ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠣᠨᠴᠠᠯᠢᠭ ᠢ ᠳᠣᠪᠤᠶᠢᠯᠭᠠᠨ᠂ ᠪᠦᠬᠦᠯᠢ ᠴᠣᠭᠴᠠ ᠶᠢ ᠬᠠᠮᠲᠤ ᠳᠤᠨᠢ | ᠬᠠᠷᠠᠭᠠᠯᠵᠠᠵᠤ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠷᠠᠳ ᠢ | ᠪᠠᠶᠠᠵᠢᠭᠤᠯᠬᠤ ᠠᠵᠤ ᠦᠢᠯᠡᠰ᠂ ᠬᠤᠳᠠᠯᠳᠤᠭᠠᠨ ᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠬᠤᠰᠢᠭᠤ ᠬᠤᠲᠠ | ᠲᠣᠭᠤᠷᠢᠭ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠂ ᠳᠤᠲᠤᠭᠰᠢ ᠬᠤᠮᠢᠷᠠᠬᠤ ᠶᠢ ᠪᠠᠭᠠᠰᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠠᠵᠢᠯ ᠢ | ᠰᠠᠶᠢᠲᠤᠷ ᠬᠢᠨ᠎ᠡ᠃ ᠲᠥᠪ ᠬᠤᠲᠠ ᠶᠢᠨ ᠲᠣᠭᠤᠷᠢᠭ ᠤᠨ ᠬᠥᠮᠦᠨ ᠠᠮᠠ᠂ ᠮᠡᠳᠡᠭᠡ ᠵᠠᠩᠭᠢ᠂ ᠬᠦᠷᠢᠶᠡᠯᠡᠩ ᠲᠣᠭᠤᠷᠢᠭ ᠵᠡᠷᠭᠡ ᠶᠢᠨ ᠲᠥᠪᠯᠡᠷᠡᠭᠰᠡᠨ ᠳᠠᠪᠠᠭᠤᠯᠢᠭ ᠢᠶᠠᠨ | ᠪᠠᠳᠠᠷᠠᠭᠤᠯᠬᠤ ᠶᠢ ᠳᠡᠮᠵᠢᠵᠦ᠂ ᠣᠷᠣᠨ ᠪᠦᠰᠡ ᠶᠢᠨ ᠬᠥᠭᠵᠢᠯᠲᠡ ᠶᠢᠨ ᠭᠤᠤᠯᠳᠠᠯᠭ᠎ᠠ ᠶᠢ ᠪᠣᠶ ᠪᠣᠯᠭᠠᠨ᠎ᠠ᠃ ᠮᠠᠨᠵᠤᠤᠷ ᠬᠤᠲᠠ ᠶᠢᠨ ᠨᠡᠭᠡᠭᠡᠯᠲᠡ ᠶᠢᠨ | ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢ ᠬᠥᠲᠥᠯᠦᠨ ᠳᠠᠭᠠᠭᠤᠯᠬᠤ ᠥᠨᠳᠦᠷᠯᠢᠭ ᠢ ᠴᠣᠭᠴᠠᠯᠠᠨ ᠪᠠᠶᠢᠭᠤᠯᠤᠨ᠎ᠠ᠃ | ᠳᠠᠪᠠᠭᠠᠨ ᠤ ᠪᠠᠷᠠᠭᠤᠨᠳᠠᠬᠢ ᠭᠠᠵᠠᠷ ᠣᠷᠣᠨ ᠤ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠂ ᠲᠠᠯ᠎ᠠ ᠨᠤᠲᠤᠭ ᠤᠨ ᠠᠮᠢ ᠠᠬᠤᠶ ᠰᠦᠷᠯᠢᠭ ᠰᠠᠶᠢᠬᠠᠨ | ᠵᠡᠷᠭᠡ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠣᠶ ᠪᠣᠯᠭᠠᠨ᠎ᠠ᠃ | ᠳᠠᠪᠠᠭᠠᠨ ᠤ ᠵᠡᠭᠦᠨᠳᠡᠬᠢ ᠬᠤᠰᠢᠭᠤ ᠬᠤᠲᠠ ᠶᠢᠨ ᠬᠥᠮᠦᠨ ᠠᠮᠠ ᠲᠥᠪᠯᠡᠷᠡᠭᠰᠡᠨ᠂ ᠲᠦᠭᠦᠬᠡᠶ ᠮᠠᠲ᠋ᠧᠷᠢᠶᠠᠯ ᠭᠦᠢᠴᠡᠳ᠂ ᠵᠠᠬ᠎ᠠ ᠳᠡᠯᠭᠡᠭᠦᠷ ᠳᠠᠪᠠᠭᠤᠯᠢᠭ᠂ ᠠᠵᠤ | ᠦᠢᠯᠡᠰ ᠲᠥᠪᠯᠡᠷᠡᠭᠰᠡᠨ ᠵᠡᠷᠭᠡ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠵᠢᠱᠢᠶ᠎ᠡ ᠦᠵᠡᠭᠦᠯᠬᠦ | ᠲᠣᠭᠤᠷᠢᠭ ᠢ ᠪᠣᠶ ᠪᠣᠯᠭᠠᠨ᠎ᠠ᠃ ᠳᠠᠪᠠᠭᠠᠨ ᠳᠡᠭᠡᠷᠡᠬᠢ ᠬᠤᠰᠢᠭᠤ ᠬᠤᠲᠠ ᠶᠢᠨ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠣᠶ ᠰᠢᠭᠤᠶ ᠶᠢᠨ | ᠡᠬᠢ ᠪᠠᠶᠠᠯᠢᠭ᠂ ᠣᠷᠣᠨ ᠨᠤᠲᠤᠭ ᠪᠠ ᠠᠵᠤ ᠠᠬᠤᠶᠢᠯᠠᠯ ᠤᠨ ᠵᠣᠬᠢᠴᠠᠩᠭᠤᠶ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠬᠥᠮᠦᠨ ᠬᠢᠭᠡᠳ ᠪᠠᠶᠢᠭᠠᠯᠢ ᠶᠢᠨ | ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠵᠢᠱᠢᠶ᠎ᠡ ᠦᠵᠡᠭᠦᠯᠬᠦ ᠲᠣᠭᠤᠷᠢᠭ ᠢ ᠪᠣᠶ ᠪᠣᠯᠭᠠᠨ᠎ᠠ᠃ | ᠣᠷᠣᠨ ᠪᠦᠰᠡ ᠶᠢᠨ ᠬᠠᠮᠵᠢᠯᠴᠠᠭ᠎ᠠ ᠶᠢ ᠬᠦᠴᠦᠯᠡᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠠᠶᠢᠮᠠᠭ ᠬᠤᠳᠠ ᠶᠢᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠵᠡᠭᠦᠨ ᠬᠤᠶᠢᠲᠤ ᠣᠷᠣᠨ ᠤ ᠣᠷᠣᠨ ᠪᠦᠰᠡ ᠶᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠳᠤ | ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠬᠠᠷᠠᠮᠥ᠋ᠷᠡᠨ ᠮᠤᠵᠢ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠪᠤᠳᠠᠳᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠬᠠᠷᠪᠢᠨ ᠳ᠋ᠠᠴᠢᠩ ᠴᠢᠴᠢᠬᠠᠷ ᠬᠥᠯᠦᠨ ᠪᠥᠢᠷ︾᠂ ︽ᠯᠢᠶᠤᠤᠨᠢᠩ ᠤᠨ ᠪᠠᠷᠠᠭᠤᠨ ᠥᠪᠥᠷ ᠮᠣᠩᠭᠤᠯ ᠤᠨ ᠵᠡᠭᠦᠨ ᠬᠡᠰᠡᠭ︾ ᠤᠨ | ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ ᠵᠣᠯᠭᠠᠭᠤᠯᠤᠨ | ᠭᠦᠨᠵᠡᠭᠡᠢ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠨᠡᠩ ᠰᠠᠶᠢᠨ ᠦᠢᠯᠡᠴᠢᠯᠡᠬᠦ ᠪᠦᠭᠡᠳ ᠠᠭᠤᠰᠤᠯᠴᠠᠨ᠎ᠠ᠃ ᠬᠥᠯᠥᠨ ᠪᠤᠶᠢᠷ ᠬᠤᠲᠠ | — ᠬᠢᠩᠭᠠᠨ ᠠᠶᠢᠮᠠᠭ ᠤᠨ ᠣᠷᠣᠨ ᠪᠦᠰᠡ ᠶᠢᠨ ᠬᠠᠮᠵᠢᠯᠴᠠᠭ᠎ᠠ ᠶᠢᠨ ᠬᠦᠷᠢᠶ᠎ᠡ ᠬᠡᠪᠴᠢᠶ᠎ᠡ ᠪᠠ ᠲᠠᠰ ᠳᠠᠪᠬᠤᠷᠭ᠎ᠠ ᠶᠢ ᠥᠷᠭᠡᠳᠬᠡᠨ ᠳᠡᠭᠡᠭᠰᠢᠯᠡᠭᠦᠯᠵᠦ᠂ ᠣᠶ | ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠣᠷᠣᠨ ᠨᠤᠲᠤᠭ ᠠᠵᠤ ᠠᠬᠤᠶᠢᠯᠠᠯ ᠯᠤᠭ᠎ᠠ ᠬᠠᠮᠲᠤᠪᠠᠷ ᠪᠥᠲᠥᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ᠂ ︽ | ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠤᠨ ᠨᠢᠭᠡ ᠴᠣᠭᠴᠠᠵᠢᠭᠤᠯᠤᠭᠰᠠᠨ ᠬᠠᠮᠲᠤᠷᠠᠯᠴᠠᠭ᠎ᠠ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ | | ︵ᠵᠢᠷᠭᠤᠭ᠎ᠠ︶ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠳᠤᠤᠷᠠᠲᠤ ᠪᠠᠷᠢᠮᠵᠢᠶ᠎ᠠ ᠶᠢ ᠰᠠᠶᠢᠲᠤᠷ ᠪᠠᠲᠤᠯᠠᠵᠤ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠡᠯ᠎ᠡ | ᠵᠦᠢᠯ ᠤᠨ ᠠᠵᠢᠯ ᠢ ᠨᠢᠮᠪᠠᠢ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠬᠦ ᠶᠢ | ᠪᠠᠲᠤᠯᠠᠨ᠎ᠠ᠃ | ᠠᠵᠢᠯ ᠣᠯᠭᠤᠯᠲᠠ ᠶᠢ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠤᠷᠢᠳ ᠢᠶᠠᠷ ᠪᠣᠳᠤᠯᠬᠢᠯᠠᠬᠤ | ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠦᠢᠯᠡᠰ ᠪᠤᠰᠬᠠᠬᠤ ᠶᠢ ᠲᠡᠳᠬᠦᠬᠦ᠂ ᠠᠵᠢᠯ ᠣᠯᠭᠤᠬᠤ ᠶᠢ ᠲᠤᠰᠠᠯᠠᠬᠤ ᠪᠠ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ | ᠣᠯᠭᠤᠯᠲᠠ ᠶᠢ ᠪᠦᠲᠦᠮᠵᠢᠲᠡᠶ ᠪᠠᠲᠤᠯᠠᠵᠤ᠂ ᠮᠠᠯᠴᠢᠨ ᠲᠠᠷᠢᠶᠠᠴᠢᠳ ᠤᠨ ᠣᠶᠢᠷ᠎ᠠ ᠬᠠᠪᠢ ᠲᠣᠬᠠᠢ ᠶᠢᠨ ᠭᠠᠵᠠᠷ ᠲᠤ ᠪᠠᠨ ᠠᠵᠢᠯ ᠣᠯᠵᠤ ᠦᠢᠯᠡᠰ ᠪᠤᠰᠬᠠᠬᠤ ᠶᠢ | ᠠᠬᠢᠭᠤᠯᠵᠤ᠂ ᠵᠣᠬᠢᠶᠠᠨ ᠪᠠᠶᠢᠭᠤᠯᠴᠢᠯᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ 6 | ᠲᠦᠮᠡ ᠠᠴᠠ ᠳᠡᠭᠡᠭᠰᠢ ᠬᠦᠮᠦᠨ ᠳᠤ ᠠᠵᠢᠯ ᠣᠯᠭᠤᠨ᠎ᠠ᠃ ︽ᠦᠢᠯᠡᠰ ᠪᠤᠰᠬᠠᠬᠤ ᠥᠪᠥᠷ ᠮᠣᠩᠭᠤᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠴᠠ ᠶᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠥᠬᠦᠪᠥᠷᠢ ᠣᠯᠭᠤᠬᠤ ᠴᠢᠨᠠᠷᠲᠠᠶ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 7500 ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠴᠠᠯᠢᠩ ᠢ ᠵᠦᠢ ᠵᠣᠬᠢᠰᠲᠠᠶ ᠪᠠᠷ ᠨᠡᠮᠡᠭᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠬᠥᠮᠦᠨ ᠤ ᠲᠤᠭ᠎ᠠ ᠶᠢ 4 ᠲᠦᠮᠡ ᠨᠡᠮᠡᠭᠳᠡᠭᠦᠯᠦᠨ᠂ ᠨᠡᠶᠢᠭᠡᠮ ᠤᠨ ᠳᠠᠭᠠᠳᠬᠠᠯ ᠤᠨ | ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠨᠴᠠᠭᠠᠶ | ᠬᠦᠴᠢᠷᠳᠡᠯ ᠲᠠᠢ ᠬᠠᠮᠲᠤᠯᠢᠭ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠤᠨ ᠦᠨᠳᠦᠰᠦᠨ ᠠᠮᠢᠳᠤᠷᠠᠯ ᠤᠨ ᠬᠢᠵᠠᠭᠠᠷ ᠱᠤᠭᠤᠮ ᠢ | ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠳᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠢᠶᠠᠷ | ᠡᠮᠨᠡᠯᠭᠡ ᠳᠤ ᠰᠠᠭᠤᠬᠤ ᠳᠤ ᠡᠬᠢᠯᠡᠨ ᠲᠤᠰᠢᠶᠠᠬᠤ ᠮᠥᠩᠭᠦ ᠶᠢ ᠳᠤᠮᠳᠠᠴᠢ ᠪᠠᠷ 300 ᠲᠥᠭᠦᠷᠢᠭ ᠪᠠᠭᠤᠷᠠᠭᠤᠯᠵᠤ᠂ ᠡᠮᠨᠡᠯᠭᠡ ᠳᠤ ᠰᠠᠭᠤᠭᠰᠠᠳ ᠤᠨ ᠲᠠᠩᠰᠠ | ᠲᠠᠶᠢᠯᠬᠤ ᠬᠠᠷᠢᠴᠠᠯ ᠢ 3% ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ︽ᠨᠠᠰᠤᠲᠠᠶᠢᠴᠤᠳ ᠪᠠ | ᠨᠢᠯᠬᠠᠰ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠡᠭᠡᠯᠢ ᠭᠤᠳᠤᠮᠵᠢ ᠶᠢᠨ ᠲᠠᠰ ᠤᠨ ᠡᠷᠦᠬᠡ ᠬᠡᠷ ᠲᠡᠭᠡᠨ ᠠᠰᠠᠷᠠᠬᠤ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠲᠠᠯᠠᠪᠤᠷ ᠭᠠᠵᠠᠷ ᠢ 12 ᠪᠠᠶᠢᠭᠤᠯᠵᠤ᠂ ᠬᠠᠶᠢᠯᠠᠷ ᠲᠣᠭᠤᠷᠢᠭ᠂ ᠮᠠᠨᠵᠤᠤᠷ ᠬᠤᠲᠠ ᠶᠢᠨ ᠪᠥᠬᠦ ᠤᠯᠤᠰ ᠤᠨ ᠵᠢᠱᠢᠶ᠎ᠡ ᠦᠵᠡᠭᠦᠯᠬᠦ | ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠮᠠᠶ᠋ᠢᠭ ᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ ᠳᠡᠮᠵᠢᠨ᠎ᠡ︔ ᠰᠢᠨ᠎ᠡ ᠦᠷᠡᠵᠢᠯ ᠤᠨ ᠲᠦᠷᠦ ᠶᠢᠨ | ᠪᠤᠳᠤᠯᠭ᠎ᠠ ᠶᠢ ᠪᠤᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠣᠷᠤ ᠶᠢ 4000 ᠠᠴᠠ | ᠳᠡᠭᠡᠭᠰᠢ ᠬᠦᠷᠭᠡᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ ᠲᠡᠮᠵᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ᠂ ᠴᠡᠷᠢᠭ ᠠᠷᠠᠳ ᠤᠨ ᠠᠭᠤᠰᠤᠯᠴᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠤᠨ ᠲᠣᠭᠲᠠᠯᠴᠠᠭ᠎ᠠ ᠪᠠ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠠᠷᠠᠳ ᠲᠦᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ | ᠡᠯ᠎ᠡ ᠱᠠᠲᠣᠨ ᠤ ᠡᠯ᠎ᠡ ᠲᠥᠷᠦᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠳᠠᠯᠠᠵᠤ᠂ | ᠰᠢᠨ᠎ᠡ ᠴᠠᠭ ᠦᠶ᠎ᠡ ᠶᠢᠨ ᠰᠤᠷᠭᠠᠨ ᠬᠦᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠲᠦᠷᠭᠡᠳᠬᠡᠨ᠂ ᠨᠡᠶᠢᠳᠡᠮ ᠬᠠᠷᠠᠭᠠᠯᠵᠠᠬᠤ ᠴᠢᠨᠠᠷᠲᠠᠶ ᠬᠡᠤᠬᠡᠳ ᠤᠨ ᠴᠡᠴᠡᠷᠯᠢᠭ ᠤᠨ | ᠪᠦᠷᠬᠦᠯᠲᠡ ᠶᠢᠨ ᠨᠣᠷᠮ᠎ᠠ ᠶᠢ 88% ᠳᠤ ᠬᠦᠷᠭᠡᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠡᠵᠡᠯᠡᠬᠦ ᠬᠠᠷᠢᠴᠠᠯ ᠢ | 55% ᠠᠴᠠ ᠳᠡᠭᠡᠭᠰᠢ ᠳᠤ ᠬᠦᠷᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠯᠲᠡ ᠪᠠ ᠬᠤᠲᠠ ᠬᠥᠳᠡᠭᠡ ᠶᠢᠨ | ᠨᠢᠭᠡ ᠴᠣᠭᠴᠠᠵᠢᠭᠤᠯᠤᠯᠲᠠ ᠶᠢ ᠠᠬᠢᠭᠤᠯᠵᠤ᠂ ︽ᠬᠤᠶᠠᠷ ᠢ ᠬᠥᠩᠭᠡᠷᠡᠭᠦᠯᠬᠦ︾ ᠰᠢᠪᠲᠤᠯᠤᠯᠲᠠ ᠶᠢ ᠨᠠᠶᠢᠳᠠᠪᠤᠷᠢᠵᠢᠭᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠂ 60 ᠰᠠᠤᠷᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠵᠤ | ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠲᠤᠷᠰᠢᠯᠲᠠ ᠶᠢᠨ ᠴᠡᠭ ᠤᠨ ᠰᠢᠶᠠᠨ ᠢ | ᠡᠭᠦᠳᠦᠨ ᠪᠠᠶᠢᠭᠤᠯᠬᠤ ᠶᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠡᠷᠭᠢᠯᠡᠬᠦ ᠨᠥᠬᠦᠴᠡᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠪᠡᠷᠮᠢᠴᠡ ᠣᠨᠴᠠᠯᠢᠭ ᠪᠦᠬᠦᠢ ᠤᠯᠠᠨ ᠶᠠᠩᠵᠤ ᠶᠢᠨ ᠬᠥᠭᠵᠢᠯᠲᠡ ᠶᠢ ᠠᠬᠢᠭᠤᠯᠵᠤ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ ᠤᠨ ᠥᠭᠡᠷᠡᠴᠢᠯᠡᠯᠲᠡ ᠪᠠ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠢ | ᠦᠭᠡᠷᠡᠴᠢᠯᠡᠯᠲᠡ ᠶᠢ ᠬᠡᠷᠡᠭᠵᠢᠭᠦᠯᠵᠦ᠂ 10 ᠰᠠᠤᠷᠢ ᠥᠪᠡᠷᠮᠢᠴᠡ ᠣᠨᠴᠠᠯᠢᠭ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠠᠶᠢᠭᠤᠯᠤᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠲᠤᠭ᠎ᠠ ᠶᠢ 5% ᠨᠡᠮᠡᠭᠳᠡᠭᠦᠯᠦᠨ᠂ ︽ᠬᠤᠤᠰ ᠰᠢᠯᠢᠳᠡᠭ︾ ᠲᠥᠯᠥᠪᠯᠡᠭᠡ ᠶᠢᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠥᠷᠥᠯ ᠵᠦᠢᠯ ᠤᠨ 4 ᠰᠠᠤᠷᠢ ᠰᠤᠷᠭᠠᠭᠤᠯᠢ ᠶᠢᠨ ᠣᠨ ᠤ ᠡᠭᠦᠷᠭᠡ ᠶᠢ ᠪᠡᠶᠡᠯᠡᠭᠦᠯᠵᠦ᠂ ᠡᠯ᠎ᠡ ᠲᠥᠷᠥᠯ ᠤᠨ ᠵᠡᠮᠳᠡᠭ | ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 99% ᠠᠴᠠ ᠳᠡᠭᠡᠭᠰᠢ ᠳᠤ ᠬᠦᠷᠭᠡᠨ᠎ᠡ᠃ ᠪᠠᠭᠰᠢ ᠶᠢᠨ ᠮᠣᠷᠠᠯ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ 1048 ᠨᠡᠷᠡᠰ ᠪᠠᠭᠰᠢ ᠶᠢ ᠨᠥᠬᠦᠪᠥᠷᠢᠯᠡᠵᠦ᠂ ᠪᠠᠭᠰᠢ ᠶᠢᠨ ᠡᠷᠬᠡ ᠠᠰᠢᠭ ᠢ ᠦᠨᠡᠨ | ᠬᠦ ᠪᠠᠲᠤᠯᠠᠨ᠎ᠠ᠃ ᠬᠥᠯᠥᠨ ᠪᠤᠶᠢᠷ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ᠎ᠡ᠃ ᠡᠷᠡᠭᠦᠯ ᠡᠩᠬᠡ | ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠵᠤ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠥᠮᠦᠨ᠂ ᠪᠣᠳᠠᠰ᠂ | ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠣᠯᠠᠨ ᠴᠡᠭ ᠢᠶᠠᠷ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠸᠠᠺᠼᠢᠨ ᠤ | ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠬᠢᠯᠢ ᠶᠢᠨ ᠪᠣᠭᠤᠮᠲᠠ ᠶᠢᠨ ᠬᠤᠰᠢᠭᠤ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠡᠬᠢ | ᠪᠠᠶᠠᠯᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠲᠣᠭᠲᠠᠭᠰᠠᠨ ᠴᠡᠭ ᠤᠨ ᠡᠮᠨᠡᠯᠭᠡ ᠶᠢᠨ | ᠬᠤᠷᠢᠶᠠᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠯᠦᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠢ ᠡᠮᠨᠡᠨ | ᠵᠠᠰᠠᠬᠤ ᠲᠥᠪ ᠤᠨ ᠡᠮᠴᠢᠯᠡᠭᠡᠨ ᠤ ᠮᠡᠷᠭᠡᠵᠢᠯ ᠤᠨ ᠡᠪᠡᠳᠴᠢᠲᠡᠨ ᠤ ᠦᠷᠦᠭᠡ ᠶᠢᠨ ᠶᠡᠷᠦᠩᠬᠡᠶᠢᠯᠡᠭᠰᠡᠨ ᠠᠰᠠᠷ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ | ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠵᠡᠷᠭᠡ ᠲᠥᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠬᠤ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠦᠷᠢᠨ ᠰᠠᠯᠠᠭᠠᠨ ᠤ ᠡᠮᠴᠢ ᠶᠢ ᠬᠥᠮᠦᠵᠢᠭᠦᠯᠬᠦ᠂ ᠱᠠᠲᠤ ᠬᠤᠪᠢᠶᠠᠨ | ᠣᠨᠣᠰᠢᠯᠠᠨ ᠡᠮᠨᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠳᠣᠭᠢᠷᠠᠭᠤᠯᠬᠤ ᠬᠠᠷᠢᠴᠠᠯ ᠢ 50% ᠠᠴᠠ ᠳᠡᠭᠡᠭᠰᠢ ᠳᠤ ᠬᠦᠷᠭᠡᠨ᠎ᠡ᠃ ᠡᠮᠡᠭᠲᠡᠶᠢᠴᠦᠳ ᠤᠨ ︽ᠬᠤᠶᠠᠷ | ᠥᠮᠡᠨ︾ ᠤ ᠰᠢᠭᠰᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ ᠬᠥᠮᠦᠰ ᠲᠤ ᠬᠡᠷ ᠪᠦᠯᠢ ᠶᠢᠨ ᠡᠮᠴᠢ ᠭᠡᠷ᠎ᠡ ᠲᠤᠭᠲᠠᠵᠤ | ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠶᠢ ᠡᠭᠦᠳᠦᠨ ᠤᠯᠠᠮᠵᠢᠯᠠᠬᠤ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ᠶᠢᠨ | ᠲᠠᠰᠤᠭ ︵ᠮᠣᠩᠭᠤᠯ ᠡᠮᠨᠡᠯᠭᠡ ᠶᠢᠨ ᠲᠠᠰᠤᠭ︶ ᠢ ᠨᠡᠶᠢᠳᠡᠮ ᠬᠠᠮᠤᠷᠤᠭᠤᠯᠬᠤ ᠶᠢ ᠪᠡᠶᠡᠯᠡᠭᠦᠯᠦᠨ᠎ᠡ᠃ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠶᠡᠬᠡᠪᠡᠷ ᠥᠷᠨᠢᠭᠦᠯᠦᠨ᠎ᠡ᠃ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠪᠣᠢ ᠪᠣᠯᠭᠠᠨ ᠦᠢᠯᠡᠳᠦᠯᠭᠡᠵᠢᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠦᠴᠦᠲᠡᠢ ᠠᠬᠢᠭᠤᠯᠵᠤ᠂ ᠰᠢᠨ᠎ᠡ ᠴᠠᠭ | ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭᠠᠨ︾ ᠢ ᠭᠦᠨᠵᠡᠭᠡᠶ ᠬᠡᠷᠡᠭᠵᠢᠭᠦᠯᠵᠦ᠂ ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠨ᠎ᠡ᠃ ᠬᠥᠯᠥᠨ ᠪᠤᠶᠢᠷ ᠬᠤᠲᠠ ᠶᠢᠨ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠦᠬᠦᠭᠡᠷᠦᠮᠵᠢ ᠶᠢ ᠪᠥᠲᠥᠭᠡᠨ ᠪᠠᠶᠢᠭᠤᠯᠤᠨ᠎ᠠ᠃ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ | ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠢ ᠶᠢᠨ ᠳᠡᠰ ᠳᠡᠪᠰᠢᠬᠦ ᠶᠢ ᠠᠬᠢᠭᠤᠯᠵᠤ᠂ ᠲᠦᠪ ᠬᠤᠲᠠ ᠶᠢᠨ | ᠲᠣᠭᠤᠷᠢᠭ ᠤᠨ 15 ᠮᠢᠨᠦ᠋ᠲ ᠤᠨ ᠰᠣᠶᠣᠯ ᠢᠶᠠᠷ ᠠᠷᠠᠳ ᠢ ᠬᠠᠷᠠᠭᠠᠯᠵᠠᠬᠤ ᠦᠢᠯᠡᠴᠢᠯᠡᠭᠡᠨ ᠤ ᠬᠦᠷᠢᠶ᠎ᠡ ᠶᠢ ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠤᠨ | ᠲᠠᠯᠠᠪᠤᠷ ᠣᠷᠳᠣᠨ ᠤ ᠦᠢᠯᠡᠴᠢᠯᠡᠬᠦ ᠶᠡᠷᠦᠩᠬᠡᠶ ᠬᠥᠮᠦᠨ ᠤᠳᠠᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠨᠠᠩ ᠣᠯᠠᠨ ᠰᠢᠯᠢᠳᠡᠭ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠤᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ ᠬᠥᠭᠵᠢᠬᠦ ᠶᠢ ᠳᠠᠮᠵᠢᠵᠤ᠂ ᠣᠶᠤᠨᠲᠤ ᠷᠠᠳᠢᠣ᠋ | ᠲᠧᠯᠸᠢᠰ ᠤᠨ ᠪᠦᠷᠬᠦᠴᠡ ᠶᠢ ᠥᠷᠭᠡᠳᠬᠡᠨ᠂ ᠰᠣᠶᠣᠯ ᠤᠨ ᠥᠪ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ ᠶᠢ | ᠴᠢᠩᠭᠠᠳᠬᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠣᠬᠢᠶᠠᠯ ᠢ ᠠᠰᠢᠭᠯᠠᠵᠤ᠂ ︽ᠠᠷᠪᠠᠨ ᠳᠥᠷᠪᠡᠳᠦᠭᠡᠷ ᠡᠪᠦᠯ︾ | ᠢ ᠳᠠᠬᠢᠨ ᠡᠬᠢᠯᠡᠭᠦᠯᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠠᠶᠢᠯᠠᠷ᠂ ᠶᠠᠭᠰᠢ᠂ ᠵᠠᠯᠠᠨ ᠠᠶᠢᠯ ᠤᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠪᠦᠯ ᠤᠨ ᠤᠯᠠᠷᠢᠯ ᠤᠨ ᠪᠠᠭᠠᠲᠤᠷ ᠵᠣᠷᠢᠭᠲᠠᠳ ᠤᠨ ᠴᠤᠭᠯᠠᠭᠠᠨ᠂ ᠬᠦᠢᠲᠡᠨ | ᠲᠦᠢᠯ ᠤᠨ ᠮᠠᠷᠠᠽᠤᠨ ᠤᠷᠤᠯᠳᠤᠭᠠᠨ ᠵᠡᠷᠭᠡ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠠᠩ ᠣᠯᠠᠨ ᠬᠤᠲᠠ ᠶᠢᠨ ᠠᠷᠠᠳ ᠤᠨ | ᠪᠡᠶ᠎ᠡ ᠪᠠᠨ ᠴᠢᠭᠢᠷᠠᠭᠵᠢᠭᠤᠯᠬᠤ ᠶᠢ ᠳᠠᠶᠢᠴᠢᠯᠠᠵᠤ᠂ ᠢᠷᠡᠭᠡᠳᠦᠢ ᠵᠦᠭ ᠬᠠᠮᠲᠤ ᠪᠠᠷ ᠤᠷᠤᠭᠰᠢᠯᠠᠨ᠎ᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠥᠷᠭᠡᠳᠬᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠬᠤᠣᠰ ᠵᠠᠭᠤᠨ ᠵᠢᠱᠢᠶ᠎ᠡ ᠦᠵᠡᠭᠦᠯᠬᠦ︾ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ ᠢᠨᠵᠧᠨᠧᠷᠢᠩ ᠪᠠ ᠬᠢᠯᠢ | ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ | ᠠᠰᠢᠭᠯᠠᠯᠲᠠ ᠳᠤ ᠣᠷᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠪᠠᠲᠤ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠠᠲᠤᠲᠠᠢ ᠳᠡᠯᠭᠡᠷᠡᠭᠦᠯᠦᠨ ᠬᠡᠷᠡᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠤᠨ᠎ᠠ | ᠃ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ | ᠴᠡᠭᠴᠡᠯᠡᠨ ᠵᠠᠰᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ | ᠨᠠᠩ ᠥᠨᠳᠥᠷ ᠲᠦᠪᠰᠢᠨ ᠪᠦᠬᠦᠢ ᠠᠮᠤᠭᠤᠯᠠᠩᠲᠤ ᠬᠥᠯᠥᠨ ᠪᠦᠢᠷ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠲᠤᠲᠠᠢ ᠠᠬᠢᠭᠤᠯᠵᠤ᠂ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠪᠠᠶᠢᠭᠤᠯᠤᠯᠲᠠ ᠶᠢ ᠲᠦᠷᠭᠡᠳᠬᠡᠨ᠂ ︽ᠲᠠᠪᠤᠨ ᠨᠡᠶᠢᠭᠡᠮ ᠤᠨ ᠬᠢᠨ ᠬᠤᠯᠪᠣᠭᠠᠯᠠᠨ ᠬᠥᠳᠡᠯᠦᠯᠴᠡᠬᠦ︾ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠤᠰᠢᠭᠤ ᠬᠤᠲᠠ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠪᠠᠷ ᠰᠢᠢᠳᠪᠦᠷᠢᠯᠡᠬᠦ ᠲᠤᠰᠠᠯᠠᠮᠵᠢ ᠶᠢ ᠴᠢᠩᠭᠠᠳᠬᠠᠨ᠂ ᠣᠯᠠᠨ ᠲᠦᠮᠡᠨ ᠤ ᠵᠦᠶ | ᠶᠣᠰᠤᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠤᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠶᠤᠯᠭᠦᠢ | ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠣᠨᠴᠠ ᠬᠦᠨᠳᠦ ᠶᠡᠭᠡ | ᠠᠶᠤᠯᠭᠦᠢ ᠶᠢᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠨ᠎ᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠦᠲᠦᠮᠵᠢᠲᠠᠢ ᠰᠡᠷᠭᠡᠶᠢᠯᠡᠨ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠬᠠᠮᠠᠭᠠᠯᠠᠨ᠎ᠠ᠃ |