2022 ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠲᠠᠪᠤ︶
ᠨᠡᠶᠢᠲᠡᠯᠡᠭᠰᠡᠨ ᠴᠠᠭ᠄
2022/3/15
      ᠭᠤᠷᠪᠠ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠭᠤᠣᠯ ᠡᠭᠦᠷᠭᠡ       ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠤᠯᠤᠨ᠎ᠠ᠃ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠦᠪᠡᠷᠳᠡᠬᠡᠨ ᠵᠠᠰᠠᠬᠤ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠨᠠᠶᠢᠳᠠᠪᠤᠷᠢᠵᠢᠭᠤᠯᠤᠯᠳᠠ ᠶᠢ ᠠᠳᠬᠤᠬᠤ ᠡᠨᠡ ᠬᠦ ᠭᠤᠤᠯᠳᠠᠯᠭ᠎ᠠ ᠶᠢᠨ ᠲᠤᠭᠤᠷᠢᠨ ᠳᠤ᠂ ︽ᠲᠠᠪᠤᠨ ᠶᠡᠭᠡ ᠠᠵᠢᠯᠯᠠᠭᠠᠨ ᠤ ᠲᠦᠯᠦᠪᠯᠡᠭᠡ︾ ᠶᠢ ᠬᠦᠨᠵᠡᠬᠡᠢ ᠬᠡᠷᠡᠭᠵᠢᠬᠦᠯᠵᠦ᠂ ᠡᠯ᠎ᠡ ᠵᠦᠢᠯ ᠤᠨ ᠠᠵᠢᠯ ᠢᠶᠠᠨ ᠦᠨᠳᠦᠷ ᠪᠠᠷᠢᠮᠵᠢᠶ᠎ᠡ ᠪᠠᠷ ᠠᠬᠢᠭᠤᠯᠤᠨ᠎ᠠ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠭᠤᠯᠵᠤ᠂ ︽ᠡᠬᠢᠯᠡᠬᠦᠯᠬᠦ ᠶᠢᠨ ᠳᠠᠷᠤᠢ ᠰᠢᠪᠳᠤᠯᠤᠯᠳᠠ ᠬᠢᠬᠦ︾ ᠶᠢ ᠪᠡᠶᠡᠯᠡᠬᠦᠯᠵᠦ᠂ ᠨᠢᠬᠡᠳᠦᠬᠡᠷ ᠤᠯᠠᠷᠢᠯ ᠤᠨ ︽ᠲᠤᠭᠲᠠᠭᠤᠨ ᠡᠬᠢᠯᠡᠯᠳᠡ︾᠂ ︽ᠰᠠᠶᠢᠨ ᠰᠠᠶᠢᠬᠠᠨ ᠡᠬᠢᠯᠡᠯᠳᠡ︾ ᠶᠢ ᠴᠢᠷᠮᠠᠶᠢᠨ ᠪᠡᠶᠡᠯᠡᠬᠦᠯᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ︽ᠪᠦᠬᠦ ᠵᠢᠯ ᠤᠨ ᠳᠤᠭᠳᠠᠭᠤᠨ︾ ︽ᠪᠦᠬᠦ ᠵᠢᠯ ᠤᠨ ᠤᠷᠤᠭᠰᠢᠯᠠᠯ︾ ᠢ ᠪᠦᠬᠦ ᠬᠦᠴᠦᠨ ᠢᠶᠠᠷ  ᠢᠶᠠᠨ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ᠃       ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠠᠵᠢᠯ ᠤᠯᠤᠭᠰᠠᠳ ᠢ 1.2 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢᠳᠬᠠᠵᠤ ᠪᠣᠯᠬᠤ ᠪᠠᠷᠢᠮᠵᠢᠶ᠎ᠠ ᠪᠠᠷ 10% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠵᠡᠷᠭᠡ ᠳᠤᠨᠢ ᠪᠠᠶᠢᠯᠭᠠᠵᠤ᠂ ᠠᠮᠤ ᠪᠤᠳᠠᠭᠠᠨ ᠤ ᠤᠨᠠᠯᠲᠠ ᠶᠢ ᠦᠷᠭᠦᠯᠵᠢᠯᠡᠨ 120 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠨ᠎ᠡ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠠᠯᠬᠤᠮ ᠴᠢᠨᠠᠭᠰᠢᠳᠠ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠰᠢᠯᠡᠬᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃       ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠭᠠᠵᠠᠷ ᠣᠷᠣᠨ ᠪᠦᠬᠦ ᠳᠠᠯ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠦᠷᠢᠶ᠎ᠡ ᠴᠠᠷᠠᠭ᠎ᠠ ᠪᠦᠬᠦ ᠶᠠᠪᠤᠴᠠ ᠳᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃       ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ︽︿ᠠᠷᠪᠠᠨ ᠳᠦᠷᠪᠡᠳᠦᠬᠡᠷ ᠲᠠᠪᠤᠨ ᠵᠢᠯ﹀ ᠤᠨ ᠬᠤᠭᠤᠴᠠᠭᠠᠨ ᠤ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠵᠠᠰᠠᠯᠳᠠ ᠶᠢᠨ ᠬᠡᠷᠡᠭᠵᠢᠬᠦᠯᠬᠦ ᠲᠦᠰᠦᠯ︾ ︽ᠬᠦᠯᠦᠨ ᠨᠠᠭᠤᠷ ᠤᠨ ᠬᠠᠮᠢᠶᠠᠷᠤᠯᠳᠠ ᠬᠠᠮᠠᠭᠠᠯᠠᠯᠳᠠ ︵ᠨᠢᠬᠡ ᠨᠠᠭᠤᠷ ᠨᠢᠬᠡ ᠪᠤᠳᠤᠯᠭ᠎ᠠ︶ ᠶᠢᠨ ᠬᠡᠷᠡᠭᠵᠢᠬᠦᠯᠬᠦ ᠲᠦᠰᠦᠯ ︵2022 —2023 ᠤᠨ︶︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠭᠡᠨ ᠭᠤᠤᠯ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ᠂ ᠤᠯᠠᠭᠠᠨᠨᠠᠭᠤᠷ ᠨᠤᠭᠤ ᠭᠠᠵᠠᠷ ᠢ ᠬᠠᠮᠠᠭᠠᠯᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠨᠡᠮᠡᠭᠳᠡᠬᠦᠯᠬᠦ ᠲᠤᠷᠰᠢᠯᠳᠠ ᠶᠢᠨ ᠴᠡᠭ ᠵᠡᠷᠭᠡ 9 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠤᠨ ᠮᠥᠷᠡᠨ᠂ ᠡᠷᠭᠦᠨ᠎ᠡ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠬᠦᠯᠵᠢᠯᠡᠨ ᠴᠢᠩᠭᠠᠳᠬᠠᠵᠤ᠂ ︽ᠳᠥᠷᠪᠡᠨ ᠳᠤᠷ᠎ᠠ ᠪᠠᠷ ᠢᠶᠠᠨ ᠪᠠᠶᠢᠭᠤᠯᠬᠤ ᠶᠢ ᠠᠷᠢᠯᠭᠠᠬᠤ︾ ᠶᠢ ᠪᠠᠶᠢᠩᠭᠤᠵᠢᠭᠤᠯᠤᠨ ᠦᠷᠨᠢᠬᠦᠯᠵᠦ᠂ ᠰᠠᠪᠠ ᠭᠠᠵᠠᠷ ᠤᠨ ᠵᠠᠰᠠᠯᠳᠠ ᠶᠢ ᠲᠤᠭᠠᠴᠢᠯᠠᠬᠤ᠂ ᠤᠶᠤᠨᠴᠢᠯᠠᠬᠤ ᠶᠢ ᠲᠦᠷᠭᠡᠳᠬᠡᠨ ᠠᠬᠢᠭᠤᠯᠵᠤ᠂ ᠦᠵᠡᠰᠬᠦᠯᠡᠩᠳᠤ ᠰᠠᠶᠢᠬᠠᠨ ᠭᠤᠤᠯ ᠨᠠᠭᠤᠷ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠡᠯᠡᠰᠦᠷᠬᠡᠭᠵᠢᠯ ᠤᠨ ᠵᠠᠰᠠᠯᠳᠠ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠵᠤ᠂ 9 ᠡᠷᠦᠬᠡ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠤᠨ᠎ᠠ᠃ ᠬᠦᠯᠦᠨ ᠪᠤᠶᠢᠷ ᠤᠨ ᠰᠠᠷᠠᠭᠤᠯ ᠲᠠᠯ᠎ᠠ ᠨᠤᠳᠤᠭ ᠪᠠ ᠶᠡᠭᠡ ᠬᠢᠩᠭᠠᠨ ᠳᠠᠪᠠᠭᠠᠨ ᠤ ᠣᠢ ᠰᠢᠭᠤᠢ ᠶᠢ ᠬᠠᠮᠠᠭᠠᠯᠠᠬᠤ ᠶᠢ ᠲᠡᠷᠢᠬᠦᠨ ᠴᠢᠬᠤᠯᠠ ᠡᠬᠦᠷᠭᠡ ᠪᠤᠯᠭᠠᠵᠤ᠂ ᠦᠨᠳᠦᠰᠦᠨ ᠨᠤᠳᠤᠭ ᠪᠡᠯᠴᠢᠬᠡᠷ ᠢ ᠬᠠᠮᠠᠭᠠᠯᠠᠬᠤ᠂ ᠪᠡᠯᠴᠢᠬᠡᠷ ᠮᠠᠯ ᠢ ᠲᠡᠩᠴᠡᠭᠦᠷᠢᠰᠢᠬᠦᠯᠬᠦ᠂ ᠪᠡᠯᠴᠢᠭᠡᠷᠯᠡᠬᠦ ᠶᠢ ᠵᠤᠭᠰᠤᠭᠠᠵᠤ᠂ ᠪᠡᠯᠴᠢᠬᠡᠷ ᠢ ᠰᠡᠷᠬᠦᠬᠡᠬᠦ ᠵᠡᠷᠭᠡ ᠳᠦᠷᠢᠮ ᠢ ᠴᠢᠩᠭ᠎ᠠ ᠬᠡᠷᠡᠭᠵᠢᠬᠦᠯᠵᠦ᠂ ᠰᠢᠨ᠎ᠡ ᠨᠢᠬᠡᠨ ᠡᠬᠡᠯᠵᠢ ᠶᠢᠨ ᠨᠤᠲᠤᠭ ᠪᠡᠯᠴᠢᠭᠡᠷ ᠤᠨ ᠱᠠᠩᠨᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 42 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ 40 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠵᠤ ᠪᠠᠶᠢᠭᠤᠯᠬᠤ ᠡᠭᠦᠷᠭᠡ ᠶᠢ ᠪᠡᠶᠡᠯᠡᠬᠦᠯᠦᠨ᠎ᠡ᠃ ᠶᠡᠭᠡ ᠬᠢᠩᠭᠠᠨ ᠳᠠᠪᠠᠭᠠᠨ ᠤ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠭᠠᠯᠢ ᠶᠢᠨ ᠣᠢ ᠶᠢᠨ ᠬᠠᠮᠠᠭᠠᠯᠠᠯᠲᠠ ᠶᠢᠨ ᠢᠨᠵᠧᠨᠧᠷᠢᠩ  ᠢ 3572.7 ᠲᠦᠮᠡᠨ ᠮᠦ ᠬᠡᠷᠡᠭᠵᠢᠭᠦᠯᠦᠨ᠎ᠡ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠲᠤᠷᠰᠢᠯᠲᠠ ᠶᠢ ᠦᠷᠭᠦᠯᠵᠢᠯᠡᠨ ᠰᠠᠶᠢᠲᠤᠷ ᠬᠢᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠨᠤᠳᠤᠭ ᠪᠡᠯᠴᠢᠬᠡᠷ ᠤᠶᠢᠳᠤ ᠭᠠᠵᠠᠷ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃       ᠪᠤᠬᠢᠷᠳᠤᠯ ᠢ ᠰᠡᠷᠭᠡᠶᠢᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠭᠦᠨᠵᠡᠭᠡᠶ ᠵᠠᠰᠠᠬᠤ ᠶᠢ ᠠᠬᠢᠭᠤᠯᠵᠤ᠂ ᠨᠡᠬᠦᠷᠡᠰᠤ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠮᠢᠳᠤᠯᠢᠭ ᠦᠬᠡᠷᠡᠴᠢᠯᠡᠨ ᠰᠢᠨᠡᠳᠭᠡᠯᠳᠡ ᠶᠢ ᠡᠮᠬᠢ ᠵᠢᠷᠤᠮ ᠲᠠᠢ ᠠᠭᠢᠭᠤᠯᠵᠤ᠂ PM 2.5 ᠪᠠ ᠣᠽᠣᠨ ᠤ ᠪᠣᠬᠢᠷᠲᠤᠯ ᠢ ᠬᠠᠮᠵᠢᠯᠴᠠᠨ ᠬᠢᠵᠠᠭᠠᠷᠯᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠡᠰᠢ ᠰᠦᠷᠡᠯ ᠰᠢᠲᠠᠭᠠᠬᠤ ᠶᠢ ᠬᠤᠷᠢᠭᠯᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠬᠠᠷᠢᠴᠠᠯ ᠢ 70% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠤᠤᠭᠤᠬᠤ ᠤᠰᠤᠨ ᠰᠤᠷᠪᠤᠯᠵᠢ ᠶᠢᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠤᠰᠢᠭᠤ ᠬᠤᠲᠠ ᠲᠣᠭᠤᠷᠢᠭ ᠤᠨ ᠬᠤᠲᠠ ᠶᠢᠨ ᠲᠡᠭᠦᠷᠭᠡ ᠳᠠᠬᠢ ᠪᠠᠯᠭᠠᠰᠤ ᠶᠢᠨ ᠪᠠᠶᠢᠭᠤᠯᠤᠭᠰᠠᠨ ᠲᠤᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠪᠤᠬᠢᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠨᠤᠷᠮ᠎ᠠ ᠶᠢ 98.5% ᠳᠤ ᠬᠦᠷᠬᠡᠨ᠎ᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠤᠯᠠᠨ ᠡᠬᠢᠲᠦ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠬᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠥᠷᠨᠢᠭᠦᠯᠦᠨ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ᠂ ᠬᠠᠲᠠᠭᠤ ᠪᠡᠶᠡᠲᠦ ᠬᠠᠶᠠᠭᠳᠠᠮᠠᠯ ᠡᠳ᠋ ᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠵᠤ᠂ ᠬᠤᠭ ᠨᠤᠪᠰᠢ ᠶᠢ ᠬᠤᠤᠷ ᠦᠬᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 99.7% ᠳᠤ ᠬᠦᠷᠭᠡᠬᠦ ᠪᠠᠷ ᠴᠢᠷᠮᠠᠶᠢᠨ᠎ᠠ᠃       ᠠᠮᠢ ᠠᠬᠤᠢ ᠶᠢᠨ ᠪᠣᠯᠪᠠᠰᠤᠨ ᠤ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠷᠢᠳ ᠢᠶᠠᠷ ᠬᠢᠵᠦ ᠤᠷᠢᠳ ᠢᠶᠠᠷ ᠲᠤᠷᠰᠢᠬᠤ᠂ ᠴᠡᠭ ᠢᠶᠠᠷ ᠳᠠᠯ᠎ᠠ ᠶᠢ ᠳᠠᠶᠢᠴᠢᠯᠠᠬᠤ᠂ ᠰᠢᠨ᠎ᠡ ᠶᠢ ᠡᠭᠦᠳᠴᠦ ᠬᠦᠲᠦᠯᠦᠨ ᠳᠠᠭᠠᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠤᠬᠢᠷᠳᠤᠯ ᠦᠬᠡᠢ ᠬᠦᠭᠵᠢᠯᠳᠡ ᠶᠢᠨ ᠭᠦᠢᠴᠡᠳᠬᠡᠯ ᠳᠤᠭ᠎ᠠ ᠶᠢᠨ ᠳᠤᠭᠳᠠᠯᠴᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠬᠤᠰᠢᠭᠤ ᠬᠤᠲᠠ ᠲᠣᠭᠤᠷᠢᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ ᠪᠠ ︽ᠬᠦᠬᠡ ᠠᠭᠤᠯᠠ ᠬᠦᠬᠡᠮᠳᠦᠭ ᠤᠰᠤ ᠪᠣᠯ ᠳᠠᠷᠤᠶ ᠠᠯᠲᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠴᠤᠭᠴᠠᠯᠠᠬᠤ ᠶᠢ ᠵᠣᠷᠢᠭᠵᠢᠭᠤᠯᠤᠨ ᠳᠡᠮᠵᠢᠨ᠎ᠡ᠃ ᠬᠤᠲᠠ ᠶᠢᠨ ᠲᠤᠰ ᠱᠠᠳᠤᠨ ᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠬᠡᠷᠡᠭᠵᠢᠬᠦᠯᠬᠦ ᠲᠦᠰᠦᠯ ᠢ ᠨᠠᠶᠢᠳᠠᠪᠤᠷᠢᠵᠢᠭᠤᠯᠵᠤ᠂ ᠨᠡᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠬᠢ ᠬᠡᠷᠡᠭᠯᠡᠬᠦ ᠲᠦᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠴᠡᠪᠡᠷ ᠨᠡᠭᠦᠷᠡᠰᠦᠲᠦ᠋ᠷᠦᠭᠴᠢ ᠪᠠᠭᠠᠲᠠᠢ᠂ ᠠᠮᠤᠷ ᠲᠦᠪᠰᠢᠨ ᠦᠨᠳᠦᠷ ᠪᠦᠲᠦᠮᠵᠢᠲᠡᠢ ᠡᠨᠧᠷᠬᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ︽ᠤᠰᠤ ᠪᠠᠷ ᠳᠦᠷᠪᠡ ᠶᠢ ᠲᠤᠭᠲᠠᠭᠠᠬᠤ︾ ᠪᠠ ︽ᠤᠰᠤᠨ ᠤ ᠬᠡᠮᠵᠢᠶ᠎ᠡ ᠪᠠᠷ ᠪᠤᠳᠤᠯᠭ᠎ᠠ ᠬᠡᠷᠡᠭᠵᠢᠬᠦᠯᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 25.7 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠤᠨ ᠳᠣᠲᠤᠷ᠎ᠠ ᠬᠢᠵᠠᠭᠠᠷᠯᠠᠨ᠎ᠠ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠯᠥᠨ ᠪᠦᠢᠷ ᠤᠨ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠬᠠᠮᠵᠢᠯᠴᠠᠨ᠎ᠠ᠃ ᠣᠶ ᠰᠢᠭᠤᠢ ︵ᠨᠤᠲᠤᠭ ᠪᠡᠯᠴᠢᠭᠡᠷ︶ ᠤᠨ ᠳᠠᠷᠤᠭ᠎ᠠ ᠶᠢᠨ ᠲᠦᠷᠢᠮ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠨ ᠱᠠᠲᠤ ᠭᠤᠷᠪᠠᠨ ᠲᠥᠷᠥᠯ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ︽ᠭᠤᠷᠪᠠᠨ ᠱᠤᠭᠤᠮ ᠨᠢᠭᠡ ᠳᠠᠩᠰᠠ︾ ᠶᠢᠨ ᠠᠮᠢ ᠠᠬᠤᠶ ᠣᠷᠴᠢᠨ ᠲᠣᠭᠤᠷᠢᠨ ᠢ ᠲᠣᠭᠤᠷᠢᠭ ᠬᠤᠪᠢᠶᠠᠵᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠳᠤ ᠲᠥᠯᠥᠪᠦᠷᠢ ᠦᠭᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠣᠭᠲᠠᠴᠠ ᠪᠠᠶᠢᠭᠤᠯᠬᠤ ᠶᠢ ᠠᠬᠢᠭᠤᠯᠵᠤ᠂ ᠲᠦᠯᠦᠪᠦᠷᠢ ᠦᠭᠴᠤ ᠵᠠᠰᠠᠨ ᠰᠡᠷᠬᠦᠬᠡᠬᠦ ᠶᠢ ᠬᠡᠷᠡᠭᠵᠢᠬᠦᠯᠬᠦ ᠳᠤ ᠬᠢᠨᠠᠯᠳᠠ ᠳᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ︽ᠳᠤᠮᠳᠠᠳᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠠᠮᠠᠭᠠᠯᠠᠯᠲᠠ ᠶᠢᠨ ᠰᠠᠭᠤᠷᠢ ᠮᠥᠩᠭᠦ︾ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠥᠷᠨᠢᠭᠦᠯᠦᠨ᠎ᠡ᠃       ︵ᠬᠤᠶᠠᠷ︶ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠲᠤᠭᠲᠠᠮᠵᠢ ᠳᠤ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠪᠣᠯᠤᠨ ᠬᠡᠷᠡᠭᠯᠡᠭᠡ ᠶᠢᠨ ᠰᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠬᠦᠴᠦᠯᠡᠨ ᠪᠠᠶᠢᠭᠤᠯᠵᠤ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ       ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠳᠬᠤᠵᠤ ᠪᠡᠯᠡ ᠣᠷᠤᠭᠤᠯᠤᠯᠲᠠ ᠶᠢ ᠲᠣᠭᠲᠠᠭᠤᠨᠵᠢᠭᠤᠯᠤᠨ᠎ᠠ᠃ ︽ᠲᠦᠷᠦᠯ ᠵᠦᠢᠯ ᠢᠶᠠᠷ ᠲᠤᠯᠭᠠᠭᠤᠷᠢᠯᠠᠬᠤ︾ ᠤᠳᠤᠷᠢᠳᠤᠮᠵᠢ ᠶᠢ ᠪᠠᠲᠤ ᠪᠠᠬᠢ ᠪᠣᠢ ᠪᠣᠯᠭᠠᠵᠤ᠂ ᠡᠪᠦᠯ ᠳᠡᠭᠡᠨ ᠪᠣᠭᠤᠮᠲᠠ ᠰᠢᠪᠲᠤᠯᠬᠤ᠂ ᠬᠠᠪᠤᠷ ᠲᠠᠭᠠᠨ ᠠᠵᠢᠯ ᠡᠬᠢᠯᠡᠬᠦ᠂ ᠵᠣᠨ ᠳᠠᠭᠠᠨ ᠰᠢᠪᠲᠤᠯᠤᠯᠲᠠ ᠬᠢᠬᠦ᠂ ᠨᠠᠮᠤᠷ ᠲᠠᠭᠠᠨ ᠰᠢᠢᠳᠪᠦᠷᠢᠲᠦ ᠢᠯᠠᠯᠲᠠ ᠣᠯᠬᠤ ᠶᠢ ᠲᠥᠪᠯᠡᠷᠡᠭᠦᠯᠦᠭᠰᠡᠨ ᠬᠠᠮ ᠳᠠᠶᠢᠯᠠᠯᠳᠤᠭᠠᠨ ᠢ ᠰᠠᠶᠢᠲᠤᠷ ᠬᠢᠵᠤ᠂ ᠬᠤᠰᠢᠭᠤ ᠬᠤᠲᠠ ᠲᠤᠭᠤᠷᠢᠭ ᠤᠨ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠤᠨ ᠰᠢᠯᠢᠳᠡᠭᠵᠢᠬᠦᠯᠦᠯᠳᠡ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠪᠠᠶᠢᠳᠠᠯ ᠢ ᠪᠡᠶᠡᠯᠡᠬᠦᠯᠦᠭᠰᠡᠨ ᠪᠠᠶᠢᠳᠠᠯ ᠳᠤ ᠤᠯᠠᠷᠢᠯ ᠢᠶᠠᠷ ᠰᠢᠯᠭᠠᠨ ᠬᠢᠨᠠᠬᠤ ᠦᠨᠡᠯᠡᠯᠳᠡ ᠶᠠᠪᠤᠭᠤᠯᠵᠤ᠂ᠬᠤᠲᠠ ᠶᠢᠨ ᠳᠡᠰ ᠤᠨ ᠭᠤᠣᠯᠳᠠᠯᠭᠠᠲᠤ ᠲᠥᠷᠦᠯ ᠵᠦᠢᠯ ᠤᠨ ᠠᠵᠢᠯ ᠡᠬᠢᠯᠡᠭᠦᠯᠦᠨ ᠰᠡᠷᠭᠦᠭᠡᠬᠦ ᠨᠣᠷᠮ᠎ᠠ᠂ ᠪᠡᠯᠡ ᠤᠷᠤᠭᠤᠯᠤᠯᠲᠠ ᠶᠢ ᠪᠡᠶᠡᠯᠡᠭᠦᠯᠬᠦ ᠨᠤᠷᠮ᠎ᠠ ᠶᠢ ᠲᠤᠰ ᠪᠦᠷᠢ 90% ᠪᠠ 70% ᠠᠴᠠ ᠳᠡᠭᠡᠭᠰᠢ ᠳᠤ ᠬᠦᠷᠭᠡᠨ᠎ᠡ᠃ ︽ᠬᠤᠶᠠᠷ ᠰᠢᠨ᠎ᠡ ᠨᠢᠭᠡ ᠴᠢᠬᠤᠯᠠ︾ ᠪᠠ ᠳᠤᠲᠠᠭᠤᠳᠠᠯ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠵᠢᠭᠡᠯᠡᠯᠭᠡ ᠶᠢᠨ ᠳᠡᠮᠳᠡᠭᠲᠦ ᠶᠢ ᠴᠢᠷᠮᠠᠶᠢᠨ ᠤᠯᠵᠤ᠂ ᠲᠦᠷᠦᠯ ᠵᠦᠢᠯ ᠤᠨ ᠨᠥᠭᠡᠴᠡ ᠪᠠ ᠬᠥᠳᠡᠯᠦᠩᠭᠦᠢ ᠦᠷᠭᠦᠯᠵᠢᠯᠡᠬᠦ ᠲᠤᠭᠲᠠᠴᠠ ᠶᠢ ᠲᠡᠭᠦᠯᠳᠡᠷᠵᠢᠭᠦᠯᠵᠦ᠂ ᠭᠤᠷᠪᠠᠨ ᠱᠠᠲᠤᠨ ᠤ ᠲᠥᠷᠦᠯ ᠵᠦᠢᠯ ᠤᠨ ᠬᠥᠮᠦᠷᠭᠡ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠬᠥᠮᠦᠷᠭᠡ ᠳᠤ ᠤᠷᠤᠭᠤᠯᠬᠤ ᠲᠦᠷᠦᠯ ᠵᠦᠢᠯ ᠤᠨ ᠲᠤᠭ᠎ᠠ ᠶᠢ 5% ᠣᠷᠴᠢᠮ ᠨᠡᠮᠡᠭᠳᠡᠭᠦᠯᠦᠨ᠎ᠡ᠃ ᠱᠠᠲᠤ ᠬᠤᠪᠢᠶᠠᠨ ᠲᠥᠷᠦᠯ ᠬᠤᠪᠢᠶᠠᠵᠤ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢ ᠬᠦᠴᠦᠯᠡᠨ ᠥᠷᠨᠢᠭᠦᠯᠵᠦ᠂ ᠬᠠᠷᠠᠯᠲᠠᠲᠣ ᠠᠵᠤ ᠠᠬᠤᠶᠢᠯᠠᠯ ᠢ ᠮᠥᠷᠳᠡᠨ ᠦᠢᠯᠡᠴᠢᠯᠡᠬᠦ᠂ ᠭᠡᠷ᠎ᠡ ᠲᠣᠭᠲᠠᠭᠰᠠᠨ ᠲᠥᠷᠦᠯ ᠵᠦᠢᠯ ᠢ ᠮᠥᠷᠳᠡᠨ ᠦᠷ᠎ᠡ ᠪᠦᠲᠦᠮᠵᠢ ᠶᠢ ᠠᠰᠠᠭᠤᠬᠤ᠂ ᠠᠮᠠᠯᠠᠭᠰᠠᠨ ᠲᠥᠷᠦ ᠶᠢᠨ ᠪᠣᠳᠤᠯᠭ᠎ᠠ ᠶᠢ ᠮᠥᠷᠳᠡᠨ ᠪᠡᠶᠡᠯᠡᠭᠦᠯᠬᠦ ᠶᠢ ᠰᠠᠶᠢᠲᠤᠷ ᠬᠢᠵᠤ᠂ ᠤᠯᠤᠰ ᠤᠨ ᠳᠤᠲᠤᠭᠠᠳᠤ ︵ᠤᠷᠤᠨ ᠤ ᠭᠠᠳᠠᠨᠠᠬᠢ︶ ᠶᠢᠨ ᠪᠡᠯᠡ ᠮᠥᠩᠭᠦ ᠶᠢ ᠤᠷᠤᠭᠤᠯᠤᠨ ᠠᠪᠴᠢᠷᠠᠬᠤ ᠶᠢ 15% ᠨᠡᠮᠡᠭᠳᠡᠭᠦᠯᠬᠦ ᠪᠠᠷ ᠴᠢᠷᠮᠠᠶᠢᠨ᠎ᠠ᠃ ᠵᠠᠰᠠᠭ ᠤᠨ ᠣᠷᠳᠤᠨ ᠤ ᠪᠡᠯᠡ ᠤᠷᠤᠭᠤᠯᠤᠯᠲᠠ ᠶᠢᠨ ᠬᠥᠲᠦᠯᠦᠨ ᠵᠢᠯᠤᠭᠤᠳᠬᠤ ᠪᠠ ᠳᠠᠶᠢᠴᠢᠯᠠᠨ ᠬᠦᠭᠵᠢᠭᠦᠯᠬᠦ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠨᠡᠶᠢᠭᠡᠮ ᠤᠨ ᠪᠡᠯᠡ ᠤᠷᠤᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠦᠭᠵᠢᠭᠡᠨ᠎ᠡ᠃       ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠨᠡᠩ ᠬᠦᠴᠦᠲᠡᠢ ᠠᠷᠭ᠎ᠠ ᠬᠡᠮᠵᠢᠶ᠎ᠡ ᠠᠪᠴᠦ ᠵᠠᠬ᠎ᠠ ᠳᠡᠯᠭᠡᠬᠦᠷ ᠤᠨ ᠬᠡᠷᠡᠭᠴᠡᠭᠡ ᠶᠢᠨ ᠱᠠᠭᠠᠷᠳᠠᠯᠭ᠎ᠠ ᠶᠢ ᠥᠷᠭᠡᠳᠬᠡᠨ᠂ ᠬᠡᠷᠡᠭᠯᠡᠭᠡ ᠶᠢᠨ ᠨᠡᠮᠡᠭᠳᠡᠯ ᠢ ᠠᠬᠢᠭᠤᠯᠵᠤ᠂ ᠰᠦᠨᠢ ᠶᠢᠨ ᠬᠡᠷᠡᠭᠯᠡᠭᠡ᠂ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠲᠤᠭᠲᠠᠮᠠᠯ ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠵᠡᠷᠭᠡ ᠰᠢᠨ᠎ᠡ ᠬᠠᠯᠠᠮᠰᠢᠯ ᠴᠡᠭ ᠢ ᠪᠤᠶᠢᠵᠢᠭᠤᠯᠤᠨ᠂ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠡᠷᠬᠡ ᠳᠤ ᠬᠠᠯᠳᠠᠨ ᠬᠠᠭᠤᠷᠮᠠᠭ ᠲᠠᠸᠠᠷ ᠦᠢᠯᠡᠳᠬᠦ ᠳᠤ ᠴᠣᠬᠢᠯᠲᠠ ᠦᠭᠴᠦ᠂ ᠰᠢᠭᠤᠳ ᠤᠷᠤᠯᠴᠠᠬᠤ ᠮᠠᠶ᠋ᠢᠭ ᠤᠨ ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ ᠵᠡᠷᠭᠡ ᠶᠡᠷᠦᠩᠬᠡᠶᠢᠯᠡᠭᠰᠡᠨ ᠬᠤᠳᠠᠯᠳᠤᠭᠠᠨ ᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠥᠪᠦᠷ ᠮᠣᠩᠭᠤᠯ ᠤᠨ ᠬᠠᠭᠤᠴᠢᠨ ᠨᠡᠷᠡᠲᠦ ᠳᠡᠮᠳᠡᠭᠲᠦ︾ ᠪᠠᠷ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠴᠠᠬᠢᠮ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠦᠭᠵᠢᠬᠦ ᠶᠢ ᠴᠢᠩᠭᠠᠳᠬᠠᠵᠤ᠂ ︽ᠬᠦᠯᠦᠨ ᠪᠥᠢᠷ·ᠰᠦᠯᠵᠢᠶᠡᠨ ᠤ ᠠᠷᠠᠯᠵᠢᠶ᠎ᠠ︾ ᠵᠡᠷᠭᠡ 9 ᠶᠡᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠯᠦᠨ ᠪᠥᠢᠷ ᠤᠨ ᠤᠷᠤᠨ ᠪᠦᠰᠡ ᠶᠢᠨ ᠴᠠᠬᠢᠮ ᠬᠤᠳᠠᠯᠳᠤᠭᠠᠨ ᠤ ᠲᠠᠪᠴᠠᠩ ᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠨᠤᠳᠤᠭᠰᠢᠭᠤᠯᠬᠤ ᠠᠵᠤ ᠠᠬᠤᠶᠢᠯᠠᠯ ᠢ 500 ᠡᠷᠦᠬᠡ ᠠᠴᠠ ᠳᠡᠭᠡᠭᠰᠢ᠂ ᠳᠠᠪᠴᠠᠩ ᠤᠨ ᠬᠡᠷᠡᠭᠯᠡᠭᠡ  ᠶᠢ 20 ᠲᠦᠮᠡᠨ ᠬᠦᠮᠦᠨ ᠤᠳᠠᠭ᠎ᠠ ᠠᠴᠠ ᠳᠡᠭᠡᠭᠰᠢ ᠪᠡᠶᠡᠯᠡᠭᠦᠯᠵᠦ᠂ ᠨᠡᠩ ᠤᠯᠠᠨ ᠭᠠᠳᠠᠨ᠎ᠠ ᠭᠠᠵᠠᠷ ᠤᠨ ᠬᠡᠷᠡᠭᠯᠡᠭᠡ ᠶᠢ ᠬᠦᠯᠦᠨ ᠪᠥᠢᠷ ᠲᠠᠭᠠᠨ ᠤᠷᠤᠭᠤᠯᠤᠨ ᠠᠪᠴᠢᠷᠠᠵᠤ᠂ ᠨᠡᠩ ᠤᠯᠠᠨ ᠲᠤᠰ ᠭᠠᠵᠠᠷ ᠤᠨ ᠬᠡᠷᠡᠭᠯᠡᠭᠡ ᠶᠢ ᠬᠥᠯᠦᠨ ᠪᠥᠢᠷ ᠲᠠᠭᠠᠨ ᠦᠯᠡᠳᠡᠭᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 7.6% ᠣᠷᠴᠢᠮ ᠨᠡᠮᠡᠭᠳᠡᠭᠦᠯᠦᠨ᠎ᠡ᠃       ᠠᠷᠭ᠎ᠠ ᠪᠦᠬᠦᠨ ᠢ ᠰᠦᠪᠡᠭᠴᠢᠯᠡᠨ ᠬᠢᠯᠢ ᠶᠢᠨ ᠪᠤᠭᠤᠮᠳᠠ ᠶᠢᠨ ᠠᠵᠤ ᠠᠬᠤᠢ ᠶᠢ ᠬᠦᠭᠵᠢᠬᠡᠨ᠎ᠡ᠃ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ 5.5% ᠣᠷᠴᠢᠮ ᠨᠡᠮᠡᠭᠳᠡᠬᠦ ᠶᠢ ᠠᠬᠢᠭᠤᠯᠤᠨ᠎ᠠ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠯᠢ ᠶᠢᠨ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠵᠦ᠂ ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠶᠢᠨ ᠮᠠᠨᠵᠤᠤᠷ ᠲᠠᠬᠢ ᠲᠥᠪᠯᠡᠷᠡᠭᠦᠯᠦᠨ ᠨᠡᠶᠢᠯᠡᠭᠦᠯᠬᠦ ᠲᠥᠪ ᠢ ᠪᠠᠶᠢᠭᠤᠯᠵᠤ᠂ ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠶᠢᠨ ᠤᠷᠤᠯᠴᠠᠴᠠ ᠶᠢ ᠪᠦᠲᠦᠮᠵᠢᠲᠡᠢ ᠨᠡᠮᠡᠭᠳᠡᠭᠦᠯᠵᠦ᠂ ᠳᠤᠮᠳᠠᠳᠤ ᠧᠦ᠋ᠷᠣᠫᠠ ᠶᠢᠨ ᠭᠠᠯᠲᠤ ᠲᠡᠷᠭᠡᠨ ᠤ ᠲᠤᠭᠲᠠᠭᠤᠨ ᠶᠠᠪᠤᠭᠳᠠᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︽ᠬᠢᠯᠢ ᠶᠢᠨ ᠪᠣᠭᠤᠮᠲᠠ ᠳᠣᠲᠤᠷ ᠭᠠᠵᠠᠷ︾ ᠤᠨ ᠠᠵᠤ ᠠᠬᠤᠶ ᠶᠢᠨ ᠨᠢᠭᠡ ᠴᠣᠭᠴᠠᠵᠢᠭᠤᠯᠬᠤ ᠰᠢᠨ᠎ᠡ ᠲᠤᠭᠲᠠᠯᠴᠠᠭ᠎ᠠ ᠶᠢ ᠪᠠᠶᠢᠭᠤᠯᠵᠤ᠂ ᠮᠠᠨᠵᠤᠤᠷ ᠤᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠴᠣᠭᠴᠠᠯᠠᠨ ᠪᠠᠶᠢᠭᠤᠯᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠢᠳᠡᠰᠢᠨ ᠮᠥᠭᠦ ᠶᠢᠨ ᠰᠠᠭᠤᠷᠢᠨ ᠭᠠᠵᠠᠷ ᠤᠨ ᠭᠠᠳᠠᠭᠠᠳᠤ ᠳᠤ ᠭᠠᠷᠭᠠᠬᠤ ᠬᠡᠪᠴᠢᠶᠡᠵᠢᠯ ᠢ ᠪᠤᠵᠠᠭᠠᠶᠢᠷᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠨᠡᠪᠲᠡᠷᠡᠯ ᠵᠠᠮ ᠤᠨ ᠠᠵᠤ ᠠᠬᠤᠶ ᠶᠢ ᠪᠤᠵᠠᠭᠠᠶᠢᠷᠠᠭᠤᠯᠵᠤ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠳᠤᠮᠳᠠᠳᠤ ᠣᠷᠣᠰ ᠮᠣᠩᠭᠤᠯ ᠤᠨ ᠠᠵᠤ ᠠᠬᠤᠶ ᠠᠷᠠᠯᠵᠢᠶ᠎ᠠ ᠶᠢᠨ ᠦᠵᠡᠭᠦᠯᠭᠡ ᠵᠦᠪᠳᠡᠯᠴᠡᠭᠡᠷ ᠤᠨ ᠬᠤᠷᠠᠯ ᠵᠡᠷᠭᠡ ᠦᠵᠡᠰᠬᠦᠯᠡᠩ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃       ᠠᠷᠭ᠎ᠠ ᠪᠦᠬᠦᠨ ᠢ ᠰᠦᠪᠡᠭᠴᠢᠯᠡᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠥᠷᠢ ᠥᠭᠴᠡᠭᠡ ᠶᠢ ᠠᠷᠢᠯᠭᠠᠬᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠢᠳᠡᠪᠬᠢᠲᠡᠢ ᠦᠷᠭᠡᠳᠬᠡᠨ᠂ ᠦᠨᠳᠦᠰᠦᠨ ᠱᠠᠲᠤᠨ ᠤ ᠵᠠᠰᠠᠭ ᠤᠨ ᠤᠷᠳᠤᠨ ᠤ ᠥᠷᠢ ᠥᠭᠴᠡᠭᠡ ᠶᠢ ᠲᠦᠷᠭᠡᠳᠬᠡᠨ ᠠᠷᠢᠯᠭᠠᠵᠤ᠂ ᠰᠢᠨ᠎ᠡ ᠪᠠᠷ ᠨᠡᠮᠡᠭᠳᠡᠬᠦ ᠵᠠᠰᠠᠭ ᠤᠨ ᠤᠷᠳᠤᠨ ᠤ ᠳᠠᠯᠳᠠ ᠥᠷᠢ ᠥᠭᠴᠡᠭᠡ ᠶᠢ ᠡᠷᠡᠰ ᠬᠤᠷᠢᠭᠯᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠲᠤᠭᠲᠠᠴᠠ ᠶᠢ ᠴᠢᠩᠭ᠎ᠠ ᠬᠡᠷᠡᠭᠵᠢᠭᠦᠯᠦᠨ᠂ ᠲᠥᠰᠦᠪ ᠤᠨ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠂ ᠰᠣᠬᠤᠷ ᠪᠠᠯᠠᠢ ᠪᠠᠷ ᠬᠡᠲᠦᠷᠡᠲᠡᠯ᠎ᠡ ᠤᠷᠢᠳᠴᠢᠯᠠᠨ ᠵᠢᠭᠡᠯᠡᠬᠦ ᠶᠢ ᠡᠷᠡᠰ ᠬᠤᠷᠢᠭᠯᠠᠨ᠎ᠠ᠃ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠦᠢ ᠪᠤᠰᠤ ᠬᠦᠷᠦᠩᠭᠡ ᠶᠢ ᠪᠠᠭᠠᠰᠬᠠᠵᠤ᠂ ᠥᠨᠳᠦᠷ ᠲᠦᠭᠰᠢᠭᠦᠷᠢᠲᠦ ᠤᠷᠤᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠬᠠᠤᠯᠢ ᠶᠤᠰᠤᠭᠠᠷ ᠯᠠᠪᠳᠠᠭᠤᠨ ᠢᠶᠠᠷ ᠠᠷᠢᠯᠭᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠠᠯᠠᠲᠤ ᠬᠡᠷᠡᠭ ᠲᠤ ᠬᠦᠴᠦᠲᠡᠢ ᠴᠣᠬᠢᠯᠲᠠ ᠥᠭᠴᠦ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠠ ᠢᠯᠭᠠᠨ ᠲᠣᠳᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ