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠠᠮᠢ ᠠᠬᠤᠶ ᠶᠢᠨ ᠲᠡᠵᠢᠭᠡᠯ ᠡᠪᠡᠰᠦᠨ ᠤ ᠮᠠᠯ ᠠᠵᠤ ᠠᠬᠤᠢ︾ ᠪᠠ ︽ᠬᠠᠷ᠎ᠠ ᠬᠦᠷᠦᠰᠦᠲᠦ ᠠᠮᠤ ᠶᠢᠨ ᠬᠥᠮᠥᠷᠭᠡ︾ ᠭᠡᠬᠦ A ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠬᠤᠰᠢᠭᠤᠴᠢ ᠰᠢᠨᠵᠢᠯᠡᠭᠡ ᠮᠡᠷᠭᠡᠵᠢᠯ ᠤᠨ 2 ᠲᠤᠰᠬᠠᠶ ᠲᠦᠷᠦᠯ ᠢ ᠯᠠᠪᠳᠠᠭᠤᠨ ᠢᠶᠠᠷ ᠠᠬᠢᠭᠤᠯᠵᠤ᠂ ︽ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ ᠲᠤᠷᠰᠢᠯᠲᠠ ᠶᠢᠨ ᠴᠡᠭ ᠤᠨ ᠬᠤᠳᠠ ᠪᠠᠷ ᠠᠮᠵᠢᠯᠲᠠ ᠲᠠᠢ ᠰᠣᠩᠭᠤᠭᠳᠠᠪᠠ᠃       ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠨᠡᠪᠲᠡᠷᠡᠭᠰᠡᠨ ᠲᠤᠭ᠎ᠠ 12.1% ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 157.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃       ᠠ᠊ᠷᠠᠳ ᠤᠨ ᠲᠥᠯᠥᠭᠡ ᠦᠨᠡᠨᠴᠢ ᠰᠡᠳᠬᠢᠯ ᠢᠶᠠᠷ ᠵᠢᠳᠬᠦᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ ᠡᠳ᠋ᠯᠡᠭᠦᠯᠪᠡ       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ 10.7 ᠳ᠋ᠦᠩᠰᠢᠭᠤᠷ ᠲᠥᠭᠦᠷᠢᠭ ᠣᠷᠣᠭᠤᠯᠵᠤ᠂ 651 ᠲᠥᠷᠥᠯ ᠵᠦᠢᠯ ᠢ ᠬᠡᠷᠡᠭᠵᠢᠭᠦᠯᠪᠡ᠃       2783 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ ᠲᠠᠷᠬᠠᠭᠠᠪᠠ᠃       ᠬᠠᠭᠤᠴᠢᠨ ᠰᠠᠭᠤᠭᠠᠯᠢ ᠲᠣᠭᠤᠷᠢᠭ ᠢ 243 ᠦᠭᠡᠷᠡᠴᠢᠯᠡᠨ ᠰᠢᠨᠡᠳᠬᠡᠪᠡ᠃       ᠤᠯᠤᠰ ᠤᠨ ᠳᠤᠲᠤᠭᠠᠳᠤ ᠶᠢᠨ ᠬᠠᠮᠤᠭ ᠬᠤᠯᠠ ᠵᠠᠶᠢᠲᠠᠢ ᠬᠠᠬᠢᠷ ᠬᠦᠢᠲᠡᠨ ᠭᠠᠵᠠᠷ ᠤᠷᠤᠨ ᠤ ᠢᠯᠴᠢ ᠬᠠᠩᠭᠠᠬᠤ ᠲᠦᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠤᠷᠤᠭᠤᠯᠵᠤ᠂ 6.6 ᠲᠦᠮᠡᠨ ᠡᠷᠦᠬᠡ ᠮᠠᠯᠴᠢᠨ ᠲᠠᠷᠢᠶᠠᠴᠢᠳ ᠲᠤ 22 ᠲᠦᠮᠡᠨ ᠲᠣᠨ ᠡᠩ ᠤᠨ ᠦᠨ᠎ᠡ ᠶᠢᠨ ᠨᠡᠭᠦᠷᠡᠰᠦ ᠬᠠᠩᠭᠠᠵᠤ᠂ ᠲᠦᠭ ᠲᠦᠮᠡᠨ ᠠᠶᠢᠯ ᠡᠷᠦᠬᠡ ᠳᠤ ᠬᠠᠶᠢᠷ᠎ᠠ ᠬᠠᠯᠠᠮᠵᠢ ᠬᠦᠷᠭᠡᠪᠡ᠃       ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠷᠬᠦᠯᠲᠡ ᠶᠢᠨ ᠨᠣᠷᠮ᠎ᠠ 87% ᠳᠤ ᠬᠦᠷᠴᠦ᠂ ᠬᠥᠯᠥᠨ ᠪᠤᠶᠢᠷ ᠳᠡᠭᠡᠳᠦ ᠰᠤᠷᠭᠠᠭᠤᠯᠢ ᠮᠠᠰᠲ᠋ᠧᠷ ᠴᠣᠯᠠ ᠣᠯᠭᠤᠬᠤ ᠨᠢᠭᠡᠴᠢ ᠪᠠᠷ ᠵᠥᠪᠰᠢᠶᠡᠷᠡᠭᠳᠡᠪᠡ᠃       ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠰᠦᠯᠵᠢᠶᠡᠨ ᠳᠤ ᠭᠠᠷᠭᠠᠨ ᠬᠡᠷᠡᠭᠯᠡᠵᠦ᠂ ᠮᠠᠨ ᠤ ᠬᠤᠲᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ ᠪᠥᠬᠦ ᠤᠯᠤᠰ ᠤᠨ ᠵᠢᠱᠢᠶ᠎ᠡ ᠦᠵᠡᠭᠦᠯᠬᠦ ᠬᠤᠲᠠ ᠳᠤ ᠵᠢᠭᠰᠠᠭᠠᠭᠳᠠᠪᠠ᠃       ᠬᠢᠯᠢ ᠬᠢᠵᠠᠭᠠᠷ ᠤᠨ 1.1 ᠲᠦᠮᠡᠨ ᠮᠠᠯᠵᠢᠬᠤ ᠡᠷᠦᠬᠡ ᠳᠤ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠨᠡᠪᠲᠡᠷᠡᠭᠦᠯᠪᠡ᠃       ᠬᠥᠯᠥᠨ ᠪᠤᠶᠢᠷ ᠨᠤᠲᠤᠭ ᠲᠠᠢ ᠲᠠᠮᠢᠷᠴᠢᠳ ᠡᠯ᠎ᠡ ᠱᠠᠲᠤᠨ ᠤ ᠡᠯ᠎ᠡ ᠲᠦᠷᠦᠯ ᠤᠨ ᠤᠷᠤᠯᠳᠤᠭᠠᠨ ᠳᠤ ᠰᠢᠯᠢᠳᠡᠭ ᠨᠡᠷᠡᠰ ᠤᠨ ᠳᠠᠷᠠᠭᠠᠯᠠᠯ ᠳᠤ ᠣᠷᠣᠪᠠ᠃      ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ       ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠲᠤᠲᠠᠶ ᠥᠷᠨᠢᠭᠦᠯᠵᠦ᠂ ︽ᠪᠢ ᠣᠯᠠᠨ ᠲᠦᠮᠡᠨ ᠳᠤ ᠪᠤᠳᠠᠳᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠠ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ︾ ᠰᠤᠷᠤᠯᠴᠠᠯᠭ᠎ᠠ ᠶᠠᠷᠢᠯᠴᠠᠭ᠎ᠠ ᠶᠢ ᠭᠦᠨᠵᠡᠭᠡᠶ ᠦᠷᠨᠢᠬᠦᠯᠵᠦ᠂ ᠪᠠᠷᠢᠨ ᠬᠡᠯᠡᠵᠦ ᠪᠠᠷᠢᠨ ᠬᠡᠷᠡᠭᠵᠢᠭᠦᠯᠬᠦ᠂ ᠲᠦᠷᠭᠡᠨ ᠰᠢᠢᠳᠪᠦᠷᠢᠯᠡᠵᠦ ᠲᠦᠷᠭᠡᠨ ᠬᠡᠷᠡᠭᠵᠢᠭᠦᠯᠬᠦ᠂ ᠪᠤᠰᠢᠭᠤ ᠱᠠᠯᠠᠮᠠᠭᠠᠶ ᠠᠵᠢᠯᠯᠠᠬᠤ ᠶᠢ ᠪᠠᠷᠢᠮᠳᠠᠯᠠᠵᠤ᠂ ᠶᠡᠭᠡ ᠬᠦᠴᠦ ᠣᠷᠣᠭᠤᠯᠵᠤ ᠪᠠᠶᠢᠭᠠᠳ ᠰᠡᠳᠬᠢᠬᠦᠶ ᠶᠢᠨ ᠲᠣᠭᠲᠠᠮᠠᠯ ᠬᠡᠯᠪᠡᠷᠢ᠂ ᠠᠵᠢᠯ ᠤᠨ ᠬᠡᠪᠰᠢᠮᠡᠯ ᠴᠢᠨᠠᠷ ᠪᠣᠯᠤᠨ ᠵᠤᠷᠰᠢᠮᠠᠯ ᠠᠷᠭ᠎ᠠ ᠵᠠᠮ ᠳᠤ ᠲᠦᠰᠢᠭᠯᠡᠬᠦ ᠶᠢ ᠠᠷᠢᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠦᠲᠦᠮᠵᠢᠲᠡᠶ ᠴᠡᠭᠴᠡᠯᠡᠨ ᠵᠠᠰᠠᠭᠳᠠᠪᠠ᠃       ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 126 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ 209 ᠬᠤᠪᠢ ᠳᠤᠷᠠᠳᠤᠯᠭ᠎ᠠ ᠶᠢ ᠭᠦᠢᠴᠡᠳᠬᠡᠪᠡ᠃       ︽ᠠᠯᠪᠠᠨ ᠤ ᠭᠤᠷᠪᠠᠨ︾ ᠵᠠᠷᠤᠳᠠᠯ ᠪᠠ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠵᠠᠰᠠᠭ ᠤᠨ ᠣᠷᠳᠣᠨ ᠤ ︽ᠠᠷᠪᠢᠴᠢ ᠭᠠᠮᠲᠠᠢ ᠠᠮᠢᠳᠤᠷᠠᠯ︾ ᠢᠶᠠᠷ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠢ ᠰᠤᠯᠢᠨ ᠠᠪᠴᠢᠷᠠᠵᠤ᠂ ᠵᠠᠰᠠᠭ ᠤᠨ ᠣᠷᠳᠣᠨ ᠤ ︽ᠵᠦᠳᠡᠷᠡᠯ ᠤᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠴᠢᠷᠠᠪᠠ᠃       ᠨᠡᠩ ᠢᠯᠠᠩᠭᠤᠶ᠎ᠠ ᠮᠠᠷᠲᠠᠭᠳᠠᠰᠢ ᠦᠭᠡᠢ ᠪᠤᠯᠤᠭᠰᠠᠨ ᠶᠠᠪᠤᠳᠠᠯ ᠪᠤᠯ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠨᠢᠬᠡᠳᠦᠯᠳᠡᠢ ᠦᠢᠯᠡ ᠠᠵᠢᠯᠯᠠᠭ᠎ᠠ ᠪᠠ ᠢᠯᠠᠭᠤᠭᠰᠠᠨ ᠦᠷ᠎ᠡ ᠪᠦᠲᠦᠭᠡᠯ ᠢᠶᠠᠷ ᠢᠶᠠᠨ ᠳᠤᠮᠳᠠᠳᠤ ᠤᠯᠤᠰ  ᠤᠨ ᠡᠪ ᠬᠠᠮᠳᠤ ᠨᠠᠮ ᠤᠨ ᠤᠳᠤᠷᠢᠳᠤᠯᠭ᠎ᠠ ᠪᠠ ᠨᠠᠶᠢᠬᠡᠮ ᠵᠢᠷᠤᠮᠳᠤ ᠪᠠᠶᠢᠭᠤᠯᠤᠯ ᠤᠨ ᠢᠯᠡᠳᠳᠡ ᠳᠠᠪᠠᠭᠤᠯᠢᠭ ᠢ ᠢᠯᠡᠷᠡᠬᠦᠯᠪᠡ᠃ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠥᠨᠳᠥᠷ ᠰᠦᠷᠯᠢᠭ ᠣᠷᠳᠣ ᠴᠠᠭᠠᠨ ᠬᠡᠷᠡᠮ ᠢ ᠴᠣᠭᠴᠠᠯᠠᠵᠤ᠂ ᠬᠢᠵᠢᠭ ᠤᠨ ᠪᠠᠶᠢᠳᠠᠯ ᠤᠨ ᠪᠦᠷᠬᠦᠭ ᠮᠠᠨᠠᠨ ᠢ ᠠᠮᠵᠢᠯᠲᠠ ᠲᠠᠢ ᠠᠷᠢᠯᠭᠠᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ