2022 ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2022/3/15
      ᠨᠢᠭᠡ ᠵᠢᠯ ᠤᠨ ᠲᠤᠷᠰᠢ᠂ ᠪᠢᠳᠡ ᠠᠷᠠᠳ ᠤᠨ ᠲᠥᠯᠥᠭᠡ ᠦᠨᠡᠨᠴᠢ ᠰᠡᠳᠬᠢᠯ ᠢᠶᠠᠷ ᠵᠢᠳᠬᠦᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ ᠡᠳ᠋ᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ 10.7 ᠳ᠋ᠦᠩᠰᠢᠭᠤᠷ ᠲᠥᠭᠦᠷᠢᠭ ᠣᠷᠣᠭᠤᠯᠵᠤ᠂ 651 ᠲᠥᠷᠥᠯ ᠵᠦᠢᠯ ᠢ ᠬᠡᠷᠡᠭᠵᠢᠭᠦᠯᠦᠨ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠥᠯᠥ ᠡᠭᠦᠰᠭᠡᠬᠦ ᠬᠢᠵᠠᠭᠠᠷ ᠱᠤᠭᠤᠮ ᠢ ᠡᠷᠡᠰ ᠰᠠᠬᠢᠪᠠ᠃ 2783 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ ᠲᠠᠷᠬᠠᠭᠠᠨ᠂ 4969 ᠲᠦᠮᠡᠨ ᠲᠥᠭᠦᠷᠢᠭ ᠤᠨ ᠥᠷᠢᠲᠦᠭᠰᠡᠨ ᠴᠠᠯᠢᠩ ᠢ ᠨᠡᠬᠡᠮᠵᠢᠯᠡᠨ ᠠᠪᠴᠢᠷᠠᠵᠤ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠦᠴᠦᠲᠡᠢ ᠬᠠᠮᠠᠭᠠᠯᠠᠪᠠ᠃ ᠬᠠᠭᠤᠴᠢᠨ ᠰᠠᠭᠤᠭᠠᠯᠢ ᠲᠣᠭᠤᠷᠢᠭ ᠢ 243 ᠦᠭᠡᠷᠡᠴᠢᠯᠡᠨ ᠰᠢᠨᠡᠳᠭᠡᠵᠦ᠂ ᠭᠡᠷ ᠭᠠᠵᠠᠷ ᠬᠦᠷᠦᠩᠭᠡ ᠶᠢᠨ ᠦᠩᠭᠡᠷᠡᠭᠰᠡᠨ ᠤ ᠦᠯᠡᠳᠡᠭᠳᠡᠯ ᠠᠰᠠᠭᠤᠳᠠᠯ ᠢ 287 ᠰᠢᠢᠳᠪᠦᠷᠢᠯᠡᠪᠡ᠃ ᠤᠯᠤᠰ ᠤᠨ ᠳᠤᠲᠤᠭᠠᠳᠤ ᠶᠢᠨ ᠬᠠᠮᠤᠭ ᠬᠤᠯᠠ ᠵᠠᠶᠢᠲᠠᠢ ᠬᠠᠬᠢᠷ ᠬᠦᠢᠲᠡᠨ ᠭᠠᠵᠠᠷ ᠤᠷᠤᠨ ᠤ ᠢᠯᠴᠢ ᠬᠠᠩᠭᠠᠬᠤ ᠲᠦᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠤᠷᠤᠭᠤᠯᠵᠤ᠂ 6.6 ᠲᠦᠮᠡᠨ ᠡᠷᠦᠬᠡ ᠮᠠᠯᠴᠢᠨ ᠲᠠᠷᠢᠶᠠᠴᠢᠳ ᠲᠤ 22 ᠲᠦᠮᠡᠨ ᠲᠣᠨ ᠡᠩ ᠤᠨ ᠦᠨ᠎ᠡ ᠶᠢᠨ ᠨᠡᠭᠦᠷᠡᠰᠦ ᠬᠠᠩᠭᠠᠵᠤ᠂ ᠲᠦᠭ ᠲᠦᠮᠡᠨ ᠠᠶᠢᠯ ᠡᠷᠦᠬᠡ ᠳᠤ ᠬᠠᠶᠢᠷ᠎ᠠ ᠬᠠᠯᠠᠮᠵᠢ ᠬᠦᠷᠭᠡᠪᠡ᠃ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠷᠬᠦᠯᠲᠡ ᠶᠢᠨ ᠨᠣᠷᠮ᠎ᠠ 87% ᠳᠤ ᠬᠦᠷᠴᠦ᠂ ᠬᠥᠯᠥᠨ ᠪᠤᠶᠢᠷ ᠳᠡᠭᠡᠳᠦ ᠰᠤᠷᠭᠠᠭᠤᠯᠢ ᠮᠠᠰᠲ᠋ᠧᠷ ᠴᠣᠯᠠ ᠣᠯᠭᠤᠬᠤ ᠨᠢᠭᠡᠴᠢ ᠪᠠᠷ ᠵᠥᠪᠰᠢᠶᠡᠷᠡᠭᠳᠡᠪᠡ᠃ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠰᠦᠯᠵᠢᠶᠡᠨ ᠳᠤ ᠭᠠᠷᠭᠠᠨ ᠬᠡᠷᠡᠭᠯᠡᠵᠦ᠂ ᠮᠠᠨ ᠤ ᠬᠤᠲᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ ᠪᠥᠬᠦ ᠤᠯᠤᠰ ᠤᠨ ᠵᠢᠱᠢᠶ᠎ᠡ ᠦᠵᠡᠭᠦᠯᠬᠦ ᠬᠤᠲᠠ ᠳᠤ ᠵᠢᠭᠰᠠᠭᠠᠭᠳᠠᠪᠠ᠃ ᠬᠢᠯᠢ ᠬᠢᠵᠠᠭᠠᠷ ᠤᠨ 1.1 ᠲᠦᠮᠡᠨ ᠮᠠᠯᠵᠢᠬᠤ ᠡᠷᠦᠬᠡ ᠳᠤ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠨᠡᠪᠲᠡᠷᠡᠭᠦᠯᠪᠡ᠃ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠥᠷᠨᠢᠭᠦᠨ ᠬᠥᠭᠵᠢᠵᠦ᠂ ᠬᠥᠯᠥᠨ ᠪᠤᠶᠢᠷ ᠨᠤᠲᠤᠭ ᠲᠠᠢ ᠲᠠᠮᠢᠷᠴᠢᠳ ᠡᠯ᠎ᠡ ᠱᠠᠲᠤᠨ ᠤ ᠡᠯ᠎ᠡ ᠲᠦᠷᠦᠯ ᠤᠨ ᠤᠷᠤᠯᠳᠤᠭᠠᠨ ᠳᠤ ᠰᠢᠯᠢᠳᠡᠭ ᠨᠡᠷᠡᠰ ᠤᠨ ᠳᠠᠷᠠᠭᠠᠯᠠᠯ ᠳᠤ ᠣᠷᠣᠪᠠ᠃ ᠪᠠᠴᠢᠮ ᠪᠠᠶᠢᠳᠠᠯ ᠢ ᠠᠷᠭᠠᠴᠠᠭᠠᠬᠤ ᠲᠤᠭᠲᠠᠯᠴᠭ᠎ᠠ ᠪᠦᠷᠢᠨ ᠲᠡᠭᠦᠯᠳᠡᠷ ᠪᠦᠲᠦᠮᠵᠢᠲᠡᠢ ᠪᠠᠶᠢᠵᠤ᠂ ᠤᠢ ᠰᠢᠭᠤᠢ ᠲᠠᠯ᠎ᠠ ᠨᠤᠲᠤᠭ ᠤᠨ ᠭᠠᠯ ᠤᠨ ᠭᠠᠮᠰᠢᠭ᠂ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠲᠤᠭ᠎ᠠ ᠶᠢ ᠶᠡᠬᠡᠪᠡᠷ ᠪᠠᠭᠤᠷᠠᠭᠤᠯᠵᠤ᠂ ᠭᠡᠨᠡᠳᠲᠡ ᠶᠢᠨ ᠦᠶᠡᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠠᠷᠭᠠᠴᠠᠭᠠᠵᠤ᠂ ᠠᠷᠠᠳ ᠤᠯᠠᠨ ᠤ ᠵᠤᠯ ᠵᠢᠷᠭᠠᠯᠲᠤ ᠲᠦᠷᠦᠭᠳᠡᠯ᠂ ᠬᠦᠷᠲᠡᠭᠡᠮᠵᠢ ᠶᠢᠨ ᠲᠦᠷᠦᠭᠳᠡᠯ᠂ ᠠᠮᠤᠷ ᠲᠦᠪᠰᠢᠨᠲᠦ ᠲᠦᠷᠦᠭᠳᠡᠯ ᠨᠡᠩ ᠪᠦᠷᠢᠨ ᠳᠡᠬᠦᠯᠳᠡᠷ᠂ ᠨᠡᠩ ᠦᠷᠬᠦᠯᠵᠢᠯᠡᠬᠦᠶᠢᠴᠡ᠂ ᠨᠡᠩ ᠪᠠᠲᠤᠯᠠᠭ᠎ᠠ ᠲᠠᠢ ᠪᠤᠯᠪᠠ᠃       ᠨᠢᠭᠡ ᠵᠢᠯ ᠤᠨ ᠲᠤᠷᠰᠢ᠂ ᠪᠢᠳᠠ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠲᠤᠲᠠᠶ ᠥᠷᠨᠢᠭᠦᠯᠵᠦ᠂ ︽ᠪᠢ ᠣᠯᠠᠨ ᠲᠦᠮᠡᠨ ᠳᠤ ᠪᠤᠳᠠᠳᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠠ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ︾ ᠰᠤᠷᠤᠯᠴᠠᠯᠭ᠎ᠠ ᠶᠠᠷᠢᠯᠴᠠᠭ᠎ᠠ ᠶᠢ ᠭᠦᠨᠵᠡᠭᠡᠶ ᠦᠷᠨᠢᠬᠦᠯᠵᠦ᠂ ᠪᠠᠷᠢᠨ ᠬᠡᠯᠡᠵᠦ ᠪᠠᠷᠢᠨ ᠬᠡᠷᠡᠭᠵᠢᠭᠦᠯᠬᠦ᠂ ᠲᠦᠷᠭᠡᠨ ᠰᠢᠢᠳᠪᠦᠷᠢᠯᠡᠵᠦ ᠲᠦᠷᠭᠡᠨ ᠬᠡᠷᠡᠭᠵᠢᠭᠦᠯᠬᠦ᠂ ᠪᠤᠰᠢᠭᠤ ᠱᠠᠯᠠᠮᠠᠭᠠᠶ ᠠᠵᠢᠯᠯᠠᠬᠤ ᠶᠢ ᠪᠠᠷᠢᠮᠳᠠᠯᠠᠵᠤ᠂ ᠶᠡᠭᠡ ᠬᠦᠴᠦ ᠣᠷᠣᠭᠤᠯᠵᠤ ᠪᠠᠶᠢᠭᠠᠳ ᠰᠡᠳᠬᠢᠬᠦᠶ ᠶᠢᠨ ᠲᠣᠭᠲᠠᠮᠠᠯ ᠬᠡᠯᠪᠡᠷᠢ᠂ ᠠᠵᠢᠯ ᠤᠨ ᠬᠡᠪᠰᠢᠮᠡᠯ ᠴᠢᠨᠠᠷ ᠪᠣᠯᠤᠨ ᠵᠤᠷᠰᠢᠮᠠᠯ ᠠᠷᠭ᠎ᠠ ᠵᠠᠮ ᠳᠤ ᠲᠦᠰᠢᠭᠯᠡᠬᠦ ᠶᠢ ᠠᠷᠢᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠦᠲᠦᠮᠵᠢᠲᠡᠶ ᠴᠡᠭᠴᠡᠯᠡᠨ ᠵᠠᠰᠠᠭᠳᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 126 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ 209 ᠬᠤᠪᠢ ᠳᠤᠷᠠᠳᠤᠯᠭ᠎ᠠ ᠶᠢ ᠭᠦᠢᠴᠡᠳᠬᠡᠪᠡ᠃ ︽ᠠᠯᠪᠠᠨ ᠤ ᠭᠤᠷᠪᠠᠨ︾ ᠵᠠᠷᠤᠳᠠᠯ ᠪᠠ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠵᠠᠰᠠᠭ ᠤᠨ ᠣᠷᠳᠣᠨ ᠤ ︽ᠠᠷᠪᠢᠴᠢ ᠭᠠᠮᠲᠠᠢ ᠠᠮᠢᠳᠤᠷᠠᠯ︾ ᠢᠶᠠᠷ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠢ ᠰᠤᠯᠢᠨ ᠠᠪᠴᠢᠷᠠᠵᠤ᠂ ᠵᠠᠰᠠᠭ ᠤᠨ ᠣᠷᠳᠣᠨ ᠤ ︽ᠵᠦᠳᠡᠷᠡᠯ ᠤᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠴᠢᠷᠠᠭᠰᠠᠨ ᠪᠠᠶᠢᠨ᠎ᠠ᠃       ᠨᠡᠩ ᠢᠯᠠᠩᠭᠤᠶ᠎ᠠ ᠮᠠᠷᠲᠠᠭᠳᠠᠰᠢ ᠦᠭᠡᠢ ᠪᠤᠯᠤᠭᠰᠠᠨ ᠶᠠᠪᠤᠳᠠᠯ ᠪᠤᠯ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠨᠢᠬᠡᠳᠦᠯᠳᠡᠢ ᠦᠢᠯᠡ ᠠᠵᠢᠯᠯᠠᠭ᠎ᠠ ᠪᠠ ᠢᠯᠠᠭᠤᠭᠰᠠᠨ ᠦᠷ᠎ᠡ ᠪᠦᠲᠦᠭᠡᠯ ᠢᠶᠠᠷ ᠢᠶᠠᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠠ ᠨᠠᠶᠢᠬᠡᠮ ᠵᠢᠷᠤᠮᠳᠤ ᠪᠠᠶᠢᠭᠤᠯᠤᠯ ᠤᠨ ᠢᠯᠡᠳᠳᠡ ᠳᠠᠪᠠᠭᠤᠯᠢᠭ ᠢ ᠢᠯᠡᠷᠡᠬᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠲᠠ ᠶᠢᠨ ᠨᠠᠮ  ᠤᠨ ᠬᠤᠷᠢᠶ᠎ᠠ᠂ ᠵᠠᠰᠠᠭ ᠤᠨ ᠤᠷᠳᠤᠨ ᠰᠢᠭᠤᠷᠬᠠᠢ ᠠᠵᠢᠯᠯᠠᠨ ᠨᠢᠬᠡᠳᠦᠬᠡᠷ ᠹᠷᠤᠨᠲ ᠲᠤ ᠵᠢᠯᠤᠭᠤᠳᠴᠤ᠂ ᠠᠷᠠᠳ ᠤᠨ ᠰᠡᠳᠬᠢᠯ ᠢ ᠦᠳᠲᠡᠷ ᠲᠦᠷᠭᠡᠨ ᠲᠤᠭᠲᠠᠭᠤᠨᠵᠢᠭᠤᠯᠵᠤ᠂ ᠶᠡᠭᠡ ᠲᠠᠯ᠎ᠠ ᠶᠢ ᠲᠣᠭᠲᠠᠪᠤᠷᠢᠵᠢᠭᠤᠯᠪᠠ᠃ ᠡᠯ᠎ᠡ ᠠᠬ᠎ᠠ ᠳᠡᠭᠦᠦ ᠠᠶᠢᠮᠠᠭ ᠬᠤᠲᠠ ᠶᠢᠨ ᠬᠢᠨ ᠪᠢᠳᠡᠨ ᠲᠠᠢ ᠬᠠᠮᠲᠤ ᠪᠠᠷ ᠭᠦᠴᠢᠷ ᠪᠡᠷᠬᠡᠰᠢᠶᠡᠯ ᠢ ᠲᠤᠭᠤᠯᠵᠤ᠂ ᠮᠢᠩᠭᠠᠨ ᠭᠠᠵᠠᠷ ᠤᠨ ᠠᠯᠤᠰ ᠠᠴᠠ ᠬᠠᠪᠰᠤᠷᠤᠨ ᠲᠤᠰᠠᠯᠠᠯᠴᠠᠵᠤ᠂ ᠡᠯ᠎ᠡ ᠬᠤᠰᠢᠭᠤ ᠬᠤᠲᠠ ᠲᠣᠭᠤᠷᠢᠭ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠦᠮᠡᠨ ᠣᠯᠠᠨ ᠢᠶᠠᠷ ᠢᠶᠠᠨ ᠲᠡᠮᠦᠷ ᠬᠡᠷᠡᠮ ᠪᠣᠯᠵᠣ᠂ ᠡᠮᠴᠢᠯᠡᠭᠡᠨ ᠤ ᠠᠵᠢᠯᠲᠠᠳ ᠰᠥᠷᠥᠨ ᠤᠷᠤᠭᠰᠢᠯᠠᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠠᠷᠯᠢᠭ ᠰᠣᠨᠣᠰᠤᠮᠠᠭᠴᠠ ᠦᠳᠲᠡᠷ ᠲᠦᠷᠭᠡᠨ ᠬᠥᠳᠡᠯᠦᠯᠴᠡᠨ ᠴᠤᠭᠯᠠᠷᠠᠵᠤ᠂ ᠥᠷᠭᠡᠨ ᠣᠯᠠᠨ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ᠂ ᠰᠣᠨᠢᠨ ᠮᠡᠳᠡᠭᠡᠨ ᠤ ᠠᠵᠢᠯᠲᠠᠨ ᠪᠣᠯᠤᠨ ᠦᠨᠳᠦᠰᠦᠨ ᠱᠠᠲᠤᠨ ᠤ ᠺᠠᠳ᠋ᠷᠴᠤᠳ ᠪᠤᠰᠤᠳ ᠤᠨ ᠲᠦᠯᠦᠭᠡ ᠡᠷᠦᠬᠡ ᠬᠡᠷ ᠢᠶᠠᠨ ᠤᠷᠬᠢᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠥᠨᠳᠥᠷ ᠰᠦᠷᠯᠢᠭ ᠣᠷᠳᠣ ᠴᠠᠭᠠᠨ ᠬᠡᠷᠡᠮ ᠢ ᠴᠣᠭᠴᠠᠯᠠᠵᠤ᠂ ᠬᠢᠵᠢᠭ ᠤᠨ ᠪᠠᠶᠢᠳᠠᠯ ᠤᠨ ᠪᠦᠷᠬᠦᠭ ᠮᠠᠨᠠᠨ ᠢ ᠠᠮᠵᠢᠯᠲᠠ ᠲᠠᠢ ᠠᠷᠢᠯᠭᠠᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃       ᠲᠥᠯᠥᠭᠡᠯᠡᠭᠴᠢᠳ ᠡ︕ ᠳᠥᠷᠪᠡᠨ ᠵᠢᠯ ᠤᠨ ᠤᠯᠤᠭᠰᠠᠨ ᠬᠥᠭᠵᠢᠯᠲᠡ ᠶᠢᠨ ᠦᠷ᠎ᠡ ᠪᠦᠲᠦᠭᠡᠯ ᠪᠤᠯ ᠡᠷᠬᠢᠮ ᠨᠠᠨᠳᠢᠨ ᠶᠤᠮ᠂ ᠳᠥᠷᠪᠡᠨ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠬᠥᠮᠦᠰ ᠤᠨ ᠰᠡᠳᠬᠢᠯ ᠢ ᠤᠷᠮᠠᠰᠢᠭᠤᠯᠤᠨ᠎ᠠ᠃ ᠡᠳᠡᠭᠡᠷ ᠦᠷ᠎ᠡ ᠪᠦᠲᠦᠮᠵᠢ ᠶᠢ ᠤᠯᠤᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠬᠦᠴᠦᠳᠡᠢ ᠳᠡᠮᠵᠢᠭᠰᠡᠨ  ᠤ ᠦᠷ᠎ᠡ ᠳ᠋ᠦᠩ ᠮᠦᠨ᠂ ᠪᠥᠬᠦ ᠬᠤᠲᠠ ᠶᠢᠨ ᠺᠠᠳ᠋ᠷ ᠤᠯᠠᠨ ᠲᠦᠮᠡᠨ ᠪᠦᠯᠬᠦᠮᠳᠡᠨ ᠰᠡᠳᠬᠢᠯ ᠨᠢᠬᠡᠳᠴᠤ᠂ ᠰᠢᠷᠭᠠᠭᠤ ᠲᠡᠮᠡᠴᠡᠵᠦ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ ᠪᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ᠂ ᠪᠦᠬᠦ ᠬᠤᠲᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠬᠤᠲᠠ ᠳᠤ ᠰᠠᠭᠤᠭ᠎ᠠ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠬᠥᠯᠥᠨ ᠪᠤᠶᠢᠷ ᠤᠨ ᠬᠥᠭᠵᠢᠯᠲᠡ ᠶᠢ ᠤᠷᠳᠤ ᠬᠤᠭᠤᠴᠠᠭᠠᠨ ᠤ ᠳᠤᠷᠰᠢ ᠬᠠᠯᠠᠮᠵᠢᠯᠠᠨ ᠳᠡᠮᠵᠢᠵᠦ ᠬᠠᠪᠰᠤᠷᠤᠭᠰᠠᠨ ᠪᠣᠶ ᠪᠥᠬᠦᠶ ᠨᠠᠶᠢᠵᠠ ᠨᠦᠬᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠡ︕       ᠠᠮᠵᠢᠯᠲᠠ ᠪᠠᠨ ᠨᠤᠳᠠᠯᠠᠬᠤ ᠶᠢᠨ ᠬᠠᠮᠲᠤ᠂ ᠪᠢᠳᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠦᠬᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠄ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠰᠠᠭᠤᠷᠢ ᠪᠠᠲᠤ ᠪᠠᠬᠢ ᠪᠢᠰᠢ ᠪᠠᠶᠢᠭᠰᠠᠭᠠᠷ᠂ ᠬᠡᠨᠡᠳᠳᠡ ᠡᠭᠦᠰᠬᠦ ᠬᠢᠵᠢᠭ ᠤᠨ ᠲᠦᠭᠰᠢᠬᠦᠷᠢ ᠮᠥᠨ ᠯᠡ ᠤᠷᠤᠰᠢᠭᠰᠠᠭᠠᠷ᠂ ᠨᠡᠮᠡᠭᠳᠡᠯ ᠢ ᠲᠤᠯᠭᠠᠭᠤᠷᠢᠯᠠᠬᠤ ᠴᠢᠬᠤᠯᠠ ᠶᠡᠭᠡ ᠲᠦᠷᠦᠯ ᠵᠦᠢᠯ ᠤᠨ ᠨᠦᠬᠡᠴᠡ ᠭᠦᠢᠴᠡᠳ ᠪᠤᠰᠤ ᠪᠠᠶᠢᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠠᠰᠠ ᠠᠯᠬᠤᠮ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠶ︔ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠳᠠᠪᠤᠷᠢ ᠮᠥᠨ ᠬᠦ ᠪᠠᠭᠤᠷᠠᠶ ᠪᠠᠶᠢᠵᠤ᠂ ᠨᠠᠶᠢᠬᠡᠮ ᠤᠨ ᠠᠵᠢᠯ ᠦᠢᠯᠡᠰ᠂ ᠤᠯᠠᠨ ᠨᠡᠶᠢᠳᠡ ᠶᠢᠨ ᠦᠢᠯᠡᠴᠢᠯᠡᠬᠡᠨ ᠵᠡᠷᠭᠡ ᠬᠦᠷᠢᠶ᠎ᠡ ᠴᠠᠷᠠᠭᠠᠨ ᠳᠠᠬᠢ ᠳᠤᠳᠠᠭᠤᠳᠠᠯ ᠢ ᠨᠦᠬᠦᠪᠦᠷᠢᠯᠡᠬᠦ ᠴᠢᠬᠤᠯᠠᠳᠠᠢ︔ ᠰᠢᠶᠠᠨ ᠤ ᠬᠡᠪᠴᠢᠶᠡᠨ ᠤ ᠠᠵᠤ ᠠᠬᠤᠶ ᠶᠢᠨ ᠨᠡᠮᠡᠭᠳᠡᠯ ᠤᠨ ᠬᠦᠳᠡᠯᠬᠡᠬᠦ ᠡᠨᠧᠷᠭᠢ ᠬᠦᠷᠦᠯᠴᠡᠬᠦ ᠥᠬᠡᠶ᠂ ᠬᠤᠰᠢᠭᠤ ᠬᠤᠲᠠ ᠲᠣᠭᠤᠷᠢᠭ ᠤᠨ ᠬᠤᠭᠤᠷᠣᠨᠳᠣᠬᠢ ᠬᠥᠭᠵᠢᠯᠲᠡ ᠪᠠᠰᠠ ᠲᠡᠩᠴᠡᠭᠦᠷᠢᠳᠡᠢ ᠪᠤᠰᠤ ᠪᠠᠶᠢᠵᠤ᠂ ᠣᠨᠴᠠ ᠵᠠᠷᠢᠮ ᠭᠠᠵᠠᠷ ᠣᠷᠣᠨ ᠤ ᠥᠷᠢ ᠦᠭᠴᠡᠭᠡᠨ ᠤ ᠲᠦᠭᠰᠢᠭᠦᠷᠢ ᠶᠢᠨ ᠳᠡᠰ ᠨᠡᠯᠢᠶᠡᠳ ᠥᠨᠳᠥᠷ ᠪᠠᠶᠢᠭᠰᠠᠭᠠᠷ︔ ᠴᠦᠬᠡᠨ ᠲᠤᠭᠠᠨ ᠤ ᠺᠠᠳ᠋ᠷ ᠲᠤ ︽ᠨᠠᠵᠠᠭᠠᠶᠢᠷᠠᠨ ᠬᠤᠶᠢᠷᠭᠤᠰᠢᠬᠤ︾ ᠦᠵᠡᠯ ᠰᠠᠨᠠᠭ᠎ᠠ ᠪᠠ ︽ᠲᠤᠭᠲᠠᠭᠤᠨ ᠢ ᠬᠦᠬᠡᠬᠡᠴᠡᠯᠳᠦᠬᠦ︾ ᠤᠪᠤᠷ ᠤᠷᠤᠰᠢᠵᠤ᠂ ᠠᠵᠢᠯ ᠬᠢᠵᠦ ᠦᠢᠯᠡᠰ ᠡᠷᠬᠢᠯᠡᠬᠦ ᠡᠷᠴᠢ ᠵᠤᠷᠢᠭ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠨᠠᠵᠠᠭᠠᠢ ᠢᠯᠵᠠᠷᠠᠯ ᠤᠨ ᠠᠰᠠᠭᠤᠳᠠᠯ ᠮᠦᠨ ᠯᠡ ᠡᠬᠦᠰᠦᠭᠰᠡᠭᠡᠷ ᠪᠤᠢ᠃ ᠡᠭᠦᠨ ᠳᠤ᠂ ᠪᠢᠳᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠡᠵᠦ᠂ ᠬᠠᠷᠢᠭᠤᠴᠠᠯᠭ᠎ᠠ ᠪᠠᠨ ᠪᠠᠲᠤᠳᠠᠢ ᠭᠦᠢᠴᠡᠳᠬᠡᠵᠦ᠂ ᠦᠨᠡᠨ ᠪᠣᠳᠠᠲᠠᠶ ᠴᠢᠩᠭ᠎ᠠ ᠠᠷᠭ᠎ᠠ ᠬᠡᠮᠵᠢᠶ᠎ᠡ ᠠᠪᠴᠤ ᠬᠦᠴᠢᠷ ᠠᠰᠠᠭᠤᠳᠠᠯ ᠢ ᠰᠢᠢᠳᠪᠦᠷᠢᠯᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠳᠠᠷᠤᠯᠲᠠ ᠶᠢ ᠰᠥᠷᠥᠨ ᠤᠷᠤᠭᠰᠢᠯᠠᠵᠤ᠂ ᠡᠷᠡᠮᠡᠬᠡᠶᠢᠯᠡᠨ ᠳᠠᠪᠰᠢᠵᠤ᠂ ᠬᠥᠯᠥᠨ ᠪᠤᠶᠢᠷ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ