︵ᠭᠤᠷᠪᠠ︶ ᠠᠵᠤ ᠦᠢᠯᠡᠰ ᠤᠨ ᠪᠦᠲᠦᠴᠡ ᠶᠢ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠠᠯᠳᠠ | ᠬᠦᠴᠦᠨ ᠢ ᠭᠦᠨᠵᠡᠭᠡᠶ ᠠᠭᠤᠳᠠᠯᠤᠨ᠎ᠠ᠃ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠬᠤ᠂ ᠨᠡᠮᠡᠭᠳᠡᠭᠦᠯᠬᠦ ᠬᠥᠩᠭᠡᠷᠡᠭᠦᠯᠬᠦ ᠶᠢ ᠵᠡᠷᠭᠡᠪᠡᠷ ᠠᠳᠬᠤᠬᠤ᠂ ᠯᠠᠪᠳᠠᠭᠤᠨ | ᠪᠠᠲᠤᠲᠠᠢ ᠠᠵᠢᠯᠯᠠᠬᠤ ᠱᠠᠭᠠᠷᠳᠠᠯᠭ᠎ᠠ ᠶᠣᠰᠣᠭᠠᠷ᠂ ᠳᠡᠭᠡᠳᠦ ᠵᠡᠷᠭᠡᠯᠡᠯ ᠤᠨ ᠣᠶᠤᠨᠴᠢᠯᠠᠭᠰᠠᠨ ᠪᠣᠬᠢᠷᠲᠤᠯ ᠦᠭᠡᠶᠢᠵᠢᠭᠰᠡᠨ ᠴᠢᠭᠯᠡᠯ ᠢ ᠣᠨᠢᠯᠠᠵᠤ᠂ ︽ᠲᠠᠪᠤᠨ ᠶᠡᠭᠡ | ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠳᠠᠪᠠᠭᠤᠯᠢᠭ ᠢ ᠪᠦᠬᠦ ᠬᠦᠴᠦᠨ ᠢᠶᠠᠷ ᠢᠶᠠᠨ | ᠶᠡᠬᠡᠳᠬᠡᠨ ᠪᠠᠳᠠᠷᠠᠭᠤᠯᠵᠤ᠂ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠦᠭᠵᠢᠬᠦ ᠶᠢ ᠪᠠᠲᠤᠲᠠᠶ ᠠᠬᠢᠭᠤᠯᠤᠨ᠎ᠠ᠃ ᠤᠶᠤᠨ | ᠴᠢᠳᠠᠯ ᠢᠶᠠᠨ ᠲᠥᠪᠯᠡᠷᠡᠭᠦᠯᠦᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠳᠬᠤᠵᠤ᠂ 14 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 14 | ᠳ᠋ᠦᠩᠰᠢᠭᠤᠷ ᠲᠥᠭᠦᠷᠢᠭ ᠶᠡᠷᠦᠩᠬᠡᠶ ᠪᠠᠯᠠ ᠣᠷᠤᠭᠤᠯᠤᠨ᠎ᠠ᠃ ᠵᠢᠭᠤᠯᠴᠢᠯᠠᠯ ᠤᠨ ᠦᠢᠯᠡᠰ ᠢ ᠪᠦᠬᠦ ᠪᠦᠰᠡ ᠪᠦᠬᠦ ᠤᠯᠠᠷᠢᠯ ᠪᠦᠬᠦ ᠦᠢᠯᠡᠰ ᠲᠤ ᠬᠦᠭᠵᠢᠭᠦᠯᠬᠦ | ᠱᠠᠭᠠᠷᠳᠠᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠪᠠ ᠰᠣᠶᠣᠯ ᠵᠢᠭᠤᠯᠴᠢᠯᠠᠯ ᠤᠨ | ᠲᠣᠭᠠᠴᠢᠯᠠᠭᠰᠠᠨ ᠢᠨᠵᠧᠨᠧᠷᠢᠩ ᠢ ᠥᠷᠨᠢᠭᠦᠯᠵᠦ᠂ ︽ᠬᠥᠯᠥᠨ ᠪᠤᠶᠢᠷ ᠨᠡᠷᠡᠮᠵᠢᠲᠦ︾ ᠲᠠᠯ᠎ᠠ ᠨᠤᠲᠤᠭ ᠣᠶ ᠰᠢᠭᠤᠶ ᠶᠢᠨ ᠵᠢᠭᠤᠯᠴᠢᠯᠠᠯ ᠤᠨ ᠭᠠᠯᠲᠤ ᠲᠡᠷᠭᠡ ᠶᠢᠨ | ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ — ᠮᠡᠷᠭᠡᠯ ᠭᠤᠤᠯ ᠤᠨ 5A ᠲᠠᠰ ᠤᠨ ᠦᠵᠡᠮᠵᠢ ᠶᠢᠨ | ᠣᠷᠣᠨ ᠪᠠ ᠪᠥᠬᠦ ᠤᠯᠤᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠬᠠᠶᠢᠯᠠᠷ ᠲᠣᠭᠤᠷᠢᠭ᠂ ᠡᠷᠭᠦᠨ᠎ᠡ | ᠬᠤᠲᠠ ᠶᠢᠨ ᠪᠥᠬᠦ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ︽ᠬᠥᠯᠥᠨ ᠪᠤᠶᠢᠷ ᠤᠨ ᠰᠠᠷᠠᠭᠤᠯ | ᠲᠠᠯ᠎ᠠ ᠨᠤᠲᠤᠭ︾ ︽ᠶᠡᠭᠡ ᠬᠢᠩᠭᠠᠨ ᠳᠠᠪᠠᠭ᠎ᠠ ᠶᠢᠨ ᠣᠶ ᠰᠢᠭᠤᠶ︾ ᠶᠢᠨ ᠲᠦᠷᠦᠯ ᠲᠡᠮᠳᠡᠭ ᠢ ᠪᠤᠶ ᠪᠣᠯᠭᠠᠵᠤ᠂ ︽ᠬᠥᠯᠥᠨ ᠪᠤᠶᠢᠷ ᠤᠨ ᠮᠥᠰᠥ ᠴᠠᠰᠤᠨ ᠤ | ᠡᠳᠦᠷᠯᠢᠭ︾ ᠵᠡᠷᠭᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠦᠯ ᠲᠡᠮᠳᠡᠭ ᠤᠨ ᠡᠵᠡᠩᠨᠡᠨ ᠪᠤᠷᠤᠯᠠᠭᠤᠯᠬᠤ ᠳᠡᠯᠭᠡᠷᠡᠭᠦᠯᠬᠦ ᠶᠢ ᠠᠯᠬᠤᠮ ᠴᠢᠨᠠᠭᠰᠢᠳᠠ | ᠴᠢᠩᠭᠠᠳᠬᠠᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠡᠪᠴᠢᠶᠡᠵᠢᠯ ᠪᠠ ᠦᠷ᠎ᠡ ᠠᠰᠢᠭ ᠢ ᠲᠡᠩᠴᠡᠭᠦᠷᠢᠲᠡᠶ ᠥᠷᠭᠡᠳᠬᠡᠨ᠂ ᠵᠢᠭᠤᠯᠴᠢᠯᠠᠯ ᠤᠨ ᠦᠢᠯᠡᠰ ᠤᠨ | ᠵᠢᠯ ᠤᠨ ᠳᠦᠷᠪᠡᠨ ᠤᠯᠠᠷᠢᠯ ᠤᠨ ᠬᠦᠭᠵᠢᠶᠡᠨᠲᠡᠢ ᠪᠠᠶᠢᠬᠤ ᠶᠢ ᠳᠠᠶᠢᠴᠢᠯᠠᠨ᠎ᠠ᠃ ︽ᠵᠢᠭᠤᠯᠴᠢᠯᠠᠯ +︾ ︽+ ᠵᠢᠭᠤᠯᠴᠢᠯᠠᠯ︾ ᠭᠡᠬᠦ ᠡᠨᠡᠬᠦ ᠲᠣᠮᠣ ᠶᠠᠪᠤᠳᠠᠯ ᠢ ᠨᠢᠮᠪᠠᠶ | ᠰᠠᠶᠢᠲᠤᠷ ᠬᠢᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠣᠯᠢᠯᠴᠠᠭ᠎ᠠ ᠠᠬᠢᠭᠤᠯᠤᠯᠲᠠ ᠶᠢᠨ ᠬᠤᠷᠠᠯ ᠢ | ᠬᠤᠷᠠᠯᠳᠤᠭᠤᠯᠵᠤ᠂ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠶᠢᠷ ᠢ ᠪᠡᠯᠡᠳᠬᠡᠨ ᠡᠷᠭᠢᠯᠡᠵᠦ᠂ ᠬᠥᠯᠥᠨ ᠪᠤᠶᠢᠷ ᠤᠨ | ᠲᠣᠭᠠᠴᠢᠯᠠᠭᠰᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ︽ᠬᠦᠯᠦᠨ ᠪᠥᠢᠷ ᠤᠨ ᠬᠠᠶᠢᠷ᠎ᠠ︾ ᠮᠦᠰᠦᠨ ᠪᠦᠵᠢᠭ ᠤᠨ | ᠦᠵᠡᠭᠦᠯᠭᠡ ᠶᠢ ᠰᠠᠶᠢᠲᠤᠷ ᠬᠢᠵᠦ᠂ ᠵᠢᠭᠤᠯᠴᠢᠯᠠᠯ ᠤᠨ ᠦᠢᠯᠡᠰ ᠤᠨ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠯᠦᠭᠡ ᠬᠠᠷᠢᠯᠴᠠᠨ ᠠᠭᠤᠰᠤᠯᠴᠠᠵᠤ ᠬᠠᠷᠢᠯᠴᠠᠨ ᠳᠡᠳᠬᠦᠬᠦ ᠶᠢ ᠠᠬᠢᠭᠤᠯᠤᠨ ᠲᠠᠰ ᠳᠡᠪᠰᠢᠭᠦᠯᠵᠦ᠂ ᠰᠣᠶᠣᠯ ᠵᠢᠭᠤᠯᠴᠢᠯᠠᠯ ᠤᠨ | ᠬᠦᠴᠦᠷᠬᠡᠭ ᠬᠤᠲᠠ ᠶᠢᠨ ᠨᠡᠷ᠎ᠡ ᠶᠢᠨ ᠺᠠᠷᠲ ᠢᠶᠠᠨ ᠳᠡᠯᠭᠡᠵᠦ᠂ ᠬᠥᠯᠥᠨ ᠪᠤᠶᠢᠷ ᠤᠨ ᠵᠢᠭᠤᠯᠴᠢᠯᠠᠯ ᠤᠨ ᠴᠢᠨᠠᠷᠯᠢᠭ᠂ ᠪᠠᠶᠢᠭᠠᠯᠢᠯᠢᠭ᠂ ᠰᠢᠨᠡᠯᠢᠭ ᠴᠢᠨᠠᠷ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠵᠢᠭᠤᠯᠴᠢᠯᠠᠯ ᠤᠨ ᠣᠷᠣᠯᠭ᠎ᠠ ᠶᠢ 8% ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠬᠡᠮᠵᠢᠶ᠎ᠡ ᠶᠢ ᠨᠡᠮᠡᠭᠳᠡᠭᠦᠯᠦᠨ ᠴᠢᠨᠠᠷ ᠢ ᠰᠠᠶᠢᠵᠢᠷᠠᠭᠤᠯᠵᠤ ᠬᠦᠭᠵᠢᠬᠦ ᠶᠢ ᠪᠠᠲᠤᠲᠠᠢ ᠠᠬᠢᠭᠤᠯᠤᠨ᠎ᠠ᠃ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢ ᠬᠦᠭᠵᠢᠭᠦᠯᠬᠦ ᠪᠠᠷ ᠭᠤᠤᠯ ᠰᠢᠪᠲᠤᠯᠬᠤ ᠴᠢᠭᠯᠡᠯ ᠪᠣᠯᠭᠠᠬᠤ ᠶᠢ ᠪᠠᠷᠢᠮᠲᠠᠯᠠᠵᠤ᠂ 19 ᠭᠤᠤᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠵᠦ᠂ 71.8 ᠳ᠋ᠦᠩᠰᠢᠭᠤᠷ ᠲᠥᠭᠦᠷᠢᠭ ᠶᠡᠷᠦᠩᠬᠡᠶ ᠪᠠᠯᠠ ᠣᠷᠤᠭᠤᠯᠤᠨ᠎ᠠ᠃ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠰᠢᠷ᠎ᠠ ᠪᠤᠷᠴᠠᠭ᠂ ᠰᠢᠯᠢᠮᠳᠡᠭ ᠲᠠᠷᠢᠬᠤ ᠲᠠᠯᠠᠪᠠᠢ ᠶᠢ ᠥᠷᠭᠡᠳᠬᠡᠵᠦ᠂ ᠠᠮᠤ ᠪᠤᠳᠠᠭᠠᠨ ᠤ ᠲᠠᠷᠢᠬᠤ ᠲᠠᠯᠠᠪᠠᠢ ᠶᠢ 2450 | ᠲᠦᠮᠡᠨ ᠮᠦ ᠣᠷᠴᠢᠮ ᠳᠤ ᠲᠣᠭᠲᠠᠪᠤᠷᠢᠵᠢᠭᠤᠯᠤᠨ᠎ᠠ᠃ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠬᠡᠷᠡᠭᠵᠢᠭᠦᠯᠵᠦ᠂ ᠲᠥᠮᠥᠰᠥ᠂ | ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠢᠶᠠᠷᠢ ᠲᠥᠪ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠤᠯᠤᠰ ᠤᠨ ᠰᠢᠷ᠎ᠠ ᠪᠤᠷᠴᠠᠭ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠷ᠎ᠠ | ᠪᠤᠷᠴᠠᠭ ᠤᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠷᠮᠠᠶᠢᠨ ᠪᠠᠶᠢᠭᠤᠯᠵᠤ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠰᠢᠷ᠎ᠠ | ᠪᠤᠷᠴᠠᠭ ᠤᠨ ᠰᠢᠨ᠎ᠡ ᠦᠷ᠎ᠡ ᠡᠭᠦᠯᠳᠡᠷ ᠤᠨ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠵᠦ᠂ 93.5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 725 ᠲᠦᠮᠡᠨ ᠮᠥ ᠬᠠᠷ᠎ᠠ ᠬᠥᠷᠦᠰᠦ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ | ᠪᠠ 420 ᠲᠦᠮᠡᠨ ᠮᠥ ᠲᠠᠷᠢᠶᠠᠨ ᠭᠠᠵᠠᠷ ᠢ ᠰᠡᠯᠭᠦᠨ ᠳᠠᠷᠢᠬᠤ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰᠵᠢᠯᠲᠡ ᠶᠢᠨ ᠠᠬᠢᠴᠠ ᠶᠢ ᠲᠦᠷᠭᠡᠳᠬᠡᠵᠦ᠂ ᠡᠷᠭᠦᠨ᠎ᠡ ᠬᠤᠲᠠ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠪᠠ ᠱᠧᠩ ᠲᠦᠩ ᠰᠢᠬᠢᠷ ᠤᠨ | ᠦᠢᠯᠡᠰ ᠤᠨ ᠭᠤᠷᠪᠠᠨ ᠲᠠᠯ᠎ᠠ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠳᠠᠪᠠᠭᠠᠨ ᠤ ᠵᠡᠭᠦᠨᠳᠡᠬᠢ ᠬᠤᠰᠢᠭᠤ | ᠬᠤᠲᠠ ᠶᠢᠨ ᠥᠨᠳᠥᠷ ᠪᠠᠷᠢᠮᠵᠢᠶᠠᠲᠤ ᠠᠮᠢᠳᠤ ᠭᠠᠭ᠋ᠠᠶ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ | ᠳᠡᠮᠵᠢᠵᠦ᠂ ᠮᠠᠯ ᠤᠨ ᠲᠤᠭ᠎ᠠ ᠲᠤᠯᠤᠭᠠᠢ ᠶᠢ 1000 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ᠂ | ᠱᠧᠩ ᠲᠦᠩ ᠰᠢᠬᠢᠷ ᠤᠨ ᠦᠢᠯᠡᠰ᠂ ᠳ᠋ᠠ ᠬᠤᠩ ᠮᠧᠨ ᠮᠢᠬᠠᠨ ᠤ ᠲᠥᠷᠥᠯ ᠤᠨ ᠢᠳᠡᠭᠡᠨ ᠤ ᠺᠣᠮᠫᠠᠨᠢ ᠵᠡᠷᠭᠡ ᠬᠥᠲᠥᠴᠢ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠦᠨ | ᠤᠯᠠᠷᠢᠭᠤᠯᠬᠤ ᠨᠣᠷᠮ᠎ᠠ ᠶᠢ ᠳᠠᠬᠢᠨ 2 ᠵᠠᠭᠤᠨ ᠤ ᠴᠡᠭ ᠳᠡᠭᠡᠭᠰᠢᠯᠡᠭᠦᠯᠦᠨ᠎ᠡ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠦᠨᠢᠶᠡᠨ ᠰᠦ᠂ | ᠲᠥᠮᠥᠰᠥ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠦᠷᠦᠯ ᠲᠡᠮᠳᠡᠭ ᠤᠨ ᠦᠨ᠎ᠡ | ᠥᠰᠬᠦ ᠴᠢᠳᠠᠪᠤᠷᠢ ᠶᠢ ᠪᠦᠲᠦᠮᠵᠢᠲᠡᠶ ᠴᠢᠩᠭᠠᠷᠠᠭᠤᠯᠤᠨ᠎ᠠ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠶ ᠠᠬᠢᠭᠤᠯᠵᠤ᠂ ᠢᠯᠢ ᠶᠢᠨ | ᠦᠨᠳᠦᠷ ᠵᠡᠷᠭᠡᠯᠡᠯ ᠤᠨ ᠣᠷᠭᠠᠨᠢᠭ ᠰᠢᠩᠭᠡᠨ ᠲᠦᠯᠦᠪᠲᠤ ᠰᠦᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠷᠤᠨ ᠨᠤᠲᠤᠭ ᠤᠨ | ᠤᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠡᠪᠴᠢᠶᠡᠵᠢᠯ ᠢ ᠪᠤᠵᠠᠭᠠᠶᠢᠷᠠᠭᠤᠯᠤᠨ᠂ ᠴᠢᠨᠠᠷ ᠰᠠᠶᠢᠲᠠᠶ ᠰᠦᠨ ᠤ ᠢᠷᠡᠯᠲᠡ ᠶᠢᠨ ᠰᠠᠭᠤᠷᠢᠨ ᠭᠠᠵᠠᠷ ᠢ | ᠪᠥᠲᠥᠭᠡᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠲᠦᠪ ᠬᠤᠲᠠ ᠶᠢᠨ ᠲᠣᠭᠤᠷᠢᠭ ᠤᠨ | ᠲᠣᠭᠤᠷᠢᠨ᠂ ᠮᠠᠨᠵᠤᠤᠷ ᠬᠤᠲᠠ᠂ ᠵᠠᠯᠠᠨ ᠠᠶᠢᠯ ᠬᠤᠲᠠ ᠵᠡᠷᠭᠡ ᠭᠠᠵᠠᠷ ᠤᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠦᠨ ᠲᠦᠪᠯᠡᠷᠡᠭᠦᠯᠵᠦ ᠬᠦᠭᠵᠢᠬᠦ ᠶᠢ ᠪᠠᠲᠤᠲᠠᠢ ᠠᠬᠢᠭᠤᠯᠤᠨ᠎ᠠ᠃ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠬᠡᠪᠴᠢᠶᠡᠵᠢᠯ ᠢ ᠪᠥᠬᠦ ᠬᠦᠴᠦᠨ ᠢᠶᠠᠷ ᠢᠶᠠᠨ ᠪᠤᠶᠢᠵᠢᠭᠤᠯᠤᠨ ᠪᠤᠵᠠᠭᠠᠶᠢᠷᠠᠭᠤᠯᠵᠤ᠂ 23 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 198. | 2 ᠳ᠋ᠦᠩᠰᠢᠭᠤᠷ ᠲᠥᠭᠦᠷᠢᠭ ᠶᠡᠷᠦᠩᠬᠡᠶ ᠪᠠᠯᠠ ᠣᠷᠤᠭᠤᠯᠤᠨ᠎ᠠ᠃ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ᠂ ᠳᠤᠮᠳᠠᠳᠤ ᠤᠯᠤᠰ ᠤᠨ ᠠᠭᠠᠷ ᠤᠨ | ᠠᠶᠠᠯᠠᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠺᠤᠮᠫᠠᠨᠢ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠵᠡᠷᠭᠡ ᠠᠵᠤ | ᠠᠬᠤᠶᠢᠯᠠᠯ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠯᠠᠨ ᠠᠶᠢᠯ ᠬᠤᠲᠠ ᠶᠢᠨ ᠨᠢᠰᠭᠡᠯ ᠤᠨ ᠪᠠᠭᠤᠳᠠᠯ ᠤᠨ ᠲᠣᠭᠤᠷᠢᠨ | ᠳᠠᠬᠢ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠶᠢ ᠥᠷᠭᠡᠳᠬᠡᠵᠦ᠂ ᠪᠦᠬᠦ ᠵᠢᠯ ᠳᠤ 2 ᠲᠦᠮᠡᠨ ᠴᠠᠭ ᠤᠨ ᠨᠢᠰᠦᠯᠲᠡ ᠶᠢᠨ ᠪᠣᠯᠪᠠᠰᠤᠷᠠᠯ ᠢ ᠪᠡᠶᠡᠯᠡᠭᠦᠯᠦᠨ᠎ᠡ᠃ | ᠬᠠᠶᠢᠯᠠᠷ ᠤᠨ ᠨᠢᠰᠬᠡᠯ ᠤᠨ ᠪᠠᠭᠤᠳᠠᠯ ᠤᠨ ᠬᠦᠢᠲᠡᠨ ᠳᠤ ᠳᠠᠭᠠᠭᠠᠬᠤ ᠶᠢ ᠲᠤᠷᠰᠢᠬᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠰᠡᠯᠪᠢᠨ ᠵᠠᠰᠠᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠭᠡᠨ ᠭᠤᠤᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠵᠦ᠂ ᠤᠯᠤᠰ ᠤᠨ | ᠲᠠᠰ ᠤᠨ ᠬᠠᠬᠢᠷ ᠬᠦᠢᠲᠡᠨ ᠳᠤ ᠲᠤᠷᠰᠢᠯᠲᠠ ᠬᠢᠵᠦ ᠲᠤᠷᠰᠢᠨ ᠨᠢᠰᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠸᠠ ᠳ᠋ᠧ᠂ ᠮᠧᠩ ᠲᠦᠸᠧ᠂ ᠶᠧ ᠲᠢᠶᠠᠨ ᠲᠢᠶᠧ | ᠨᠢᠤ ᠵᠡᠷᠭᠡ ᠮᠠᠯ ᠠᠵᠤ ᠠᠬᠤᠶ ᠶᠢᠨ ᠲᠣᠨᠤᠭᠯᠠᠯ ᠦᠢᠯᠡᠳᠬᠦ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠶᠡᠬᠡᠪᠡᠷ ᠳᠡᠮᠵᠢᠵᠦ᠂ ᠮᠥᠰᠥ ᠴᠠᠰᠤᠨ ᠤ | ᠲᠣᠨᠤᠭᠯᠠᠯ ᠦᠢᠯᠡᠳᠬᠦ ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ | ᠰᠢᠨ᠎ᠡ ᠡᠨᠧᠷᠭᠢ ᠶᠢᠨ ᠲᠣᠨᠤᠭᠯᠠᠯ ᠦᠢᠯᠡᠳᠬᠦ ᠦᠢᠯᠡᠰ ᠪᠠ ᠠᠵᠢᠯᠯᠠᠭᠤᠯᠬᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠲᠣᠨᠤᠭᠯᠠᠯ | ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 24% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠬᠥᠯᠥᠨ ᠪᠤᠶᠢᠷ ᠤᠨ ᠲᠣᠮᠣ ᠳ᠋ᠠᠶᠢᠲ᠋ᠠ ᠶᠢᠨ | ᠲᠥᠪ ᠤᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠳ᠋ᠠᠶᠢᠲ᠋ᠠ ᠶᠢᠨ ᠭᠠᠮᠰᠢᠭ ᠤᠨ ᠪᠡᠯᠡᠳᠬᠡᠯ ᠠᠵᠤ ᠦᠢᠯᠡᠰ ᠢ ᠪᠣᠶᠢᠵᠢᠭᠤᠯᠵᠤ᠂ ᠲᠣᠭᠠᠵᠢᠯᠲᠤ ᠠᠵᠤ | ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠦᠢᠯᠡᠰ᠂ ᠮᠥᠩᠭᠦᠨ | ᠭᠦᠢᠯᠭᠡᠭᠡᠨ ᠤ ᠦᠢᠯᠡᠰ᠂ ᠴᠤᠭᠯᠠᠭᠠᠨ ᠦᠵᠡᠰᠬᠦᠯᠡᠩ ᠤᠨ ᠦᠢᠯᠡᠰ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠨ ᠪᠤᠵᠠᠭᠠᠶᠢᠷᠠᠬᠤ ᠶᠢ | ᠳᠡᠮᠵᠢᠵᠤ᠂ ᠬᠥᠯᠥᠨ ᠪᠤᠶᠢᠷ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 7.7% ᠠᠴᠠ ᠳᠡᠭᠡᠭᠰᠢ ᠨᠡᠮᠡᠭᠳᠡᠬᠦ ᠶᠢ ᠦᠨᠡᠨ ᠬᠦ ᠪᠠᠲᠤᠯᠠᠨ᠎ᠠ᠃ | ᠠᠮᠢ ᠠᠬᠤᠶ ᠶᠢᠨ ᠠᠵᠤ ᠦᠢᠯᠡᠰ ᠤᠨ ᠴᠠᠭ ᠲᠣᠬᠢᠶᠠᠯ ᠢ ᠠᠮᠵᠢᠨ ᠬᠥᠭᠵᠢᠬᠦ ᠶᠢ ᠪᠠᠲᠤᠲᠠᠶ ᠠᠬᠢᠭᠤᠯᠤᠨ᠎ᠠ᠃ ᠬᠥᠬᠡ ᠠᠭᠤᠯᠠ ᠬᠥᠬᠡᠮᠳᠦᠭ ᠤᠰᠤ ᠪᠣᠯ | ᠳᠠᠷᠤᠢ ᠠᠯᠲᠠ ᠮᠥᠩᠭᠦᠨ ᠠᠭᠤᠯᠠ ᠭᠡᠬᠦ ᠣᠨᠤᠯᠵᠢᠬᠤᠨ ᠢ ᠪᠠᠲᠤ ᠪᠠᠬᠢ ᠪᠣᠢ ᠪᠣᠯᠭᠠᠵᠤ᠂ 17 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 20.9 | ᠳ᠋ᠦᠩᠰᠢᠭᠤᠷ ᠲᠥᠭᠦᠷᠢᠭ ᠶᠡᠷᠦᠩᠬᠡᠶ ᠪᠠᠯᠠ ᠤᠷᠤᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠪᠠ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ︽ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠦᠷᠢᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠪᠠ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠢ ᠭᠦᠨᠵᠡᠭᠡᠶ ᠨᠠᠶᠢᠳᠠᠪᠣᠷᠢᠵᠢᠭᠤᠯᠵᠤ᠂ ᠲᠠᠯ᠎ᠠ ᠨᠤᠲᠤᠭ᠂ ᠣᠢ ᠰᠢᠭᠤᠶ᠂ | ᠭᠤᠣᠯ ᠨᠠᠭᠤᠷ ᠵᠡᠷᠭᠡ ᠠᠮᠢ ᠠᠬᠤᠶ ᠶᠢᠨ ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠮᠢ ᠠᠬᠤᠶ ᠣᠷᠴᠢᠨ ᠲᠣᠭᠤᠷᠢᠨ ᠤ ᠰᠤᠳᠤᠯᠭᠠᠨ ᠤ ᠲᠥᠪ᠂ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠢ ᠠᠬᠤᠶ ᠶᠢᠨ | ᠪᠦᠲᠦᠭᠡᠭᠳᠡᠬᠦᠨ ᠤ ᠥᠷᠲᠡᠭ ᠤᠨ ᠲᠣᠭᠠᠴᠠᠭ᠎ᠠ ᠬᠢᠬᠦ ᠪᠦᠬᠦᠯᠢ ᠴᠣᠭᠴᠠ ᠶᠢᠨ ᠠᠵᠢᠯ ᠤᠨ ᠲᠥᠰᠦᠯ ᠢ ᠲᠣᠭᠲᠠᠭᠠᠵᠤ᠂ ᠠᠮᠢ ᠠᠬᠤᠶ ᠶᠢᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠶᠢ ᠡᠮᠬᠢ ᠴᠡᠭᠴᠡ ᠲᠠᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢᠨ ᠦᠨᠡᠯᠡᠨ ᠵᠢᠱᠢᠯᠲᠠ ᠶᠢ ᠲᠥᠷᠥᠯ ᠲᠠᠰ ᠬᠤᠪᠢᠶᠠᠨ ᠥᠷᠨᠢᠭᠦᠯᠵᠦ᠂ ᠨᠡᠭᠦᠷᠡᠰᠦᠲᠥ᠋ᠷᠥᠭᠴᠢ | ᠬᠤᠷᠠᠭᠤᠯᠬᠤ ᠬᠡᠮᠵᠢᠯᠲᠡ ᠶᠢᠨ ᠬᠢᠨᠠᠨ ᠬᠡᠮᠵᠢᠬᠦ ᠲᠤᠭᠲᠠᠯᠴᠠᠭ᠎ᠠ ᠶᠢ ᠠᠯᠬᠤᠮ ᠴᠢᠨᠠᠭᠰᠢᠳᠠ ᠲᠡᠭᠦᠯᠳᠡᠷᠵᠢᠭᠦᠯᠦᠨ᠂ ᠨᠡᠭᠦᠷᠡᠰᠦᠲᠥ᠋ᠷᠥᠭᠴᠢ ᠬᠤᠷᠠᠭᠤᠯᠬᠤ ᠳ᠋ᠠᠶᠢᠲ᠋ᠠ | ᠬᠥᠮᠥᠷᠭᠡ ᠶᠢ ᠪᠦᠷᠢᠨᠰᠢᠭᠦᠯᠵᠦ᠂ ᠣᠶ ᠰᠢᠭᠤᠶ ᠲᠠᠯ᠎ᠠ ᠨᠤᠲᠤᠭ ᠤᠨ ᠨᠡᠭᠦᠷᠡᠰᠦᠲᠥ᠋ᠷᠥᠭᠴᠢ ᠬᠤᠷᠠᠭᠤᠯᠬᠤ ᠠᠷᠠᠯᠵᠢᠶ᠎ᠠ ᠶᠢ ᠢᠳᠡᠪᠬᠢᠲᠡᠶ ᠥᠷᠨᠢᠭᠦᠯᠦᠨ᠎ᠡ᠃ ᠤᠯᠤᠰ ᠤᠨ | ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠲᠤᠷᠰᠢᠯᠲᠠ ᠶᠢᠨ ᠴᠡᠭ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠠᠮᠢ | ᠠᠬᠤᠶ ᠶᠢᠨ ᠳᠠᠪᠠᠭᠤᠯᠢᠭ ᠢ ᠦᠨᠡᠨ ᠬᠦ ᠠᠵᠤ ᠦᠢᠯᠡᠰ ᠤᠨ ᠳᠠᠪᠠᠭᠤᠯᠢᠭ᠂ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ | ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠴᠦ ᠬᠥᠭᠵᠢᠬᠦ ᠶᠢ ᠪᠠᠲᠤᠲᠠᠶ ᠠᠬᠢᠭᠤᠯᠤᠨ᠎ᠠ᠃ ᠬᠡᠯᠬᠢᠶ᠎ᠡ ᠶᠢ ᠴᠢᠩᠭᠠᠷᠠᠭᠤᠯᠤᠨ | ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ ᠤᠷᠲᠤᠳᠬᠠᠬᠤ ᠶᠢᠨ ᠲᠣᠭᠤᠷᠢᠨ ᠳᠤ᠂ 30 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 54.9 ᠳ᠋ᠦᠩᠰᠢᠭᠤᠷ | ᠲᠥᠭᠦᠷᠢᠭ ᠶᠡᠷᠦᠩᠬᠡᠶ ᠪᠠᠯᠠ ᠣᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ | ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠂ | ᠪᠠᠶᠢᠩᠭᠤᠵᠢᠭᠰᠠᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠭᠠᠭᠠᠴᠢᠯᠠᠨ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠥᠩᠭᠡᠲᠦ ᠲᠡᠮᠦᠷᠯᠢᠭ᠂ | ᠨᠡᠭᠦᠷᠡᠰᠦ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠠᠵᠤ ᠦᠢᠯᠡᠰ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠤᠷ᠎ᠠ ᠮᠡᠷᠭᠡᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠶᠢ ᠠᠬᠢᠭᠤᠯᠬᠤ ᠶᠢ | ᠳᠡᠮᠵᠢᠵᠤ᠂ ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠳᠪᠦᠷᠢᠯᠡᠯ ᠤᠨ ᠴᠢᠳᠠᠪᠤᠷᠢ ᠶᠢ ᠨᠥᠭᠡᠴᠡᠯᠡᠬᠦ ᠪᠠ ᠨᠡᠭᠦᠷᠡᠰᠦ ᠴᠠᠬᠢᠯᠭᠠᠨ ᠬᠦᠴᠦᠨ ᠤ | ᠬᠠᠩᠭᠠᠯᠭ᠎ᠠ ᠶᠢ ᠪᠠᠲᠤᠯᠠᠬᠤ ᠶᠢ ᠴᠢᠩᠳᠠᠯᠠᠵᠤ᠂ ᠴᠢ ᠯᠦ ᠡᠮ ᠤᠨ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠲᠥᠷᠥᠯ ᠵᠦᠢᠯ᠂ ᠹᠦ᠋ ᠹᠧᠩ ᠤᠨ ᠭᠤᠷᠪᠠᠳᠤᠭᠠᠷ | ᠬᠤᠭᠤᠴᠠᠭᠠᠨ ᠤ 50 ᠲᠦᠮᠡᠨ ᠲᠣᠨ ᠰᠢᠪᠲᠦᠷᠲᠦ ᠬᠦᠴᠢᠯ ᠵᠢᠴᠢ ᠲᠡᠭᠦᠨ ᠤ ᠢᠵᠢ ᠪᠥᠷᠢᠳᠦᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠬᠦ ᠬᠤᠷᠳᠤᠴᠠ ᠶᠢ 5% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠡᠨᠧᠷᠭᠢ ᠶᠢᠨ ᠪᠦᠲᠦᠴᠡ ᠪᠠ ᠨᠡᠭᠡᠭᠡᠨ ᠬᠥᠭᠵᠢᠭᠦᠯᠬᠦ | ᠪᠠᠶᠢᠷᠢᠯᠠᠭᠤᠯᠤᠯᠲᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠨᠡᠭᠡᠭᠡᠨ | ᠠᠰᠢᠭᠯᠠᠯᠲᠠ ᠶᠢ ᠶᠡᠬᠡᠪᠡᠷ ᠠᠬᠢᠭᠤᠯᠵᠤ᠂ ᠳᠠᠪᠠᠭᠠᠨ ᠤ ᠵᠡᠭᠦᠨᠳᠡᠬᠢ ᠢ ᠮᠦ ᠶᠢᠨ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠲᠣᠭᠲᠠᠮᠠᠯ ᠭᠦᠶᠦᠳᠡᠯᠲᠦ ᠭᠠᠳᠠᠭᠰᠢ | ᠬᠦᠷᠭᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 120 ᠲᠦᠮᠡᠨ | ᠺᠢᠯᠣᠸᠠᠲ ᠠᠴᠠ ᠳᠡᠭᠡᠭᠰᠢ ᠰᠢᠨ᠎ᠡ ᠪᠠᠷ ᠠᠵᠢᠯ ᠡᠬᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠣᠷᠴᠢᠯᠵᠢᠭᠤᠯᠤᠭᠰᠠᠨ ᠥᠭᠡᠷᠡᠴᠢᠯᠡᠨ ᠰᠢᠨᠡᠳᠬᠡᠯᠲᠡ ᠶᠢ ᠠᠬᠢᠭᠤᠯᠵᠤ᠂ | ᠡᠨᠧᠷᠭᠢ ᠶᠢᠨ ᠬᠤᠷᠤᠭᠳᠠᠯ ᠶᠡᠬᠡᠲᠡᠶ ᠠᠵᠤ ᠠᠬᠤᠶᠢᠯᠠᠯ ᠳᠤ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠲᠤᠷᠰᠢᠯᠲᠠ ᠶᠢᠨ ᠴᠡᠭ ᠢ ᠥᠷᠨᠢᠭᠦᠯᠵᠦ᠂ | ᠨᠡᠭᠦᠷᠡᠰᠦᠲᠥ᠋ᠷᠥᠭᠴᠢ ᠪᠠᠭᠠᠲᠠᠢ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠬᠦᠯᠦᠨ ᠪᠥᠢᠷ ᠤᠨ ᠠᠵᠤ ᠠᠬᠤᠢ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠬᠦ | ᠲᠣᠭᠤᠷᠢᠭ ᠵᠡᠷᠭᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠴᠢᠩᠭᠠᠳᠬᠠᠵᠤ᠂ ︽ᠡᠭᠦᠯᠡᠨ ᠲᠠᠪᠴᠠᠩ ᠳᠤ ᠳ᠋ᠠᠶᠢᠲ᠋ᠠ ᠪᠠᠷ ᠣᠶᠤᠨ ᠣᠯᠭᠤᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠤᠶᠤᠨᠲᠤ ᠬᠦᠷᠢᠶᠡᠯᠡᠩ | ᠲᠣᠭᠤᠷᠢᠭ ᠤᠨ ᠨᠡᠶᠢᠳᠡᠮ ᠬᠠᠮᠤᠷᠬᠤ ᠶᠢ ᠪᠡᠶᠡᠯᠡᠭᠦᠯᠦᠨ᠎ᠡ᠃ | ︵ᠲᠦᠷᠪᠡ︶ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠡᠵᠡᠩᠨᠡᠨ ᠬᠤᠳᠠᠯᠳᠤᠭᠠᠯᠠᠬᠤ ᠤᠷᠴᠢᠨ ᠨᠥᠭᠦᠴᠡᠯ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠬᠦᠷ ᠤᠨ ᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠯᠠᠨ ᠲᠠᠯ᠎ᠠ ᠠᠴᠠ ᠴᠢᠩᠳᠠᠯᠠᠵᠤ᠂ ᠡᠵᠡᠩᠨᠡᠨ ᠬᠤᠳᠠᠯᠳᠤᠭᠠᠯᠠᠬᠤ ᠤᠷᠴᠢᠨ ᠨᠥᠭᠦᠴᠡᠯ ᠢ ᠥᠨᠳᠥᠷ | ᠪᠠᠷᠢᠮᠵᠢᠶ᠎ᠠ ᠪᠠᠷ ᠰᠢᠯᠢᠳᠡᠭᠵᠢᠭᠦᠯᠵᠦ᠂ ᠪᠦᠬᠦ ᠬᠦᠷᠢᠶ᠎ᠡ ᠴᠠᠷᠠᠭ᠎ᠠ ᠳᠤ ᠪᠤᠭᠤᠮᠲᠠ ᠰᠢᠪᠲᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠳᠠᠪᠠᠭᠤᠯᠢᠭ ᠢ ᠶᠡᠬᠡᠪᠡᠷ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠣᠶᠢᠵᠢᠯᠲᠠ ᠴᠢᠨᠠᠷ ᠪᠠ ᠬᠥᠭᠵᠢᠶᠡᠨᠲᠦ | ᠪᠠᠶᠢᠳᠠᠯ ᠢ ᠠᠯᠬᠤᠮ ᠴᠢᠨᠠᠭᠰᠢᠳᠠ ᠪᠠᠳᠠᠷᠠᠭᠠᠨ᠎ᠠ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠤᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠵᠠᠰᠠᠯᠲᠠ ᠶᠢᠨ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠬᠦ ᠶᠢ ᠶᠡᠬᠡᠪᠡᠷ ᠳᠡᠮᠵᠢᠨ᠎ᠡ᠃ ᠬᠤᠲᠠ ᠶᠢᠨ ᠲᠣᠰ | ᠱᠠᠲᠤᠨ ᠤ ᠡᠳ᠋ ᠤᠨ ᠵᠠᠰᠠᠭ ᠤᠨ ᠰᠢᠨᠵᠢᠯᠡᠭᠡ ᠮᠡᠷᠭᠡᠵᠢᠯ ᠤᠨ ᠲᠤᠰᠬᠠᠢ ᠲᠥᠷᠥᠯ ᠤᠨ ᠣᠷᠣᠭᠤᠯᠤᠯᠲᠠ ᠶᠢ 20% ᠨᠡᠮᠡᠭᠳᠡᠭᠦᠯᠵᠦ᠂ ᠪᠦᠬᠦ ᠨᠡᠶᠢᠭᠡᠮ ᠤᠨ ᠰᠤᠳᠤᠯᠤᠨ | ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠰᠢᠨ᠎ᠡ ᠶᠢ ᠡᠭᠦᠳᠬᠦ ᠲᠠᠪᠴᠠᠩ ᠪᠠ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ 10% ᠨᠡᠮᠡᠭᠳᠡᠭᠦᠯᠬᠦ ᠪᠠᠷ ᠴᠢᠷᠮᠠᠶᠢᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 12% ᠨᠡᠮᠡᠭᠳᠡᠭᠦᠯᠵᠦ᠂ ᠰᠢᠨᠵᠢᠯᠡᠭᠡ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ | ᠣᠷᠣᠭᠤᠯᠬᠤ ᠬᠡᠮᠵᠢᠶ᠎ᠡ ᠶᠢ 10% ᠨᠡᠮᠡᠭᠳᠡᠭᠦᠯᠦᠨ᠎ᠡ᠃ ᠮᠡᠳᠡᠯᠭᠡ ᠶᠢᠨ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠪᠠ ᠬᠡᠷᠡᠭᠯᠡᠭᠡ ᠬᠠᠮᠠᠭᠠᠯᠠᠯᠲᠠ ᠶᠢ | ᠴᠢᠩᠭᠠᠳᠬᠠᠨ᠎ᠠ᠃ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠴᠢᠳᠠᠯᠲᠠᠨ ᠢ | ᠴᠤᠭᠯᠠᠭᠤᠯᠤᠨ ᠴᠢᠨᠠᠷ ᠢ ᠳᠡᠭᠡᠭᠰᠢᠯᠡᠭᠦᠯᠬᠦ᠂ ᠦᠰᠦᠨ ᠪᠣᠶᠢᠵᠢᠯᠲᠠ ᠳᠤ ᠴᠢᠳᠠᠪᠤᠷᠢ ᠣᠯᠭᠤᠬᠤ᠂ ᠥᠷᠢᠰᠥᠯᠳᠦᠭᠦᠯᠦᠨ ᠤᠷᠮᠠᠰᠢᠭᠤᠯᠬᠤ᠂ ᠠᠮᠢ ᠠᠬᠤᠢ ᠶᠢ | ᠰᠢᠯᠢᠳᠡᠭᠵᠢᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ ᠴᠢᠳᠠᠪᠤᠷᠢᠲᠠᠨ ᠤ ᠬᠡᠷᠡᠭᠯᠡᠯᠲᠡ᠂ ᠬᠠᠮᠢᠶᠠᠷᠤᠯᠲᠠ᠂ ᠦᠨᠡᠯᠡᠯᠲᠡ ᠵᠡᠷᠭᠡ ᠲᠦᠷᠢᠮ ᠤᠨ | ᠥᠭᠡᠷᠡᠴᠢᠯᠡᠯᠲᠡ ᠶᠢ ᠲᠦᠷᠭᠡᠳᠬᠡᠨ᠂ ᠡᠯ᠎ᠡ ᠲᠥᠷᠥᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ | | ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ | ᠰᠢᠯᠢᠳᠡᠭᠵᠢᠭᠦᠯᠬᠦ ᠳᠡᠰ ᠳᠡᠪᠰᠢᠭᠰᠡᠨ ᠪᠠᠷᠯᠠᠯ ᠢ ᠬᠡᠷᠡᠭᠵᠢᠭᠦᠯᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠭᠴᠤᠭ᠎ᠠ ᠶᠢ ᠴᠥᠬᠡᠳᠬᠡᠬᠦ᠂ ᠮᠠᠲ᠋ᠧᠷᠢᠶᠠᠯ ᠢ ᠴᠣᠮᠬᠠᠳᠬᠠᠬᠤ᠂ ᠬᠦᠶᠦᠬᠦ ᠶᠢ ᠪᠠᠭᠠᠰᠬᠠᠬᠤ᠂ ᠴᠠᠭ ᠤᠨ | ᠬᠢᠵᠠᠭᠠᠷ ᠢ ᠪᠣᠭᠤᠨᠢᠰᠬᠠᠬᠤ᠂ ᠥᠷᠲᠡᠭ ᠢ ᠪᠠᠭᠤᠷᠠᠭᠤᠯᠬᠤ︾ ᠠᠵᠢᠯᠯᠠᠭ᠎ᠠ ᠶᠢᠨ ᠰᠢᠨ᠎ᠡ ᠶᠢ ᠡᠭᠦᠳᠦᠨ ᠥᠷᠨᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ︽ | ᠨᠢᠭᠡ ᠯᠠ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠲᠤᠰᠬᠠᠶ ᠬᠡᠰᠡᠭ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠣᠯᠠᠨ ᠲᠦᠮᠡᠨ ᠤ ᠠᠵᠢᠯ ᠢᠶᠠᠨ | ᠨᠢᠭᠡ ᠯᠠ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠦᠨ᠎ᠡ᠃ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠯᠠ ᠰᠦᠯᠵᠢᠶ᠎ᠡ ᠪᠠᠷ ᠨᠢᠭᠡᠳᠦᠯᠲᠡᠶ | ᠬᠠᠮᠢᠶᠠᠷᠬᠤ︾ ᠶᠢ ᠭᠦᠨᠵᠡᠭᠡᠶ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ | ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠦᠨ᠎ᠡ᠃ 12345 ᠬᠠᠯᠠᠮᠰᠢᠯ | ᠤᠲᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠦᠢᠯᠡᠳᠦᠯ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠭᠦᠢᠴᠡᠳᠬᠡᠬᠦ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠣᠯᠭᠠᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠲᠤᠭᠲᠠᠯᠴᠠᠭ᠎ᠠ | ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ︽ᠮᠦ ᠪᠦᠷᠢ ᠶᠢᠨ ᠤᠨᠠᠯᠲᠠ ᠪᠠᠷ ᠦᠨᠡᠯᠡᠬᠦ︾ ᠶᠢ ᠪᠠᠷᠢᠮᠲᠠᠯᠠᠵᠤ᠂ ᠭᠠᠵᠠᠷ ᠰᠢᠷᠣᠶ᠂ ᠬᠦᠷᠦᠩᠭᠡ᠂ | ᠮᠡᠷᠭᠡᠵᠢᠯ᠂ ᠳ᠋ᠠᠶᠢᠲ᠋ᠠ᠂ ᠬᠥᠳᠡᠯᠮᠦᠷᠢ ᠬᠦᠴᠦᠨ ᠵᠡᠷᠭᠡ ᠡᠯᠧᠮᠧᠨ᠋ᠲ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠠᠬᠢᠭᠤᠯᠤᠨ᠎ᠠ᠃ ᠰᠢᠨ᠎ᠡ ᠪᠠᠷᠭᠤ ᠪᠠᠷᠠᠭᠤᠨ | ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠷᠤᠨ ᠬᠤᠰᠢᠭᠤᠨ ᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠢᠳᠡᠪᠬᠢᠲᠡᠶ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠠᠯᠠ | ᠮᠥᠩᠭᠦ ᠶᠢᠨ ᠬᠥᠲᠥᠯᠦᠨ ᠵᠢᠯᠣᠭᠤᠳᠬᠤ᠂ ᠳᠣᠭᠢᠷᠠᠭᠤᠯᠤᠨ ᠡᠵᠡᠮᠳᠡᠬᠦ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠯᠤᠰ ᠤᠨ ᠦᠮᠴᠢᠯᠡᠯᠲᠦ | ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠮᠲᠤ ᠶᠢᠨ ᠤᠢ ᠶᠢᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠣᠢ ᠰᠢᠭᠤᠢ ᠶᠢᠨ ᠡᠷᠬᠡ ᠶᠢᠨ ᠲᠥᠷᠦᠯ ᠤᠨ ᠦᠯᠦ ᠬᠥᠳᠡᠯᠬᠦ ᠬᠥᠷᠦᠩᠭᠡ ᠶᠢ ᠳᠠᠩᠰᠠᠯᠠᠨ ᠳᠡᠮᠳᠡᠭᠯᠡᠬᠦ ᠶᠢ ᠥᠷᠨᠢᠭᠦᠯᠦᠨ᠎ᠡ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ | ᠦᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠤᠮᠬᠠᠳᠬᠠᠨ ᠬᠦᠴᠦᠷᠬᠡᠭᠵᠢᠬᠦ᠂ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ | ︵ᠲᠠᠪᠤ︶ ᠣᠷᠣᠨ ᠪᠦᠰᠡ ᠶᠢᠨ ᠵᠣᠬᠢᠴᠠᠩᠭᠤᠢ ᠨᠢᠭᠡᠳᠦᠯᠲᠡᠶ ᠲᠥᠯᠥᠪᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠴᠤᠭᠴᠠᠵᠢᠭᠤᠯᠤᠨ ᠬᠥᠭᠵᠢᠭᠦᠯᠬᠦ | ᠨᠡᠶᠢᠯᠡᠮᠡᠯ ᠬᠦᠴᠦᠨ ᠪᠦᠷᠢᠯᠳᠦᠭᠦᠯᠬᠦ ᠶᠢ ᠠᠬᠢᠭᠤᠯᠤᠨ᠎ᠠ᠃ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠬᠥᠭᠵᠢᠯᠲᠡ ᠶᠢᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢ ᠨᠡᠩ ᠥᠨᠳᠥᠷ ᠲᠦᠪᠰᠢᠨ᠂ ᠨᠡᠩ ᠥᠨᠳᠥᠷ ᠴᠢᠨᠠᠷ ᠲᠡᠶᠢᠰᠢ ᠤᠷᠤᠭᠰᠢᠯᠠᠭᠤᠯᠬᠤ ᠶᠢ ᠠᠬᠢᠭᠤᠯᠤᠨ᠎ᠠ᠃ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠪᠠᠲᠤᠲᠠᠶ ᠥᠷᠨᠢᠭᠦᠯᠵᠦ᠂ ᠲᠥᠪ ᠬᠤᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠢᠨᠵᠧᠨᠧᠷᠢᠩ ᠵᠡᠷᠭᠡ 102 ᠬᠤᠲᠠ | ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 128 ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠨ᠎ᠡ᠃ ᠲᠥᠪ ᠬᠤᠳᠠ ᠶᠢᠨ ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠲᠥᠪ ᠬᠤᠲᠠ ᠶᠢᠨ | ᠲᠣᠭᠤᠷᠢᠭ ᠤᠨ ᠰᠠᠭᠠᠳ ᠥᠬᠡᠶ ᠨᠡᠪᠲᠡᠷᠡᠬᠦ ᠢᠨᠵᠧᠨᠧᠷᠢᠩ ᠢ ᠬᠡᠷᠡᠭᠵᠢᠭᠦᠯᠦᠨ᠂ 12 ᠮᠤᠬᠤᠷ ᠵᠠᠮ ᠢ ᠨᠡᠪᠲᠡᠷᠡᠭᠦᠯᠦᠨ᠎ᠡ᠃ ᠲᠣᠭᠠᠴᠢᠯᠠᠭᠰᠠᠨ ᠠᠷᠭ᠎ᠠ ᠪᠠᠷᠢᠯ ᠢ ᠬᠡᠷᠡᠭᠯᠡᠨ | ᠬᠤᠳᠠ ᠶᠢ ᠵᠠᠰᠠᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠥᠪ ᠬᠤᠲᠠ ᠶᠢᠨ ᠲᠣᠭᠤᠷᠢᠭ ᠤᠨ 10 ᠬᠠᠷᠮᠠᠨ | ᠴᠡᠴᠡᠷᠯᠢᠭ ᠢ ᠪᠥᠲᠥᠭᠡᠨ ᠪᠠᠶᠢᠭᠤᠯᠵᠤ᠂ ᠬᠤᠳᠠ ᠶᠢᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ | ᠠᠬᠢᠭᠤᠯᠵᠤ᠂ ᠲᠥᠪ ᠬᠤᠲᠠ ᠲᠣᠭᠤᠷᠢᠭ ᠤᠨ ᠵᠠᠮ ᠤᠨ ᠮᠠᠰᠢᠨᠴᠢᠯᠠᠯᠲᠠ ᠪᠠᠷ ᠴᠡᠪᠡᠷᠯᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠭᠡᠨ᠎ᠡ᠃ ᠨᠢᠭᠡ ᠪᠦᠯᠦᠭ | ᠤᠶᠤᠨᠲᠤ ᠲᠡᠷᠭᠡᠨ ᠵᠣᠭᠰᠣᠭᠠᠯ ᠢ ᠪᠠᠶᠢᠭᠤᠯᠵᠤ᠂ ᠬᠤᠲᠠ ᠶᠢᠨ ᠭᠤᠣᠯᠳᠠᠯᠭ᠎ᠠ ᠲᠠᠢ ᠬᠡᠰᠡᠭ ᠤᠨ ᠲᠡᠷᠭᠡᠨ ᠵᠤᠭᠰᠤᠭᠠᠯ ᠪᠠᠴᠢᠮ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠤᠯᠢ ᠶᠣᠰᠣᠭᠠᠷ ᠵᠢᠷᠤᠮᠵᠢᠭᠤᠯᠵᠤ᠂ ︽ᠣᠷᠣᠵᠤ ᠰᠠᠭᠤᠬᠤ ᠳᠤ | ᠬᠦᠴᠢᠷᠲᠡᠶ︾᠂ ︽ᠪᠤᠴᠠᠵᠤ ᠨᠡᠭᠦᠬᠦ ᠳᠤ ᠬᠦᠴᠢᠷᠲᠡᠶ︾᠂ ︽ᠦᠨᠡᠮᠯᠡᠯ ᠭᠦᠢᠴᠡᠳᠬᠡᠬᠦ ᠳᠤ ᠬᠦᠴᠢᠷᠲᠡᠶ︾ ᠵᠡᠷᠭᠡ ᠲᠡᠦᠬᠡᠨ ᠦᠯᠡᠳᠡᠭᠳᠡᠯ ᠠᠰᠠᠭᠤᠳᠠᠯ ᠢ | ᠦᠷᠭᠦᠯᠵᠢᠯᠡᠨ ᠰᠠᠶᠢᠲᠤᠷ ᠰᠢᠢᠳᠪᠦᠷᠢᠯᠡᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ | ᠲᠣᠭᠲᠠᠴᠠ ᠶᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠰᠢᠨ᠎ᠡ ᠪᠠᠷ ᠶᠠᠳᠠᠭᠤᠷᠠᠬᠤ ᠲᠦᠭᠰᠢᠭᠦᠷᠢ ᠪᠠ ᠭᠡᠨᠡᠳᠲᠡ ᠶᠢᠨ ᠬᠦᠨᠳᠦ ᠨᠣᠴᠢᠲᠠᠶ | ᠬᠦᠴᠢᠷᠳᠡᠯ ᠲᠤᠯᠭᠠᠷᠠᠭᠰᠠᠨ ᠮᠠᠯᠵᠢᠬᠤ ᠲᠠᠷᠢᠶᠠᠯᠠᠬᠤ ᠡᠷᠦᠬᠡ ᠶᠢ ᠬᠢᠨᠠᠨ ᠬᠡᠮᠵᠢᠯᠲᠡ ᠶᠢᠨ ᠬᠡᠪᠴᠢᠶᠡᠨ ᠳᠤ ᠣᠷᠤᠭᠤᠯᠵᠤ᠂ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠣᠨᠴᠠᠯᠢᠭᠲᠤ ᠠᠵᠤ | ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠥᠯᠦ ᠡᠭᠦᠰᠬᠦ ᠬᠢᠵᠠᠭᠠᠷ ᠱᠤᠭᠤᠮ ᠢ ᠡᠷᠡᠰ ᠪᠠᠲᠤ | ᠰᠠᠬᠢᠨ᠎ᠠ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ | ᠵᠣᠬᠢᠶᠠᠵᠤ᠂ ︽ᠬᠥᠯᠡᠮᠵᠢ ᠲᠠᠢ ᠲᠥᠬᠦᠷᠵᠢᠭᠦᠯᠦᠭᠰᠡᠨ ᠭᠡᠷ ᠪᠠᠶᠢᠰᠢᠩ︾ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠳᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠪᠣᠬᠢᠷ ᠤᠰᠤ ᠶᠢ ᠵᠠᠰᠠᠬᠤ ᠠᠵᠢᠯ ᠢ ᠬᠡᠰᠡᠭ ᠲᠥᠷᠥᠯ ᠬᠤᠪᠢᠶᠠᠨ ᠠᠬᠢᠭᠤᠯᠵᠤ᠂ ᠵᠣᠷᠯᠣᠩ ᠤᠨ ᠬᠤᠪᠢᠰᠬᠠᠯ ᠢ ᠯᠠᠪᠳᠠᠭᠤᠨ ᠢᠶᠠᠷ ᠶᠠᠪᠤᠭᠳᠠᠭᠤᠯᠤᠨ᠂ | 3928 ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ᠂ ᠡᠮᠴᠢᠯᠡᠭᠡ᠂ ᠰᠤᠶᠤᠯ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠣᠭᠠᠵᠢᠯᠲᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠲᠥᠷᠥᠯ ᠬᠤᠪᠢᠶᠠᠨ ᠠᠬᠢᠭᠤᠯᠵᠤ᠂ ᠪᠠᠶᠢᠭᠤᠯᠤᠮᠵᠢᠲᠤ ᠲᠣᠰᠬᠤᠨ ᠤ ᠲᠦᠷᠭᠡᠨ ᠬᠦᠷᠭᠡᠬᠦ | ᠦᠢᠯᠡᠴᠢᠯᠡᠭᠡᠨ ᠨᠡᠪᠲᠡᠷᠡᠬᠦ ᠨᠣᠷᠮ᠎ᠠ ᠶᠢ 95% ᠠᠴᠠ ᠳᠡᠭᠡᠭᠰᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠎ᠠ᠃ | ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠠᠩᠬᠡ — ᠭᠠᠨ ᠭᠤᠣᠯ ᠲᠠᠷᠢᠶᠠᠯᠠᠩ ᠤᠨ ᠲᠠᠯᠠᠪᠠᠶ ᠵᠡᠷᠭᠡ 4 ᠵᠤᠷᠪᠤᠰ ᠵᠠᠰᠠᠮᠠᠯ ᠵᠠᠮ ᠤᠨ ᠦᠷᠭᠦᠯᠵᠢᠯᠡᠨ ᠪᠠᠶᠢᠭᠤᠯᠬᠤ ᠶᠢ | ᠲᠦᠷᠭᠡᠳᠬᠡᠨ ᠠᠬᠢᠭᠤᠯᠵᠤ᠂ ᠽᠢ ᠭᠸᠤ — ᠳ᠋ᠠ ᠰᠢᠩ ᠵᠡᠷᠭᠡ 3 ᠵᠤᠷᠪᠤᠰ ᠵᠠᠰᠠᠮᠠᠯ ᠵᠠᠮ ᠤᠨ ᠠᠵᠢᠯ ᠢ ᠰᠢᠨ᠎ᠡ ᠪᠠᠷ ᠡᠬᠢᠯᠡᠭᠦᠯᠦᠨ᠂ ᠯᠦᠸᠧ ᠬᠥ᠋ ᠾᠧ ᠭᠤᠣᠯ | — ᠡᠩᠬᠡᠬᠠᠳᠠ ᠵᠡᠷᠭᠡ ᠨᠢᠭᠡ ᠪᠦᠯᠦᠭ ᠵᠠᠰᠠᠮᠠᠯ ᠵᠠᠮ ᠤᠨ ᠲᠥᠷᠥᠯ ᠵᠦᠢᠯ ᠢ ᠲᠥᠰᠦᠪᠯᠡᠨ ᠨᠥᠭᠡᠴᠡᠯᠡᠵᠦ᠂ ᠭᠡᠭᠡᠨ ᠭᠤᠤᠯ — ᠶᠠᠭᠰᠢ ᠶᠢᠨ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ 300 ᠺᠢᠯᠣᠮᠧᠲᠷ ᠥᠭᠡᠷᠡᠴᠢᠯᠡᠨ ᠵᠠᠰᠠᠵᠤ | ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ | ᠲᠠᠰ ᠤᠨ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠲᠠᠷᠢᠶᠠᠯᠠᠬᠤ ᠮᠠᠯᠵᠢᠬᠤ | ᠰᠢᠭᠤᠶᠢᠲᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠳᠡᠮᠵᠢᠵᠦ᠂ ᠠᠷᠠᠳ ᠣᠯᠠᠨ ᠤ ᠶᠠᠪᠤᠵᠤ ᠰᠠᠭᠤᠬᠤ ᠳᠤ ᠨᠠᠩ ᠳᠥᠭᠦᠮ | ᠳᠥᠲᠡ ᠠᠮᠤᠷ ᠲᠦᠪᠰᠢᠨ ᠪᠣᠯᠭᠠᠨ᠎ᠠ᠃ ︽ᠴᠢᠴᠢᠬᠠᠷ — ᠬᠠᠶᠢᠯᠠᠷ — ᠮᠠᠨᠵᠤᠤᠷ︾ ᠤᠨ ᠳᠡᠭᠡᠳᠦ ᠬᠤᠷᠳᠤ ᠶᠢᠨ ᠲᠡᠮᠦᠷ ᠵᠠᠮ ᠢ ᠤᠯᠤᠰ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ᠃ ᠭᠠᠨ ᠭᠤᠣᠯ᠂ ᠨᠤᠮᠢᠨ ᠭᠤᠣᠯ | ᠵᠡᠷᠭᠡ ᠶᠢ ᠵᠠᠰᠠᠬᠤ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠶᠤᠯ ᠬᠡᠮ ᠢ ᠠᠷᠢᠯᠭᠠᠨ | ᠪᠠᠬᠢᠵᠢᠭᠦᠯᠬᠦ ᠠᠵᠢᠯ ᠢ ᠥᠷᠨᠢᠭᠦᠯᠵᠦ᠂ ᠲᠦᠢᠯ ᠤᠨ ᠵᠤᠳ ᠭᠠᠮᠰᠢᠭ ᠲᠠᠢ ᠴᠠᠭ ᠠᠭᠤᠷ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ | ᠣᠷᠣᠰ ᠤᠨ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠶᠢᠨ ᠬᠥᠯᠥᠨ ᠪᠤᠶᠢᠷ ᠲᠠᠬᠢ ᠰᠠᠯᠪᠤᠷᠢ ᠱᠤᠭᠤᠮ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠵᠣᠯᠭᠠᠭᠤᠯᠤᠨ᠎ᠠ᠃ ᠰᠢᠨ᠎ᠡ ᠮᠠᠶ᠋ᠢᠭ ᠤᠨ ᠰᠠᠭᠤᠷᠢ ᠪᠡᠯᠡᠳᠬᠡᠮᠵᠢ ᠶᠢ ᠪᠦᠷᠢᠨᠰᠢᠬᠦᠯᠵᠦ᠂ ᠰᠢᠭᠤᠶᠢᠲᠤ ᠣᠷᠣᠨ᠂ | ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 5G ᠰᠠᠭᠤᠷᠢ ᠥᠷᠲᠡᠭᠡ ᠶᠢ 922 ᠪᠠ | ᠪᠤᠶᠢᠳᠠ ᠪᠥᠭᠯᠡᠭᠦᠤ ᠭᠠᠵᠠᠷ ᠣᠷᠣᠨ ᠳᠤ 4G ᠰᠠᠭᠤᠷᠢ ᠥᠷᠲᠡᠭᠡ ᠶᠢ 203 ᠰᠢᠨ᠎ᠡ ᠪᠠᠷ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠡᠪᠦᠳᠦᠭ ᠬᠢᠯᠢ ᠶᠢᠨ ᠪᠣᠭᠤᠮᠲᠠ ᠶᠢᠨ ᠠᠮᠤ ᠪᠤᠳᠠᠭᠠᠨ ᠤ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠢ | ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠠᠷᠤᠬᠠᠰᠢᠶᠠᠲᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠪᠣᠭᠤᠳᠠᠯ ᠢ | ᠰᠣᠯᠢᠬᠤ ᠲᠠᠰᠤᠭ ᠢ ᠪᠠᠶᠢᠭᠤᠯᠵᠤ ᠳᠠᠭᠤᠰᠬᠠᠨ᠎ᠠ᠃ | |