︵ᠵᠢᠷᠭᠤᠭ᠎ᠠ︶ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨᠵᠢᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠳᠤ ᠦᠷᠭᠦᠯᠵᠢᠯᠡᠨ ᠢᠯᠠᠯᠲᠠ ᠣᠯᠵᠤ᠂ ᠠᠷᠠᠳ ᠤᠯᠠᠨ ᠤ ᠠᠮᠢ | ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠲᠦᠮᠵᠢᠲᠡᠢ ᠪᠠᠲᠤᠯᠠᠪᠠ᠃ ᠠᠮᠤᠭᠤᠯᠠᠩᠲᠤ ᠬᠦᠯᠦᠨ ᠪᠤᠶᠢᠷ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠵᠤ᠂ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠦᠷᠨᠢᠭᠦᠯᠪᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠤᠯᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠲᠦᠮᠵᠢᠲᠡᠢ ᠨᠠᠶᠢᠳᠠᠪᠤᠷᠢᠵᠢᠭᠤᠯᠤᠭᠠᠳ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠦᠷᠬᠦᠯᠵᠢᠯᠡᠨ ᠨᠡᠮᠡᠭᠳᠡᠭᠦᠯᠪᠡ᠃ ᠨᠡᠭᠦᠷᠡᠰᠦᠨ ᠤ ᠡᠬᠢ ᠪᠠᠶᠠᠯᠢᠭ᠂ ᠨᠤᠲᠤᠭ ᠪᠡᠯᠴᠢᠭᠡᠷ ᠰᠢᠭᠤᠶᠢᠲᠤ ᠭᠠᠵᠠᠷ ᠵᠡᠷᠭᠡ ᠬᠦᠷᠢᠶᠡᠨ ᠳᠠᠬᠢ | ᠲᠤᠰᠬᠠᠢ ᠴᠡᠭᠴᠡᠯᠡᠨ ᠵᠠᠰᠠᠯᠲᠠ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠴᠢᠬᠤᠯᠠ ᠶᠡᠭᠡ ᠦᠷ᠎ᠡ ᠪᠦᠲᠦᠭᠡᠯ ᠤᠯᠪᠠ᠃ ᠪᠦ᠋ᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠡᠭᠦᠳᠦᠨ ᠪᠠᠶᠢᠭᠤᠯᠤᠯᠲᠠ ︽ᠲᠠᠪᠤᠨ ᠵᠢᠯ ᠳᠠᠷᠠᠭᠠᠯᠠᠨ ᠲᠡᠷᠢᠭᠦᠯᠡᠬᠦ︾ ᠶᠢ ᠪᠡᠶᠡᠯᠡᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠬᠦᠮᠦᠰ ᠤᠨ ᠰᠡᠳᠭᠢᠯ ᠳᠤ ᠬᠠᠳᠠᠩᠰᠢᠭᠤᠯᠤᠨ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠰᠢᠨ᠎ᠡ ᠪᠠᠷᠭᠤ ᠵᠡᠭᠦᠨ | ᠬᠤᠰᠢᠭᠤ᠂ ᠤᠷᠴᠤᠨ ᠤ ᠦᠪᠡᠷᠲᠡᠭᠡᠨ ᠵᠠᠰᠠᠬᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠤ | ᠴᠤᠯᠠ ᠶᠢ ᠦᠩᠭᠡ ᠭᠡᠷᠡᠯ ᠲᠠᠢ ᠪᠠᠷ ᠬᠦᠷᠲᠡᠪᠡ᠃ | ᠳᠦᠷᠪᠡᠨ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠠᠰᠠᠷᠠᠨ ᠬᠠᠷᠠᠭᠠᠯᠵᠠᠬᠤ᠂ ᠴᠡᠷᠢᠭ ᠤᠨ | ᠠᠯᠪᠠ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠳᠤ ᠴᠦᠮ ᠰᠢᠨ᠎ᠡ ᠪᠦᠲᠦᠮᠵᠢ ᠤᠯᠵᠤ᠂ ᠭᠠᠳᠠᠭᠠᠳᠤ ᠶᠡᠪᠤᠳᠠᠯ | ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠭᠡᠯ ᠪᠠᠶᠢᠴᠠᠭᠠᠯᠲᠠ᠂ ᠰᠤᠨᠢᠨ ᠮᠡᠳᠡᠭᠡ ᠷᠠᠳᠢᠤ᠋ ᠲᠧᠯᠸᠢᠰ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ | ᠨᠢᠭᠤᠴᠠ ᠶᠢ ᠬᠠᠮᠠᠭᠠᠯᠠᠬᠤ᠂ ᠭᠠᠵᠠᠷ ᠬᠦᠳᠡᠯᠦᠯᠲᠡ ᠴᠠᠭ ᠠᠭᠤᠷ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ ᠠᠵᠢᠯ ᠦᠢᠯᠡᠰ ᠲᠤ ᠴᠥᠮ ᠰᠢᠨ᠎ᠡ ᠦᠷ᠎ᠡ | ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠰᠢᠨᠵᠢᠯᠡᠭᠡ ᠮᠡᠷᠭᠡᠵᠢᠯ ᠤᠨ | ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠤᠭᠠᠲᠤ ᠬᠤᠷᠠᠯ᠂ ᠵᠡᠮᠳᠡᠭᠴᠦᠳ ᠤᠨ ᠬᠤᠯᠪᠤᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ | ᠬᠤᠷᠠᠯ᠂ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ | ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠢᠯᠡᠷᠡᠪᠡ᠃ | ᠲᠥᠯᠥᠭᠡᠯᠡᠭᠴᠢᠳ ᠡ︕ ᠰᠠᠶ᠋ᠢᠬᠠᠨ ᠥᠩᠭᠡᠷᠡᠭᠰᠡᠨ 2021 ᠣᠨ ᠪᠣᠯ ᠨᠠᠮ ᠪᠠ ᠤᠯᠤᠰ ᠤᠨ ᠲᠡᠤᠬᠡᠨ ᠳᠡᠭᠡᠷᠡᠬᠢ ᠬᠦᠰᠢᠶ᠎ᠡ ᠳᠤᠷᠠᠰᠬᠠᠯ ᠤᠨ ᠠᠴᠢ | ᠬᠤᠯᠪᠤᠭᠳᠠᠯ ᠲᠠᠢ ᠨᠢᠭᠡ ᠵᠢᠯ ᠪᠤᠯᠤᠨ᠎ᠠ᠂ ᠮᠦᠨᠴᠦ ᠬᠦᠯᠦᠨ ᠪᠤᠶᠢᠷ ᠤᠨ ᠬᠦᠭᠵᠢᠯᠲᠡ ᠶᠢᠨ ᠲᠡᠤᠬᠡᠨ ᠳᠡᠭᠡᠷᠡᠬᠢ ᠦᠨᠡᠨ ᠪᠤᠳᠠᠲᠠᠢ ᠠᠵᠢᠯᠯᠠᠵᠤ᠂ ᠢᠯᠡᠳᠲᠡ ᠦᠷ᠎ᠡ | ᠪᠦᠲᠦᠮᠵᠢ ᠤᠯᠤᠭᠰᠠᠨ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠭᠡᠨᠡᠳᠲᠡ ᠡᠭᠦᠰᠴᠦ ᠳᠡᠯᠭᠡᠷᠡᠭᠰᠡᠨ ᠬᠢᠵᠢᠭ ᠤᠨ ᠪᠠᠶᠢᠳᠠᠯ ᠤᠨ ᠨᠦᠯᠦᠭᠡᠯᠡᠯ᠂ ᠲᠡᠦᠬᠡᠨ ᠳᠤ | ᠬᠤᠪᠣᠷ ᠲᠣᠬᠢᠶᠠᠯᠳᠤᠬᠤ ᠦᠶᠡᠷ ᠤᠰᠤᠲᠤᠯ ᠤᠨ ᠭᠠᠮᠰᠢᠭ ᠤᠨ ᠳᠠᠭᠠᠷᠢᠯᠲᠠ ᠪᠠ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ᠂ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠲᠠᠭᠤ ᠪᠡᠷᠬᠡᠰᠢᠶᠡᠯᠲᠡᠢ ᠡᠭᠦᠷᠭᠡ ᠶᠢᠨ ᠡᠮᠦᠨ᠎ᠡ᠂ ᠪᠢᠳᠡ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠦᠭᠡᠳ᠂ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠣᠶ ᠳᠤ ᠬᠢᠯᠪᠡᠷ ᠪᠤᠰᠤ ᠠᠵᠢᠯ ᠤᠨ ᠠᠮᠵᠢᠯᠲᠠ ᠣᠯᠤᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠬᠦᠴᠦᠨ ᠢ ᠲᠦᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠬᠦᠯᠢᠶᠡᠰᠦᠯᠡᠯ ᠢ | ᠰᠤᠯᠠᠯᠠᠨ ᠲᠡᠰ ᠳᠡᠪᠰᠢᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠵᠢᠱᠢᠯᠲᠡ ᠠᠴᠠ 2.5 ᠵᠠᠭᠤᠨ ᠤ ᠴᠡᠭ ᠳᠠᠪᠠᠵᠤ᠂ ᠳᠥᠷᠪᠡᠨ ᠵᠢᠯ ᠤᠨ ᠲᠤᠷᠰᠢᠬᠢ ᠣᠷᠭᠢᠯ | ᠬᠡᠮᠵᠢᠭᠳᠡᠯ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠵᠢᠭᠰᠠᠭᠠᠯᠲᠠ ᠳᠤ 5 ᠣᠷᠣᠨ ᠪᠠᠶᠢᠷᠢ ᠳᠠᠪᠰᠢᠪᠠ︔ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠴᠦᠮ ᠳᠦᠷᠪᠡᠨ ᠵᠢᠯ ᠤᠨ ᠲᠤᠷᠰᠢᠬᠢ ᠬᠠᠮᠤᠭ ᠦᠨᠳᠦᠷ ᠲᠦᠪᠰᠢᠨ ᠳᠤ ᠬᠦᠷᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 25.1%ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠲᠡᠷᠢᠭᠦᠯᠡᠪᠡ︔ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰ ᠪᠦᠷᠢ 2279 ᠲᠦᠭᠦᠷᠢᠭ ᠪᠠ 1762 ᠲᠦᠭᠦᠷᠢᠭ ᠨᠡᠮᠡᠭᠳᠡᠵᠦ᠂ ᠲᠤᠰ | ᠪᠦᠷᠢ 6.3% ᠪᠠ 9.9% ᠨᠡᠮᠡᠭᠳᠡᠪᠡ︔ ᠬᠤᠲᠠ ᠶᠢᠨ ᠳᠡᠰ ᠤᠨ 221 ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠡᠬᠢᠯᠡᠭᠦᠯᠦᠨ ᠰᠡᠷᠭᠦᠭᠡᠵᠦ᠂ 207. | 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠢᠶᠠᠨ ᠡᠬᠢᠯᠡᠭᠦᠯᠦᠨ ᠰᠡᠷᠭᠦᠭᠡᠭᠰᠡᠨ ᠨᠣᠷᠮ᠎ᠠ ᠪᠠ ᠪᠠᠯᠠ ᠣᠷᠣᠭᠤᠯᠤᠯᠲᠠ ᠶᠢ | ᠪᠡᠶᠡᠯᠡᠭᠦᠯᠦᠭᠰᠡᠨ ᠨᠣᠷᠮ᠎ᠠ ᠶᠢᠨ ︽ᠬᠤᠤᠰ ᠳᠡᠭᠡᠭᠰᠢᠯ︾ ᠢ ᠪᠡᠶᠡᠯᠡᠭᠦᠯᠪᠡ︔ ᠪᠣᠬᠢᠷᠲᠤᠯ ᠦᠭᠡᠢ ᠬᠦᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠲᠤᠭᠲᠠᠭᠤᠨ ᠤ ᠳᠠᠭᠠᠤ ᠳᠤ ᠰᠠᠶᠢᠵᠢᠷᠠᠵᠤ ᠪᠠᠶᠢᠭ᠎ᠠ ᠢᠳᠡᠪᠬᠢ ᠬᠦᠴᠦᠨ ᠵᠦᠢᠯ ᠢ ᠲᠠᠰᠣᠷᠠᠯᠲᠠ ᠦᠭᠡᠢ ᠬᠤᠷᠠᠮᠳᠤᠭᠤᠯᠵᠤ ᠦᠷᠬᠦᠯᠵᠢᠯᠡᠨ | ᠰᠠᠶᠢᠵᠢᠷᠠᠭᠤᠯᠪᠠ᠃ ᠠᠮᠤ ᠪᠤᠳᠠᠭᠠᠨ ᠤ ᠤᠨᠠᠯᠲᠠ 16.2 ᠳ᠋ᠦᠩᠰᠢᠭᠤᠷ ᠵᠢᠩ ᠨᠡᠮᠡᠭᠳᠡᠵᠦ᠂ ᠪᠥᠬᠦ ᠣᠷᠣᠨ ᠳᠤ 46% ᠶᠢᠨ ᠨᠡᠮᠡᠭᠳᠡᠯ ᠤᠨ ᠨᠡᠮᠡᠷᠢ ᠦᠵᠡᠭᠦᠯᠪᠡ᠃ | ᠡᠨᠧᠷᠭᠢ ᠶᠢᠨ ᠪᠦᠲᠦᠴᠡ ᠶᠢᠨ ︽ᠨᠡᠭᠦᠷᠡᠰᠦ ᠪᠠᠷ ᠭᠤᠤᠯᠯᠠᠭᠤᠯᠤᠭᠰᠠᠨ︾ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠳᠠᠪᠠᠭ᠎ᠠ ᠶᠢᠨ ᠵᠡᠭᠦᠨᠳᠡᠬᠢ ᠢ | ᠮᠦ ᠶᠢᠨ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠣᠭᠲᠠᠮᠠᠯ ᠭᠦᠶᠦᠳᠡᠯᠲᠦ ᠭᠠᠳᠠᠭᠰᠢ ᠬᠦᠷᠭᠡᠬᠦ ᠲᠥᠷᠥᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ᠃ ᠰᠤᠶᠤᠯ | ᠵᠢᠭᠤᠯᠴᠢᠯᠠᠯ ᠤᠨ ᠠᠵᠤ ᠦᠢᠯᠡᠰ ᠤᠨ ᠵᠦᠷᠢᠶᠡᠵᠢᠭᠰᠡᠨ᠂ ᠳᠡᠭᠡᠳᠦ ᠵᠡᠷᠭᠡᠯᠡᠯ ᠤᠨ ᠬᠥᠭᠵᠢᠯᠲᠡ ᠶᠢᠨ ᠠᠬᠢᠴᠠ ᠲᠦᠷᠭᠡᠳᠴᠦ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠵᠠᠮ ᠱᠤᠭᠤᠮ ᠨᠢ ᠰᠣᠶᠣᠯ ᠵᠢᠭᠤᠯᠴᠢᠯᠠᠯ ᠤᠨ ᠶᠠᠮᠤᠨ ᠤ ︽ᠮᠥᠰᠥ ᠴᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ︾ ᠰᠣᠳᠣᠨ ᠵᠠᠮ ᠱᠤᠭᠤᠮ ᠳᠤ ᠰᠣᠩᠭᠤᠭᠳᠠᠨ ᠣᠷᠣᠵᠤ᠂ ︽ᠬᠦᠯᠦᠨ ᠪᠤᠶᠢᠷ ᠨᠡᠷᠡᠮᠵᠢᠲᠦ︾ ᠲᠠᠯ᠎ᠠ | ᠨᠤᠲᠤᠭ ᠣᠶ ᠰᠢᠭᠤᠶ ᠶᠢᠨ ᠵᠢᠭᠤᠯᠴᠢᠯᠠᠯ ᠤᠨ ᠭᠠᠯᠲᠤ ᠲᠡᠷᠭᠡ ᠲᠤᠭᠲᠠᠭᠤᠨ ᠢᠶᠠᠷ ᠠᠵᠢᠯᠯᠠᠵᠤ᠂ ᠵᠠᠯᠠᠨ ᠠᠶᠢᠯ ᠲᠦᠷᠦᠭᠦᠤ ᠪᠦᠯᠦᠭ ᠤᠨ ᠤᠯᠤᠰ ᠤᠨ ᠲᠠᠰ ᠤᠨ | ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠤᠯᠪᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠪᠴᠢᠶᠡᠵᠢᠯ ᠤᠨ ᠨᠦᠯᠦᠭᠡᠯᠡᠯ᠂ | ᠪᠦᠯᠦᠭᠵᠢᠯ ᠤᠨ ᠨᠦᠯᠦᠭᠡᠯᠡᠯ ᠠᠩᠬ᠎ᠠ ᠢᠯᠡᠷᠡᠵᠦ᠂ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠦᠢᠯᠡᠰ ᠤᠨ ᠨᠥᠭᠡᠴᠡ ᠬᠦᠴᠦᠨ ᠨᠡᠮᠡᠭᠳᠡᠵᠦ᠂ ᠤᠯᠤᠰ ᠲᠠᠭᠠᠨ | ᠦᠢᠯᠡᠳᠪᠦᠷᠢᠯᠡᠭᠰᠡᠨ C919 ᠲᠤᠮᠤ ᠨᠢᠰᠬᠡᠯ ᠬᠠᠬᠢᠷ ᠬᠦᠢᠳᠡᠨ ᠤ ᠲᠤᠰᠬᠠᠢ ᠲᠤᠷᠰᠢᠯᠲᠠ ᠲᠤᠷᠰᠢᠨ ᠨᠢᠰᠦᠯᠲᠡ ᠶᠢ ᠪᠡᠶᠡᠯᠡᠭᠦᠯᠵᠦ᠂ ᠪᠣᠬᠢᠷᠲᠤᠯ ᠦᠭᠡᠢ ᠤᠳᠤ | ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃ ᠬᠦᠯᠦᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ | ᠪᠦᠯᠦᠭᠯᠡᠯ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠡᠵᠡᠩᠨᠡᠯᠲᠡ ᠶᠢᠨ ᠤᠷᠤᠯᠭ᠎ᠠ᠂ ᠬᠦᠷᠦᠩᠭᠡ ᠶᠢᠨ ᠶᠡᠷᠦᠩᠬᠡᠢ ᠲᠤᠭ᠎ᠠ ᠵᠡᠷᠭᠡ ᠭᠦᠢᠴᠡᠳᠭᠡᠯ ᠲᠤᠭ᠎ᠠ ᠨᠢ | ᠬᠠᠭᠠᠯᠪᠤᠷᠢᠯᠠᠯᠲᠠ ᠶᠢᠨ ᠤᠷᠤᠨ ᠪᠠᠶᠢᠭᠤᠯᠤᠭᠳᠠᠭᠰᠠᠨ ᠠᠴᠠ ᠨᠠᠰᠢᠬᠢ ᠰᠢᠨ᠎ᠡ ᠲᠦᠪᠰᠢᠨ ᠢ ᠡᠭᠦᠳᠴᠦ᠂ ᠠᠰᠢᠭ ᠤᠷᠤᠯᠭ᠎ᠠ ᠨᠢ ᠤᠷᠴᠢᠮ ᠤᠨ ᠠᠷᠪᠠᠨ ᠵᠢᠯ ᠤᠨ | ᠬᠠᠮᠤᠭ ᠦᠨᠳᠦᠷ ᠲᠦᠪᠰᠢᠨ ᠳᠤ ᠬᠦᠷᠪᠡ᠃ ᠬᠦᠯᠦᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠲᠤᠭᠲᠠᠮᠠᠯ ᠬᠦᠷᠦᠩᠭᠡ ᠶᠢᠨ ᠪᠡᠯᠡ | ᠤᠷᠤᠭᠤᠯᠤᠯᠲᠠ 71.1% ᠨᠡᠮᠡᠭᠳᠡᠵᠦ᠂ ᠶᠡᠷᠦᠩᠬᠡᠢ ᠰᠢᠯᠭᠠᠨ ᠦᠨᠡᠯᠡᠯᠲᠡ ᠨᠢ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 40 ᠤᠷᠤᠨ ᠪᠠᠶᠢᠷᠢ ᠳᠠᠪᠰᠢᠪᠠ᠃ | ᠨᠢᠭᠡ ᠵᠢᠯ ᠤᠨ ᠲᠤᠷᠰᠢ᠂ ᠪᠢᠳᠡ ᠬᠤᠳᠠ ᠪᠠᠶᠢᠭᠤᠯᠬᠤ ᠦᠨᠳᠦᠰᠦ ᠶᠢ ᠪᠠᠬᠢᠵᠢᠭᠦᠯᠵᠦ᠂ ᠪᠣᠬᠢᠷᠲᠤᠯ ᠦᠭᠡᠢ ᠰᠠᠭᠤᠷᠢ ᠨᠡᠩ ᠪᠠᠲᠤᠵᠢᠪᠠ᠃ ᠬᠥᠯᠥᠨ | ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠤᠷᠴᠢᠨ ᠲᠤᠭᠤᠷᠢᠨ ᠤ ᠬᠠᠮᠠᠭᠠᠯᠠᠯᠲᠠ ᠵᠠᠰᠠᠯᠲᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠵᠠᠰᠠᠯᠲᠠ ᠶᠢᠨ ᠲᠥᠰᠦᠯ ᠢ ᠤᠷᠤᠭᠰᠢᠲᠠᠶ ᠬᠡᠷᠡᠭᠵᠢᠭᠦᠯᠵᠦ᠂ 10 ᠲᠦᠷᠦᠯ ᠤᠨ ᠬᠠᠮᠠᠭᠠᠯᠠᠯᠲᠠ ᠵᠠᠰᠠᠯᠲᠠ ᠶᠢᠨ ᠲᠥᠷᠥᠯ ᠵᠦᠢᠯ ᠢ | ᠡᠬᠢᠯᠡᠭᠦᠯᠪᠡ᠃ 20 ᠲᠦᠮᠡᠨ ᠮᠥ ᠲᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠬᠦ ᠡᠭᠦᠷᠭᠡ ᠶᠢ ᠪᠠᠲᠤᠲᠠᠢ ᠠᠬᠢᠭᠤᠯᠵᠤ᠂ ᠪᠠᠶᠢᠭᠠᠯᠢ ᠶᠢᠨ ᠤᠢ ᠶᠢᠨ | ᠬᠠᠮᠠᠭᠠᠯᠠᠯᠲᠠ ᠶᠢᠨ ᠢᠨᠵᠧᠨᠧᠷᠢᠩ ᠢ 3572.7 ᠲᠦᠮᠡᠨ ᠮᠥ᠂ ᠣᠶᠢᠵᠢᠭᠤᠯᠤᠨ ᠨᠤᠭᠤᠭᠠᠷᠠᠭᠤᠯᠤᠯᠲᠠ ᠶᠢ 15.6 ᠲᠦᠮᠡᠨ ᠮᠥ᠂ ᠪᠡᠯᠴᠢᠭᠡᠷᠯᠡᠬᠦ ᠶᠢ ᠵᠤᠭᠰᠤᠭᠠᠨ | ᠡᠪᠡᠰᠦ ᠪᠡᠯᠴᠢᠭᠡᠷ ᠢ ᠰᠡᠷᠭᠦᠭᠡᠬᠦ ᠶᠢ 97.7 ᠲᠦᠮᠡᠨ ᠮᠥ ᠪᠡᠶᠡᠯᠡᠭᠦᠯᠵᠦ᠂ ᠤᠯᠤᠰ ᠤᠨ ᠳᠡᠰ ᠤᠨ 7 ᠨᠤᠭᠤ ᠭᠠᠵᠠᠷ ᠤᠨ ᠴᠡᠴᠡᠷᠯᠢᠭ ᠰᠢᠯᠭᠠᠨ ᠠᠪᠤᠯᠲᠠ ᠶᠢ | ᠦᠩᠭᠡᠷᠡᠭᠡᠪᠡ᠃ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠤᠣᠯ ᠨᠠᠭᠤᠷ ᠤᠨ ᠳᠠᠷᠤᠭ᠎ᠠ ᠶᠢᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠵᠤ | ᠬᠠᠮᠢᠶᠠᠷᠤᠨ ᠡᠵᠡᠮᠳᠡᠬᠦ ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ | ᠬᠤᠷᠠᠭᠤᠯᠬᠤ ᠲᠡᠩᠴᠡᠯ ᠢ 1.2 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠨᠡᠩ ᠲᠤᠭᠲᠠᠭᠤᠨᠵᠢᠭᠤᠯᠤᠨ ᠪᠠᠬᠢᠵᠢᠭᠦᠯᠪᠡ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ | ᠠᠵᠢᠯᠯᠠᠭ᠎ᠠ ᠶᠢᠨ ᠲᠥᠰᠦᠯ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠡᠨᠧᠷᠭᠢ ᠠᠷᠪᠢᠯᠠᠬᠤ | ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠤᠭᠳᠠᠯ ᠤᠨ ︽ᠬᠤᠤᠰ ᠡᠵᠡᠮᠳᠡᠯ︾ ᠤᠨ ︽ᠬᠤᠤᠰ | ᠪᠤᠬᠢᠷᠲᠤᠯ ᠦᠭᠡᠢ︾ ᠶᠢ ᠪᠠᠲᠤᠯᠠᠵᠤ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠵᠢᠱᠢᠯᠲᠡ ᠪᠠᠷ 7.5% ᠪᠠᠭᠤᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠪᠤᠭᠤᠮᠲᠠ ᠰᠢᠪᠲᠤᠯᠬᠤ ᠡᠷᠴᠢ ᠵᠣᠷᠢᠭ ᠢ ᠬᠦᠪᠴᠢᠯᠡᠵᠦ᠂ ᠥᠭᠡᠷᠡᠴᠢᠯᠡᠯᠲᠡ ᠨᠡᠭᠡᠭᠡᠯᠲᠡ ᠦᠯᠡᠮᠵᠢ ᠦᠷ᠎ᠡ ᠪᠦᠲᠦᠭᠡᠯ | ᠤᠯᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠪᠦᠬᠦᠯᠢ ᠴᠣᠭᠴᠠ ᠶᠢᠨ | ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠬᠦᠴᠦᠲᠡᠶ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠬᠤ ᠡᠷᠴᠢᠮ ᠢ ᠠᠯᠬᠤᠮ | ᠴᠢᠨᠠᠭᠰᠢᠲᠠ ᠴᠢᠩᠭᠠᠷᠠᠭᠤᠯᠵᠤ᠂ 37 ᠳ᠋ᠦᠩᠰᠢᠭᠤᠷ ᠲᠦᠭᠦᠷᠢᠭ ᠤᠨ ᠭᠠᠶᠢᠯᠢ ᠬᠦᠩᠭᠡᠯᠡᠵᠦ ᠰᠦᠢᠳᠬᠡᠯ ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ | ᠬᠡᠷᠡᠭᠯᠡᠬᠦ ᠥᠪᠡᠷ ᠤᠨ ᠦᠷᠳᠡᠭ ᠢ 1.7 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 2.6 ᠲᠦᠮᠡ ᠰᠢᠨ᠎ᠡ ᠪᠠᠷ | ᠨᠡᠮᠡᠭᠳᠡᠭᠦᠯᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ︽ᠰᠢᠨᠵᠢᠯᠡᠭᠡ ᠮᠡᠷᠭᠡᠵᠢᠯ ᠢᠶᠠᠷ ᠬᠤᠳᠠ ᠪᠠᠨ | ᠮᠠᠨᠳᠤᠭᠤᠯᠬᠤ︾ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠰᠢᠷ᠎ᠠ ᠪᠤᠷᠴᠠᠭ ᠤᠨ ᠰᠢᠯᠢᠳᠡᠭ ᠦᠷ᠎ᠡ ᠡᠳ᠋ ᠢ ᠠᠭᠤᠳᠠᠯᠬᠤ᠂ ᠰᠢᠨ᠎ᠡ ᠶᠢ ᠡᠭᠦᠳᠬᠦ ᠪᠠ | ᠠᠰᠢᠭᠯᠠᠬᠤ ᠲᠦᠷᠦᠯ ᠵᠦᠢᠯ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠳᠡᠵᠤ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠠᠮᠢ ᠠᠬᠤᠶ ᠶᠢᠨ ᠲᠡᠵᠢᠭᠡᠯ ᠡᠪᠡᠰᠦᠨ ᠤ ᠮᠠᠯ ᠠᠵᠤ ᠠᠬᠤᠢ︾ ᠪᠠ ︽ᠬᠠᠷ᠎ᠠ ᠬᠦᠷᠦᠰᠦᠲᠦ ᠠᠮᠤ ᠶᠢᠨ ᠬᠥᠮᠥᠷᠭᠡ︾ | ᠭᠡᠬᠦ A ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠬᠤᠰᠢᠭᠤᠴᠢ ᠰᠢᠨᠵᠢᠯᠡᠭᠡ ᠮᠡᠷᠭᠡᠵᠢᠯ ᠤᠨ 2 ᠲᠤᠰᠬᠠᠶ ᠲᠦᠷᠦᠯ ᠢ ᠯᠠᠪᠳᠠᠭᠤᠨ ᠢᠶᠠᠷ ᠠᠬᠢᠭᠤᠯᠵᠤ᠂ ︽ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ ᠲᠤᠷᠰᠢᠯᠲᠠ ᠶᠢᠨ ᠴᠡᠭ ᠤᠨ ᠬᠤᠳᠠ ᠪᠠᠷ ᠠᠮᠵᠢᠯᠲᠠ ᠲᠠᠢ ᠰᠣᠩᠭᠤᠭᠳᠠᠪᠠ᠃ ᠬᠢᠯᠢ ᠶᠢᠨ | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠳᠠᠭᠠᠳᠤ ᠠᠷᠠᠯᠵᠢᠶ᠎ᠠ ᠶᠢ ᠠᠬᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ ᠶᠢ ᠵᠡᠷᠭᠡᠪᠡᠷ ᠴᠢᠩᠭ᠎ᠠ | ᠠᠳᠬᠤᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠨᠡᠪᠲᠡᠷᠡᠭᠰᠡᠨ ᠲᠤᠭ᠎ᠠ 12.1% ᠨᠡᠮᠡᠭᠳᠡᠵᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 157.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ |