2022 ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2022/3/15
      ᠬᠥᠯᠤᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠤᠨ ᠤᠨ ᠲᠥᠯᠤᠭᠡᠯᠩᠴᠢᠤᠨ ᠤᠨ       ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠳᠤᠯᠤᠭ᠎ᠠ︶       — 2022 ᠤᠨ ᠤ 2 ᠰᠠᠷ᠎ᠠ ᠶᠢᠨ 25 ᠤ ᠡᠳᠤᠷ ᠬᠥᠯᠤᠨ ᠪᠤᠶᠢᠷ ᠬᠤᠳᠠ ᠶᠢᠨ ᠲᠠᠪᠤᠳᠤᠭᠠᠷ       ᠬᠤᠭᠤᠴᠠᠭᠠᠨ ᠤ ᠠᠷᠠᠤᠨ ᠤᠨ ᠲᠥᠯᠤᠭᠡᠯᠩᠴᠢᠤᠨ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠠ                     ᠬᠥᠯᠤᠨ ᠪᠤᠶᠢᠷ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ                     ᠤᠷᠤᠯᠠᠭᠴᠢ ᠬᠤᠳᠠ ᠶᠢᠨ ᠲᠠᠷᠤᠭ᠎ᠠ          ᠵᠢᠢ ᠶᠦᠩ ᠴᠢᠶᠠᠨ       ᠲᠥᠯᠤᠭᠡᠯᠩᠴᠢᠤᠨ ᠡ᠄       ᠤᠳᠥ᠂ ᠪᠢ ᠬᠦᠯᠦᠨ ᠪᠤᠶᠢᠷ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠡᠮᠤᠨ᠎ᠠ ᠠᠴᠠ ᠶᠡᠭᠡ ᠬᠤᠷᠠᠯ ᠳᠤ ᠠᠵᠢᠯ ᠢᠶᠠᠨ ᠮᠡᠳᠠᠭᠦᠯᠤᠶ᠎ᠠ᠂ ᠬᠢᠨᠡᠨ ᠵᠥᠪᠯᠡᠬᠦ ᠪᠤᠯᠪᠡᠤ᠂ ᠲᠠᠷᠠᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠤᠨ ᠪᠤᠯᠤᠨ ᠬᠤᠷᠠᠯ ᠳᠤ ᠰᠤᠯᠨ ᠤᠷᠤᠯᠴᠬᠠᠰᠡᠨ ᠨᠥᠭᠦᠤᠨ ᠰᠠᠨᠠᠯ ᠢᠶᠠᠨ ᠲᠤᠷᠠᠤᠬᠠᠥ ᠪᠤᠯᠪᠠᠥ᠃       ᠨᠢᠭᠡ᠂ ᠬᠤᠲᠠ ᠶᠢᠨ ᠳᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠡᠷᠭᠢᠴᠡᠭᠦᠯᠦᠯ       ᠬᠦᠯᠦᠨ ᠪᠤᠶᠢᠷ ᠬᠤᠲᠠ ᠶᠢᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠳᠦᠷᠪᠡᠨ ᠵᠢᠯ ᠪᠤᠯ ᠮᠠᠨ ᠤ ᠬᠤᠲᠠ ᠶᠢᠨ ᠬᠦᠭᠵᠢᠯᠲᠡ ᠶᠢᠨ ᠠᠬᠢᠴᠠ ᠳᠤᠮᠳᠠᠬᠢ ᠲᠦᠢᠯ ᠤᠨ ᠶᠡᠷᠦ ᠪᠤᠰᠤ ᠶᠢᠨ ᠳᠦᠷᠪᠡᠨ ᠵᠢᠯ ᠪᠤᠯᠤᠨ᠎ᠡ᠃ ᠳᠤᠲᠤᠭᠠᠳᠤ ᠭᠠᠳᠠᠭᠠᠳᠤ ᠶᠢᠨ ᠲᠦᠪᠡᠭ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠲᠠ ᠶᠢᠨ ᠵᠠᠰᠠᠭ ᠤᠨ ᠤᠷᠳᠤᠨ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠦᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠭᠦᠭᠵᠢᠯᠲᠡ ᠶᠢᠨ ᠤᠨᠤᠯᠵᠢᠬᠤᠨ ᠢ ᠪᠦᠷᠢᠨ᠂ ᠤᠨᠤᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠢᠯᠡᠴᠢᠯᠡᠭᠡ ᠶᠢ ᠰᠢᠨ᠎ᠡ ᠭᠦᠭᠵᠢᠯᠲᠡ ᠶᠢᠨ ᠲᠤᠭᠲᠠᠮᠵᠢ ᠳᠤ ᠠᠭᠤᠰᠤᠯᠴᠠᠭᠤᠯᠵᠤ᠂ ᠦᠪᠡᠷᠲᠡᠭᠡᠨ ᠵᠠᠰᠠᠬᠤ ᠤᠷᠤᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠭᠠᠳ᠂ ᠪᠦᠬᠦ ᠤᠯᠤᠰ ᠪᠦᠬᠦ ᠤᠷᠤᠨ ᠲᠠᠢ ᠴᠤᠭᠭᠠᠷ ᠴᠢᠨᠡᠭᠡᠯᠢᠭ ᠨᠡᠶᠢᠭᠡᠮ ᠢ ᠲᠤᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠢ ᠠᠮᠵᠢᠯᠲᠠ ᠲᠠᠢ ᠪᠠᠷ ᠰᠡᠭᠦᠯ ᠬᠤᠷᠢᠶᠠᠨ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠭᠡᠳ᠂ ᠬᠦᠯᠦᠨ ᠪᠤᠶᠢᠷ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃       ︵ᠨᠢᠭᠡ︶ ᠠᠵᠤ ᠠᠬᠤᠢ ᠶᠢᠨ ᠬᠦᠭᠵᠢᠯᠲᠡ ᠲᠤᠭᠲᠠᠭᠤᠨ ᠤ ᠳᠠᠭᠠᠤ ᠳᠤ ᠠᠬᠢᠯᠲᠠ ᠲᠠᠢ ᠪᠣᠯᠪᠠ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠮᠢᠩᠭᠠᠨ ᠳ᠋ᠦᠩᠰᠢᠭᠤᠷ ᠲᠦᠭᠦᠷᠢᠭ ᠠᠴᠠ ᠳᠡᠭᠡᠭᠰᠢ ᠳᠤ ᠦᠷᠬᠦᠯᠵᠢᠯᠡᠨ ᠲᠤᠭᠲᠠᠪᠤᠷᠢᠵᠢᠭᠤᠯᠵᠤ᠂ ᠡᠩ ᠤᠨ ᠤᠯᠠᠨ ᠨᠠᠶᠢᠲᠡ ᠶᠢᠨ ᠲᠦᠰᠦᠪ ᠤᠨ ᠤᠷᠤᠯᠭ᠎ᠠ ᠵᠠᠭᠤᠨ ᠳ᠋ᠦᠩᠰᠢᠭᠤᠷ ᠲᠦᠭᠦᠷᠢᠭ ᠲᠤ ᠤᠶᠢᠷᠠᠲᠤᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ ᠪᠠᠷ 5.4% ᠪᠠ 9.5% ᠨᠡᠮᠡᠭᠳᠡᠪᠡ᠃ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠬᠡᠮᠵᠢᠶ᠎ᠡ ᠲᠤᠭᠲᠠᠭᠤᠨᠵᠢᠨ ᠴᠢᠨᠠᠷ ᠰᠠᠶᠢᠵᠢᠷᠠᠵᠤ᠂ ᠠᠮᠤ ᠪᠤᠳᠠᠭ᠎ᠠ ᠮᠠᠯ ᠠᠵᠤ ᠠᠬᠤᠢ ᠶᠢᠨ ᠦᠢᠯᠡᠳᠪᠦᠷᠢᠯᠡᠯ ᠦᠷᠭᠦᠯᠵᠢᠯᠡᠨ ᠲᠤᠭᠲᠠᠭᠤᠨᠵᠢᠵᠤ ᠦᠷᠬᠦᠯᠵᠢᠯᠡᠨ ᠡᠯᠪᠡᠭ ᠬᠤᠷᠢᠶᠠᠯᠲᠠ ᠣᠯᠵᠤ᠂ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ 8 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠳᠡᠮᠳᠡᠭ ︽ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠶ ᠲᠥᠷᠥᠯ ᠳᠡᠮᠳᠡᠭ︾ ᠢᠶᠠᠷ ᠰᠤᠩᠭᠤᠭᠳᠠᠪᠠ᠃ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠬᠠᠭᠤᠴᠢᠨ ᠬᠦᠳᠡᠯᠭᠡᠬᠦ ᠡᠨᠧᠷᠭᠢ ᠶᠢᠨ ᠰᠢᠯᠵᠢᠯᠲᠡ ᠲᠦᠷᠭᠡᠰᠴᠦ᠂ ᠴᠢ ᠯᠦ᠂ ᠢᠯᠢ᠂ ᠹᠦ᠋ ᠹᠧᠩ ᠵᠡᠷᠭᠡ ᠬᠡᠯᠬᠢᠶ᠎ᠡ ᠶᠢ ᠴᠢᠩᠭᠠᠷᠠᠭᠤᠯᠤᠨ ᠬᠡᠯᠬᠢᠶ᠎ᠡ ᠶᠢ ᠨᠦᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠤᠷᠤᠭᠰᠢᠲᠠᠢ ᠪᠠᠷ ᠠᠰᠢᠭᠯᠠᠯᠲᠠ ᠳᠤ ᠤᠷᠤᠵᠤ᠂ ᠲᠤᠨᠤᠭᠯᠠᠯ ᠦᠢᠯᠡᠳᠬᠦ ᠦᠢᠯᠡᠰ ᠠᠯᠬᠤᠮ ᠠᠯᠬᠤᠮ ᠢᠶᠠᠷ ᠬᠦᠴᠦᠷᠬᠡᠭᠵᠢᠵᠦ᠂ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ 140 ᠲᠦᠮᠡᠨ ᠺᠢᠯᠤᠸᠠᠲ ᠢ ᠳᠠᠪᠠᠪᠠ᠃ ᠪᠦᠬᠦ ᠪᠦᠰᠡ ᠪᠦᠬᠦ ᠤᠯᠠᠷᠢᠯ ᠪᠦᠬᠦ ᠦᠢᠯᠡᠰ ᠤᠨ ᠵᠢᠭᠤᠯᠴᠢᠯᠠᠯ ᠪᠦᠬᠦ ᠲᠠᠯ᠎ᠠ ᠪᠠᠷ ᠬᠥᠭᠵᠢᠵᠦ᠂ ᠪᠦᠬᠦ ᠤᠯᠤᠰ ᠤᠨ ︽ᠮᠥᠰᠥ ᠴᠠᠰᠤᠨ ᠤ ᠵᠢᠭᠤᠯᠴᠢᠯᠠᠯ ᠤᠨ ᠠᠷᠪᠠᠨ ᠰᠤᠳᠤᠨ ᠬᠤᠳᠠ︾ ᠳᠤ ᠣᠷᠣᠵᠠᠢ᠃ ᠨᠡᠶᠢᠳᠡᠮ ᠬᠡᠷᠡᠭᠯᠡᠭᠡᠨ ᠤ ᠠᠭᠠᠷ ᠠᠶᠠᠯᠠᠯ᠂ ᠨᠢᠰᠭᠡᠯ ᠤᠨ ᠪᠠᠭᠤᠳᠠᠯ ᠤᠨ ᠲᠤᠭᠤᠷᠢᠨ᠂ ᠲᠤᠮᠤ ᠳ᠋ᠠᠶᠢᠲ᠋ᠠ᠂ ᠠᠵᠤ ᠦᠢᠯᠡᠳᠪᠦᠷᠢ ᠶᠢᠨ ᠦᠢᠯᠡᠳᠬᠦᠨ ᠤ ᠬᠦᠢᠳᠡᠨ ᠳᠤ ᠳᠠᠭᠠᠭᠠᠮᠠᠭᠠᠢ ᠴᠢᠨᠠᠷ ᠤᠨ ᠰᠢᠯᠭᠠᠨ ᠬᠡᠮᠵᠢᠯᠲᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠦᠷᠬᠦᠯᠵᠢᠯᠡᠨ ᠬᠦᠭᠵᠢᠵᠦ᠂ ᠬᠢᠯᠢ ᠠᠯᠤᠰᠯᠠᠭᠰᠠᠨ ᠴᠠᠬᠢᠮ ᠬᠤᠳᠠᠯᠳᠤᠭ᠎ᠠ᠂ ᠨᠡᠶᠢᠭᠡᠮ ᠲᠣᠭᠤᠷᠢᠭ ᠤᠨ ᠬᠠᠮᠲᠤ ᠪᠠᠷ ᠬᠤᠳᠠᠯᠳᠤᠨ ᠠᠪᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ ᠵᠡᠷᠭᠡ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠥᠷᠨᠢᠩᠭᠦᠶ ᠬᠥᠭᠵᠢᠪᠡ᠃       ︵ᠬᠤᠶᠠᠷ︶ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠢ ᠰᠢᠭᠤᠶ ᠶᠢᠨ ᠪᠦᠷᠬᠦᠯᠲᠡ ᠶᠢᠨ ᠨᠤᠷᠮ᠎ᠠ᠂ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ︽ᠬᠤᠤᠰ ᠳᠡᠭᠡᠭᠰᠢᠯ︾ ᠢ ᠪᠡᠶᠡᠯᠡᠭᠦᠯᠵᠦ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠲᠠᠯᠠᠪᠠᠢ ᠶᠢᠨ ︽ᠬᠤᠤᠰ ᠪᠠᠭᠠᠰᠤᠯ︾ ᠢ ᠪᠡᠶᠡᠯᠡᠭᠦᠯᠪᠡ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠪᠠ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠯᠲᠠ ᠰᠢᠨ᠎ᠡ ᠠᠬᠢᠯᠲᠠ ᠲᠠᠢ ᠪᠤᠯᠵᠤ᠂ ᠤᠰᠤᠨ ᠤ ᠴᠠᠷᠠᠭ᠎ᠠ ᠶᠢᠨ ᠲᠠᠯᠠᠪᠠᠢ ᠶᠢ ᠵᠣᠬᠢᠰᠲᠠᠢ ᠬᠡᠪᠴᠢᠶᠡᠨ ᠳᠣᠲᠤᠷ᠎ᠠ ᠪᠠᠲᠤᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠦᠲᠦᠮᠵᠢᠲᠡᠢ ᠰᠡᠷᠭᠦᠭᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠵᠤ᠂ ᠬᠤᠲᠠ ᠶᠢᠨ ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠪᠥᠬᠦ ᠣᠷᠣᠨ ᠳᠤ ᠲᠡᠷᠢᠭᠦᠯᠡᠵᠦ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠰᠢᠯᠭᠠᠯᠲᠠ ᠶᠢᠨ ᠣᠭᠲᠣᠯᠤᠭᠠᠰᠤ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠬᠤ ᠪᠠ ᠬᠦᠨᠳᠦ ᠲᠡᠮᠦᠷᠯᠢᠭ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠬᠢᠷᠲᠤᠯ ᠦᠭᠡᠢ ᠠᠭᠤᠷᠬᠠᠶ ᠶᠢ 32 ᠡᠷᠦᠬᠡ᠂ ᠪᠣᠬᠢᠷᠲᠤᠯ ᠦᠭᠡᠢ ᠦᠢᠯᠡᠳᠪᠦᠷᠢ ᠶᠢ 6 ᠡᠷᠦᠬᠡ ᠪᠠᠶᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠲᠤᠲᠠᠢ ᠥᠷᠨᠢᠭᠦᠯᠵᠦ᠂ ᠪᠦᠬᠦ ᠤᠯᠤᠰ ᠤᠨ ᠤᠰᠤᠨ ᠤ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠴᠡᠭ ᠤᠨ ᠬᠤᠳᠠ ᠶᠢᠨ ᠪᠦᠳᠦᠭᠡᠨ ᠪᠠᠶᠢᠭᠤᠯᠤᠯᠲᠠ ᠨᠢ ᠤᠯᠤᠰ ᠤᠨ ᠰᠢᠯᠭᠠᠨ ᠠᠪᠤᠯᠲᠠ ᠶᠢ ᠦᠩᠭᠡᠷᠡᠭᠡᠭᠡᠳ᠂ ᠬᠠᠮᠤᠭ ᠠᠴᠠ ᠠᠮᠢ ᠠᠬᠤᠢ ᠶᠢᠨ ᠦᠷᠢᠰᠦᠯᠳᠦᠬᠦ ᠬᠦᠴᠦᠨ ᠲᠠᠢ ᠬᠤᠳᠠ ᠪᠠᠷ ᠨᠡᠷᠡᠶᠢᠳᠦᠭᠳᠡᠵᠦ᠂ ᠭᠡᠭᠡᠨ ᠭᠤᠣᠯ ᠬᠤᠳᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ ᠪᠠ ︽ᠬᠦᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃       ︵ᠭᠤᠷᠪᠠ︶ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠣᠯᠠᠨ ᠲᠠᠯ᠎ᠠ ᠪᠠᠷ ᠰᠢᠪᠲᠤᠯᠤᠯᠲᠠ ᠲᠠᠢ ᠪᠣᠯᠵᠣ᠂ ᠠᠵᠤ ᠠᠬᠤᠶᠢᠯᠠᠯ ᠳᠤ ᠬᠤᠯᠪᠤᠭᠳᠠᠭᠰᠠᠨ ᠵᠦᠢᠯᠡᠰ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠶᠡᠬᠡᠪᠡᠷ ᠪᠠᠭᠠᠰᠬᠠᠭᠠᠳ᠂ ︽ᠮᠦᠩᠬᠡ ᠰᠤᠪᠠᠭ · ᠳᠥᠷᠪᠡ ᠶᠢ ᠭᠦᠢᠴᠡᠳᠭᠡᠬᠦ︾ ᠦᠢᠯᠡᠴᠢᠯᠡᠭᠡ ᠨᠢ ᠠᠵᠤ ᠠᠬᠤᠶᠢᠯᠠᠯ ᠢ ᠬᠠᠷᠠᠭᠠᠯᠵᠠᠵᠤ ᠠᠷᠠᠳ ᠲᠤ ᠲᠥᠬᠦᠮ ᠦᠵᠡᠭᠦᠯᠬᠦ ︽ᠬᠤᠷᠳᠤᠴᠠ︾ ᠶᠢ ᠲᠦᠷᠭᠡᠳᠬᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ ᠵᠢᠯ ᠳᠠᠷᠠᠭᠠᠯᠠᠨ ᠳᠡᠭᠡᠭᠰᠢᠯᠡᠪᠡ᠃ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠲᠠᠷᠢᠶᠠᠯᠠᠬᠤ ᠮᠠᠯᠵᠢᠬᠤ ᠣᠷᠣᠨ᠂ ᠰᠢᠭᠤᠶᠢᠲᠤ ᠣᠷᠣᠨ ᠬᠠᠭᠠᠯᠪᠤᠷᠢᠯᠠᠯᠲᠠ ᠶᠢᠨ ᠤᠷᠤᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠪᠠᠲᠤᠲᠠᠢ ᠠᠬᠢᠪᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠥᠪᠥᠷ ᠮᠣᠩᠭᠤᠯ ᠤᠨ ᠬᠦᠢᠲᠡᠨ ᠭᠠᠵᠠᠷ ᠤᠨ ᠮᠥᠰᠥ ᠴᠠᠰᠤᠨ ᠤ ᠠᠭᠤᠷ ᠠᠮᠢᠰᠬᠤᠯ ᠤᠨ ᠰᠤᠳᠤᠯᠭᠠᠨ ᠤ ᠲᠥᠪ ᠢ ᠵᠣᠬᠢᠶᠠᠨ ᠪᠠᠶᠢᠭᠤᠯᠵᠤ ᠠᠵᠢᠯᠯᠠᠭᠤᠯᠪᠠ᠃ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠤᠷᠤᠭᠰᠢᠲᠠᠶ ᠠᠬᠢᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠶᠢ ᠭᠠᠳᠠᠭᠠᠲᠤ ᠠᠴᠠ ᠤᠷᠤᠭᠤᠯᠬᠤ ᠲᠤᠷᠰᠢᠯᠲᠠ ᠶᠢᠨ ᠴᠡᠭ ᠠᠮᠵᠢᠯᠲᠠ ᠲᠠᠢ ᠪᠠᠷ ᠵᠦᠪᠰᠢᠶᠡᠷᠡᠭᠳᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠦᠷᠦ ᠶᠢᠨ ᠪᠤᠳᠤᠯᠭ᠎ᠠ ᠶᠢᠨ ᠲᠦᠭᠡᠮᠡᠯ ᠬᠠᠷᠠᠭᠠᠯᠵᠠᠯ ᠢ ᠪᠦᠷᠬᠦᠭᠦᠯᠵᠦ᠂ ᠡᠪᠦᠳᠦᠭ᠂ ᠠᠷᠤᠬᠠᠰᠢᠶᠠᠲᠤ ᠪᠤᠭᠤᠮᠲᠠ ᠵᠢᠯ ᠲᠤᠷᠰᠢ ᠨᠡᠭᠡᠭᠡᠬᠦ ᠶᠢ ᠪᠡᠶᠡᠯᠡᠭᠦᠯᠵᠦ᠂ ᠬᠦᠯᠦᠨ ᠪᠤᠶᠢᠷ ᠤᠨ ᠢᠳᠡᠰᠢᠨ ᠮᠦᠭᠦ ᠡᠸᠦ᠋ᠷᠦᠫᠡ ᠤᠨ ᠵᠠᠬ᠎ᠠ ᠳᠡᠯᠭᠡᠭᠦᠷ ᠲᠤ ᠭᠠᠷᠴᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠲᠦᠮᠡ ᠭᠠᠷᠤᠢ ᠴᠤᠪᠤᠭ᠎ᠠ ᠨᠡᠪᠲᠡᠷᠡᠵᠦ᠂ ᠪᠦᠬᠦ ᠤᠯᠤᠰ ᠤᠨ ᠬᠢᠯᠢ ᠳᠠᠭᠠᠤ ᠪᠤᠭᠤᠮᠲᠠ ᠶᠢᠨ ᠲᠡᠷᠢᠭᠦᠨ ᠳᠤ ᠤᠷᠤᠪᠠ᠃ ᠭᠠᠳᠠᠭᠠᠳᠤ ᠯᠤᠭ᠎ᠠ ᠶᠢᠨ ᠨᠦᠬᠦᠷᠰᠡᠭ ᠶᠠᠪᠤᠯᠴᠠᠭ᠎ᠠ ᠰᠢᠨ᠎ᠡ ᠠᠬᠢᠴᠠ ᠲᠠᠢ ᠪᠤᠯᠵᠤ᠂ ᠤᠯᠠᠨ ᠤᠯᠤᠰ ᠤᠨ ᠨᠦᠬᠦᠷᠰᠡᠭ ᠬᠤᠲᠠ 3 ᠬᠤᠤᠰ ᠰᠢᠨ᠎ᠡ ᠪᠠᠷ ᠨᠡᠮᠡᠭᠳᠡᠪᠡ᠃ ᠬᠦᠯᠦᠨ ᠪᠤᠶᠢᠷ ᠬᠤᠲᠠ — ᠬᠢᠩᠭᠠᠨ ᠠᠶᠢᠮᠠᠭ ᠤᠨ ᠤᠷᠤᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠤᠷᠤᠨ ᠨᠤᠲᠤᠭ ᠠᠵᠤ ᠠᠬᠤᠶᠢᠯᠠᠯ ᠬᠠᠮᠲᠤᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠦᠷᠭᠡᠳᠭᠡᠪᠡ᠃       ︵ᠳᠦᠷᠪᠡ︶ ᠬᠤᠲᠠ ᠬᠦᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠲᠦᠪ ᠬᠤᠲᠠ ᠶᠢᠨ ᠲᠤᠭᠤᠷᠢᠭ ᠢ ᠬᠤᠯᠪᠤᠯᠳᠤᠭᠤᠯᠤᠨ ᠬᠦᠭᠵᠢᠭᠦᠯᠵᠦ ᠂ ᠬᠤᠲᠠ ᠶᠢ ᠰᠢᠨᠡᠳᠭᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ 624 ᠲᠦᠷᠦᠯ ᠵᠦᠢᠯ ᠢ ᠬᠡᠷᠡᠭᠵᠢᠭᠦᠯᠪᠡ᠃ ᠵᠠᠰᠠᠮᠠᠯ ᠵᠠᠮ ᠤᠨ ᠶᠡᠷᠦᠩᠬᠡᠢ ᠤᠷᠲᠤ 1334 ᠺᠢᠯᠣᠮᠧᠲᠷ ᠨᠡᠮᠡᠭᠳᠡᠵᠦ᠂ ︽ᠲᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠪᠠᠲᠤᠲᠠᠢ ᠦᠷ᠎ᠡ ᠪᠦᠲᠦᠮᠵᠢ ᠤᠯᠵᠤ᠂ ᠬᠠᠶᠢᠯᠠᠷ — ᠮᠠᠨᠵᠤᠤᠷ ᠵᠡᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠷᠤᠭᠰᠢᠲᠠᠢ ᠠᠬᠢᠪᠠ᠃ ︽ᠴᠢᠴᠢᠬᠠᠷ — ᠬᠠᠶᠢᠯᠠᠷ — ᠮᠠᠨᠵᠤᠤᠷ︾ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠯᠠᠪᠳᠠᠭᠤᠨ ᠢᠶᠠᠷ ᠠᠬᠢᠪᠠ᠃ ᠬᠠᠶᠢᠯᠠᠷ ᠤᠨ ᠨᠢᠰᠭᠡᠯ ᠤᠨ ᠪᠠᠭᠤᠳᠠᠯ ᠤᠨ T1 ᠠᠭᠠᠷ ᠤᠨ ᠠᠶᠠᠯᠠᠯ ᠤᠨ ᠦᠷᠲᠡᠭᠡᠨ ᠤ ᠠᠰᠠᠷ ᠤᠨ ᠦᠭᠡᠷᠡᠴᠢᠯᠡᠨ ᠪᠠᠶᠢᠭᠤᠯᠤᠯᠲᠠ ᠶᠢ ᠪᠡᠶᠡᠯᠡᠭᠦᠯᠵᠦ᠂ ᠠᠷᠤᠨ ᠬᠤᠰᠢᠭᠤ᠂ ᠮᠤᠷᠢᠨᠳᠠᠪᠠᠭ᠎ᠠ ᠲᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠨᠢᠰᠭᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠵᠦ᠂ ︽4+6︾ ᠶᠢᠨ ᠨᠢᠰᠭᠡᠯ ᠤᠨ ᠪᠠᠭᠤᠳᠠᠯ ᠤᠨ ᠪᠦᠯᠦᠭᠵᠢᠯ ᠤᠨ ᠪᠠᠶᠢᠷᠢᠰᠢᠭᠤᠯᠤᠯᠲᠠ ᠠᠩᠬ᠎ᠠ ᠠᠯᠬᠤᠮ ᠪᠦᠷᠢᠯᠳᠦᠪᠡ᠃ ᠵᠠᠳᠤᠨ ᠤᠰᠤᠨ ᠠᠰᠢᠭᠯᠠᠯᠲᠠ ᠶᠢᠨ ᠭᠦᠢᠰᠦ ᠶᠢᠨ ᠬᠠᠭᠠᠯᠲᠠ ᠶᠢ ᠪᠠᠭᠤᠯᠭᠠᠵᠤ ᠤᠰᠤ ᠬᠠᠳᠠᠭᠠᠯᠠᠪᠠ᠃ ᠲᠦᠪ ᠬᠤᠲᠠ ᠶᠢᠨ ᠲᠤᠭᠤᠷᠢᠭ ᠪᠠ ᠬᠤᠰᠢᠭᠤ ᠬᠤᠲᠠ ᠲᠤᠭᠤᠷᠢᠭ ᠤᠨ ᠭᠤᠤᠯᠳᠠᠯᠭ᠎ᠠ ᠲᠠᠢ ᠰᠢᠶᠠᠩ ᠪᠠᠯᠭᠠᠰᠤᠨ ᠳᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠲᠠᠷᠢᠶᠠᠯᠠᠬᠤ ᠮᠡᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 10.8 ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ᠂ ᠵᠠᠯᠠᠨ ᠠᠶᠢᠯ ᠬᠤᠲᠠ ᠪᠦᠬᠦ ᠤᠯᠤᠰ ᠤᠨ ᠠᠶᠢᠯ ᠲᠤᠰᠬᠤᠨ ᠢ ᠴᠡᠪᠡᠷᠰᠢᠭᠦᠯᠬᠦ ᠠᠵᠢᠯᠯᠠᠭ᠎ᠠ ᠶᠢᠨ ᠲᠡᠷᠢᠭᠦᠨ ᠤ ᠰᠢᠶᠠᠨ ᠤ ᠴᠤᠯᠠ ᠶᠢ ᠦᠩᠭᠡ ᠭᠡᠷᠡᠯ ᠲᠠᠢ ᠪᠠᠷ ᠬᠦᠷᠲᠡᠪᠡ᠃       ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠨᠠᠩ ᠨᠡᠮᠡᠭᠳᠡᠪᠡ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠬᠤᠪᠢ ᠶᠢᠨ ᠵᠢᠩ 6 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠠᠴᠠ ᠥᠨᠳᠥᠷ ᠪᠠᠶᠢᠪᠠ᠃ 32 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 2380 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠂ ᠡᠭᠦᠨ ᠳᠤ᠂ ᠪᠡᠭᠡᠵᠢᠩ ᠦᠪᠦᠷ ᠮᠣᠩᠭᠤᠯ ᠤᠨ ᠬᠤᠭᠤᠷᠤᠨᠳᠤᠬᠢ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠢᠯ 286 ᠪᠤᠢ᠃ ᠪᠥᠬᠦ ᠬᠤᠲᠠ ᠶᠢᠨ 13.1 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠪᠠ᠃ ᠬᠤᠳᠠ ᠪᠠᠯᠭᠠᠰᠤᠨ ᠤ 9.16 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠢᠮᠠᠭᠲᠠ 4% ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢᠨ ᠬᠠᠮᠤᠷᠬᠤ ᠬᠡᠪᠴᠢᠶ᠎ᠡ ᠶᠢ ᠠᠯᠬᠤᠮ ᠴᠢᠨᠠᠭᠰᠢᠲᠠ ᠥᠷᠭᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 25% ᠪᠠ 36% ᠳᠡᠭᠡᠭᠰᠢᠯᠡᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ 14 ᠬᠤᠰᠢᠭᠤ ᠬᠤᠲᠠ ᠲᠣᠭᠤᠷᠢᠭ ᠪᠦᠬᠦᠨ ᠢᠶᠠᠷ ᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠦᠨᠡᠯᠡᠨ ᠵᠢᠱᠢᠯᠲᠡ ᠶᠢ ᠦᠩᠭᠡᠷᠡᠭᠡᠪᠡ᠃ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠵᠤ᠂ ︽ᠠᠷᠪᠠᠨ ᠳᠦᠷᠪᠡᠳᠦᠭᠡᠷ ᠡᠪᠦᠯ︾ ᠤᠨ ᠪᠡᠯᠡᠳᠬᠡᠯ ᠡᠭᠦᠷᠭᠡ ᠶᠢ ᠪᠡᠶᠡᠯᠡᠭᠦᠯᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠬᠦ ᠶᠣᠰᠣᠲᠠᠶ ᠶᠢ ᠨᠢ ᠪᠦᠬᠦᠨ ᠢ ᠬᠡᠷᠡᠭᠵᠢᠭᠦᠯᠪᠡ᠃ ᠤᠯᠠᠭᠠᠨᠮᠥ᠋ᠴᠢᠷ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠰ ᠥᠷᠨᠢᠩᠭᠦᠶ ᠬᠥᠭᠵᠢᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ