2022 ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠨᠠᠢᠮᠠ︶
ᠨᠡᠶᠢᠲᠡᠯᠡᠭᠰᠡᠨ ᠴᠠᠭ᠄
2022/3/15
      ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ       ᠲᠥᠯᠥᠭᠡᠯᠡᠭᠴᠢᠳ ᠡ︕ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠵᠢᠷᠭᠤᠭᠠᠨ ᠵᠠᠰᠠᠭ ᠤᠨ ᠣᠷᠳᠣᠨ︾ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢ ᠴᠢᠩᠭᠠᠷᠠᠭᠤᠯᠬᠤ᠂ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠱᠤᠭᠤᠬᠤ︾ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠠᠵᠢᠯᠯᠠᠭ᠎ᠠ ᠥᠷᠨᠢᠭᠦᠯᠵᠦ᠂ ᠬᠥᠯᠥᠨ ᠪᠤᠶᠢᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠩᠭᠡ ᠭᠡᠷᠡᠯᠲᠦ ᠡᠭᠦᠷᠭᠡ ᠶᠢ ᠨᠠᠩ ᠰᠠᠶᠢᠲᠤᠷ ᠡᠭᠦᠷᠭᠡᠯᠡᠨ᠎ᠡ᠃       ᠵᠣᠷᠢᠭᠲᠠᠶ ᠤᠷᠢᠳ ᠢᠶᠠᠷ ᠬᠢᠵᠦ ᠤᠷᠢᠳ ᠢᠶᠠᠷ ᠲᠣᠷᠰᠢᠵᠤ᠂ ᠰᠢᠨ᠎ᠡ ᠶᠢ ᠡᠭᠦᠳᠬᠦ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠵᠦᠪᠬᠡᠨ ᠥᠭᠡᠷᠡᠴᠢᠯᠡᠯᠲᠡ ᠬᠢᠭᠰᠡᠳ ᠤᠷᠤᠭᠰᠢᠯᠠᠵᠤ᠂ ᠵᠦᠪᠬᠡᠨ ᠰᠢᠨ᠎ᠡ ᠶᠢ ᠡᠭᠦᠳᠦᠭᠰᠡᠳ ᠬᠦᠴᠦᠷᠬᠡᠭᠵᠢᠵᠦ᠂ ᠵᠦᠪᠬᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠳ ᠢᠯᠠᠨ᠎ᠠ᠃ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠡᠯ᠎ᠡ ᠬᠦᠷᠢᠶ᠎ᠡ ᠴᠠᠷᠠᠭ᠎ᠠ ᠡᠯ᠎ᠡ ᠳᠠᠪᠬᠤᠷᠭ᠎ᠠ ᠡᠯ᠎ᠡ ᠭᠤᠭᠴᠤᠭ᠎ᠠ ᠳᠤ ᠲᠣᠭᠤᠰᠢᠯᠠᠭᠤᠯᠬᠤ ᠶᠢ ᠪᠠᠷᠢᠮᠳᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠲᠠᠯ᠎ᠠ ᠪᠠᠷ ᠰᠢᠨ᠎ᠡ ᠬᠠᠭᠤᠳᠠᠰᠤ ᠶᠢ ᠰᠡᠳᠦᠨ ᠲᠦᠯᠦᠪᠯᠡᠵᠦ᠂ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨ᠎ᠡ ᠪᠠᠶᠢᠳᠠᠯ ᠢ ᠨᠡᠭᠡᠭᠡᠵᠦ᠂ ︽ᠲᠠᠪᠤᠨ ᠡᠷᠬᠡᠪᠰᠢ︾ ᠶᠢ ᠲᠤᠭᠤᠰᠢᠯᠠᠭᠤᠯᠬᠤ᠂ ︽ᠳᠦᠷᠪᠡᠨ ᠠᠷᠭ᠎ᠠ ᠪᠦᠬᠦᠨ ᠢ ᠰᠦᠪᠡᠭᠴᠢᠯᠡᠬᠦ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠲᠠᠯ᠎ᠠ ᠪᠠᠷ ᠰᠢᠨ᠎ᠡ ᠶᠢ ᠡᠷᠢᠯᠬᠢᠯᠡᠨ ᠬᠤᠪᠢᠷᠠᠭᠤᠯᠵᠤ᠂ ᠡᠷᠡᠯᠬᠡᠭᠯᠡᠨ ᠤᠷᠤᠭᠰᠢᠯᠠᠵᠤ᠂ ᠬᠥᠯᠥᠨ ᠪᠦᠢᠷ ᠢᠶᠠᠨ ᠬᠥᠮᠦᠨ ᠪᠦᠬᠦᠨ ᠬᠠᠮᠲᠤ ᠪᠠᠷ ᠡᠳ᠋ᠯᠡᠬᠦ᠂ ᠲᠠᠯ᠎ᠠ ᠪᠦᠬᠦᠨ ᠳᠤ ᠠᠰᠢᠭ ᠬᠦᠷᠲᠡᠬᠦ ᠰᠢᠨ᠎ᠡ ᠡᠭᠦᠳᠦᠯᠲᠡ ᠶᠢᠨ ᠭᠠᠵᠠᠷ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠬᠦᠴᠦᠯᠡᠨ᠎ᠠ᠃       ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠠᠯᠢᠪᠠ ᠡᠷᠬᠡ ᠪᠣᠯ ᠠᠷᠠᠳ ᠲᠦᠮᠡᠨ ᠪᠣᠯᠤᠨ ᠬᠠᠤᠯᠢ ᠴᠠᠭᠠᠵᠠ ᠠᠴᠠ ᠣᠯᠭᠤᠭᠰᠠᠨ ᠶᠤᠮ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠲᠦᠷᠦᠭᠦᠯᠡᠨ ᠦᠨᠳᠦᠰᠦᠨ ᠬᠠᠤᠯᠢ ᠶᠢ ᠬᠦᠨᠳᠦᠳᠬᠡᠵᠦ᠂ ᠬᠠᠤᠯᠢ ᠴᠠᠭᠠᠵᠠ ᠶᠢ ᠬᠦᠨᠳᠦᠳᠬᠡᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷᠯᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠪᠠᠷ ᠵᠠᠰᠠᠬᠤ ᠵᠠᠮ ᠱᠤᠭᠤᠮ ᠢᠶᠠᠷ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠣᠳᠤᠨᠤ ᠴᠢᠭᠡᠴᠢ ᠵᠠᠰᠠᠭ ᠬᠤᠳᠠᠯᠳᠤᠭ᠎ᠠ ᠶᠢᠨ ᠬᠠᠷᠢᠴᠠᠭ᠎ᠠ ᠶᠢ ᠪᠠᠶᠢᠭᠤᠯᠵᠤ᠂ ᠡᠷᠬᠡ ᠪᠠᠨ ᠢᠯᠡ ᠪᠠᠷ ᠬᠡᠷᠡᠭᠯᠡᠬᠦ ᠶᠢ ᠢᠮᠠᠭᠲᠠ ᠪᠠᠲᠤᠯᠠᠵᠤ᠂ ᠬᠠᠤᠯᠢ ᠪᠠᠷ ᠵᠠᠰᠠᠬᠤ ᠶᠢ ᠪᠦᠬᠦ ᠨᠡᠶᠢᠭᠡᠮ ᠤᠨ ᠨᠡᠶᠢᠳᠡᠮ ᠤᠨ ᠬᠥᠭᠡᠭᠡᠴᠡᠯᠳᠦᠯ᠂ ᠬᠠᠮᠲᠤ ᠶᠢᠨ ᠢᠲᠡᠭᠡᠯ ᠪᠢᠰᠢᠷᠡᠯ ᠪᠣᠯᠭᠠᠬᠤ ᠪᠠᠷ ᠴᠢᠷᠮᠠᠶᠢᠨ᠎ᠠ᠃       ᠢᠲᠡᠭᠡᠮᠵᠢᠲᠡᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠬᠥᠮᠦᠨ ᠢᠲᠡᠭᠡᠯ ᠦᠭᠡᠢ ᠪᠣᠯᠪᠠᠰᠤ ᠲᠣᠭᠲᠠᠨᠢᠵᠤ ᠦᠯᠦ ᠴᠢᠳᠠᠨ᠎ᠠ᠂ ᠦᠢᠯᠡᠰ ᠢᠲᠡᠭᠡᠯ ᠦᠭᠡᠢ ᠪᠣᠯᠪᠠᠰᠤ ᠮᠠᠨᠳᠤᠵᠤ ᠦᠯᠦ ᠴᠢᠳᠠᠨ᠎ᠠ᠂ ᠵᠠᠰᠠᠭ ᠢᠲᠡᠭᠡᠯ ᠦᠭᠡᠢ ᠪᠣᠯᠪᠠᠰᠤ ᠳᠣᠷᠤᠶᠢᠲᠠᠬᠤ ᠨᠢ ᠯᠠᠪᠲᠠᠢ᠃ ᠭᠡᠷᠡᠲᠦ ᠵᠣᠷᠢᠭ ᠰᠠᠨᠠᠭ᠎ᠠ᠂ ᠭᠡᠷ᠎ᠡ ᠶᠢ ᠰᠠᠬᠢᠬᠤ ᠲᠠᠨᠢᠯᠲᠠ ᠶᠢ ᠪᠠᠲᠤ ᠪᠤᠢ ᠪᠣᠯᠭᠠᠵᠤ᠂ ᠰᠢᠢᠳᠪᠦᠷᠢᠲᠦ ᠪᠤᠳᠤᠯᠭ᠎ᠠ ᠶᠢᠨ ᠤᠷᠢᠳᠴᠢᠯᠠᠨ ᠮᠡᠳᠡᠬᠦᠢ ᠴᠢᠨᠠᠷ᠂ ᠠᠪᠴᠠᠯᠳᠤᠩᠭᠤᠢ ᠴᠢᠨᠠᠷ ᠪᠠ ᠨᠢᠭᠡᠳᠦᠯᠲᠦ ᠴᠢᠨᠠᠷ ᠢ ᠪᠦᠲᠦᠮᠵᠢᠲᠡᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ᠂ ᠠᠮᠠᠯᠠᠭᠰᠠᠨ ᠵᠦᠢᠯᠡᠰ᠂ ᠲᠣᠭᠲᠠᠭᠰᠠᠨ ᠵᠦᠪᠯᠡᠯᠴᠡᠭᠡᠷ ᠢ ᠡᠷᠬᠡᠪᠰᠢ ᠲᠡᠷᠡ ᠶᠣᠰᠤ ᠪᠠᠷ ᠨᠢ᠂ ᠣᠤᠯ ᠬᠡᠪ ᠢᠶᠠᠷ ᠨᠢ ᠲᠤᠭᠤᠰᠢᠲᠠᠢ ᠬᠡᠷᠡᠭᠵᠢᠭᠦᠯᠬᠦ ᠪᠠ ᠪᠡᠶᠡᠯᠡᠭᠦᠯᠦᠨ ᠨᠠᠶᠢᠳᠠᠪᠤᠷᠢᠵᠢᠭᠤᠯᠤᠨ᠎ᠠ᠂ ᠵᠠᠰᠠᠭ ᠤᠨ ᠣᠷᠳᠣᠨ ᠤ ᠪᠠᠶᠢᠭᠤᠯᠭ᠎ᠠ ᠳᠤ ᠬᠤᠯᠪᠣᠭᠳᠠᠭᠰᠠᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ ᠶᠢ ᠢᠳᠡᠪᠬᠢᠲᠡᠢ ᠭᠦᠢᠴᠡᠳᠬᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠭᠰᠡᠨ ᠵᠦᠷᠢᠯᠳᠦᠭᠡᠨ ᠦᠭᠡᠢ ᠳᠠᠩᠰᠠ ᠶᠢ ᠪᠦᠬᠦᠨ ᠢ ᠴᠡᠪᠡᠷᠯᠡᠨ ᠲᠦᠯᠦᠵᠦ᠂ ᠵᠠᠰᠠᠭ ᠤᠨ ᠣᠷᠳᠣᠨ ᠤ ᠢᠲᠡᠭᠡᠮᠵᠢᠲᠡᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ ᠰᠠᠶᠢᠬᠠᠨ ᠲᠦᠷᠢ ᠲᠥᠷᠬᠦ ᠪᠠᠷ ᠨᠡᠶᠢᠭᠡᠮ ᠤᠨ ᠬᠡᠪ ᠰᠤᠷᠲᠠᠯ ᠢ ᠬᠦᠲᠦᠯᠦᠨ ᠳᠠᠭᠠᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠦᠪᠴᠢᠯᠡᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃       ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠵᠤ᠂ ᠦᠢᠯᠡᠴᠢᠯᠡᠭᠡᠨ ᠤ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠬᠦ ᠬᠤᠶᠠᠷ ᠦᠰᠦᠭ ᠢ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠦᠪᠡᠷ ᠤᠨ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠪᠠᠭᠤᠵᠤ᠂ ᠠᠵᠤ ᠠᠬᠤᠶᠢᠯᠠᠯ ᠤᠨ ᠪᠠᠴᠢᠮ ᠬᠦᠰᠡᠵᠦ ᠪᠠᠶᠢᠭ᠎ᠠ ᠵᠦᠢᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠤᠯᠠᠨ ᠲᠦᠮᠡᠨ ᠤ ᠬᠦᠴᠢᠷ ᠵᠣᠪᠠᠭᠤᠷᠢ ᠬᠠᠯᠠᠭᠤᠨ ᠬᠦᠢᠲᠡᠨ ᠢ ᠰᠠᠨᠠᠭᠠᠴᠢᠯᠠᠭ᠎ᠠ ᠠᠴᠠ ᠪᠠᠨ ᠠᠩᠬᠠᠷᠤᠨ ᠬᠠᠯᠠᠮᠵᠢᠯᠠᠵᠤ᠂ ᠠᠵᠤ ᠠᠬᠤᠶᠢᠯᠠᠯ ᠤᠨ ︽ᠬᠦᠴᠢᠷᠳᠡᠯ︾᠂ ᠠᠷᠠᠳ ᠤᠨ ᠠᠮᠢᠳᠤᠷᠠᠯ ᠤᠨ ︽ᠡᠪᠡᠷᠰᠢᠶᠡᠯ︾ ᠢ ᠪᠣᠭᠤᠮᠲᠠ ᠰᠢᠪᠲᠤᠯᠬᠤ ︽ᠲᠥᠪᠯᠡᠷᠡᠯ︾᠂ ᠵᠠᠰᠠᠭ ᠶᠠᠪᠤᠭᠤᠯᠬᠤ ︽ᠭᠤᠣᠯᠳᠠᠯᠭ᠎ᠠ︾ ᠪᠣᠯᠭᠠᠵᠤ᠂ ᠠᠵᠤ ᠠᠬᠤᠢ ᠶᠢᠨ ᠬᠥᠭᠵᠢᠯᠲᠡ ᠳᠤ ︽ᠠᠩᠬᠠᠷᠤᠯ ᠴᠡᠭ︾᠂ ᠤᠯᠠᠨ ᠲᠦᠮᠡᠨ ᠤ ᠠᠮᠢᠳᠤᠷᠠᠯ ᠳᠤ ︽ᠬᠢᠯᠠᠰ ᠴᠡᠭ︾ ᠨᠡᠮᠡᠷᠢᠯᠡᠵᠦ᠂ ᠵᠠᠰᠠᠭ ᠤᠨ ᠣᠷᠳᠣᠨ ᠤ ᠠᠵᠢᠯ ᠤᠨ ᠬᠠᠶᠢᠷ᠎ᠠ ᠬᠠᠯᠠᠮᠵᠢ ᠪᠠᠷ ᠠᠵᠤ ᠠᠬᠤᠶᠢᠯᠠᠯ ᠤᠨ ᠪᠤᠶᠢᠵᠢᠯᠲᠠ ᠶᠢ ᠳᠡᠮᠵᠢᠵᠦ᠂ ᠠᠷᠠᠳ ᠣᠯᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠨ᠎ᠡ᠃       ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠮᠦᠨ᠎ᠡ ᠹᠷᠣᠨᠲ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠭᠠᠯ ᠹᠷᠣᠨᠲ ᠲᠤ ᠺᠠᠳ᠋ᠷ ᠢ ᠪᠣᠯᠪᠠᠰᠤᠷᠠᠭᠤᠯᠵᠤ᠂ ᠺᠠᠳ᠋ᠷ ᠢ ᠲᠠᠨᠢᠵᠤ᠂ ᠺᠠᠳ᠋ᠷ ᠤᠨ ︽ᠵᠠᠷᠯᠢᠭ ᠬᠦᠯᠢᠶᠡᠮᠡᠭᠴᠡ ᠵᠣᠷᠢᠭᠰᠠᠨ  ᠳᠠᠭᠠᠨ ᠬᠦᠷᠬᠦ︾ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠬᠤ ᠶᠢ ᠬᠥᠲᠥᠯᠥᠨ ᠵᠢᠯᠣᠭᠤᠳᠴᠤ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤ ᠳᠠᠭᠠᠨ ᠳᠠᠭᠤᠷᠢᠶᠠᠯ ᠦᠵᠡᠭᠦᠯᠦᠨ᠂ ᠠᠳᠠᠯᠢᠳᠬᠠᠨ ᠬᠢᠵᠦ᠂ ᠭᠠᠷᠭᠠᠭᠰᠠᠨ ᠰᠢᠢᠳᠪᠦᠷᠢᠲᠦ ᠪᠣᠳᠣᠯᠭ᠎ᠠ᠂ ᠪᠠᠶᠢᠷᠢᠯᠠᠭᠤᠯᠤᠭᠰᠠᠨ ᠠᠵᠢᠯ᠂ ᠲᠣᠭᠲᠠᠭᠠᠭᠰᠠᠨ ᠵᠦᠢᠯᠡᠰ ᠢᠶᠠᠨ ᠪᠠᠷᠢᠨ ᠬᠡᠯᠡᠵᠦ ᠪᠠᠷᠢᠨ ᠬᠡᠷᠡᠭᠵᠢᠭᠦᠯᠦᠨ᠂ ᠰᠤᠯᠠᠷᠠᠭᠤᠯᠤᠯ ᠦᠭᠡᠢ ᠪᠠᠷ ᠡᠴᠦᠰ ᠲᠤᠨᠢ ᠲᠤᠯᠲᠠᠯ᠎ᠠ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠢᠯ ᠨᠢᠭᠡᠪᠦᠷᠢ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ᠂ ᠪᠣᠳᠠᠲᠠᠶᠢᠵᠢᠭᠤᠯᠤᠨ ᠦᠷ᠎ᠡ ᠠᠰᠢᠭ ᠭᠠᠷᠭᠠᠬᠤ ᠶᠢ ᠪᠠᠲᠤᠯᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠨ ᠠᠵᠢᠯᠯᠠᠨ᠎ᠠ᠃       ᠰᠠᠬᠢᠯᠭ᠎ᠠ ᠪᠠᠲᠤ ᠶᠣᠰᠤ ᠳᠦᠷᠢᠮ ᠢ ᠴᠢᠩᠭ᠎ᠠ ᠰᠠᠬᠢᠵᠤ᠂ ᠴᠢᠬᠡᠴᠢ ᠵᠠᠰᠠᠭ ᠤᠨ ᠣᠷᠳᠣᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠲᠡᠷᠢᠭᠦᠨ ᠳᠤ ᠲᠠᠯᠪᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠢᠶᠠᠷ ᠡᠷᠬᠡ ᠶᠢ ᠬᠠᠮᠢᠶᠠᠷᠬᠤ ᠬᠥᠮᠦᠨ ᠢ ᠬᠠᠮᠢᠶᠠᠷᠬᠤ ᠤᠴᠢᠷ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠬᠡᠪ ᠵᠠᠩᠰᠢᠯ ᠪᠣᠯᠭᠠᠬᠤ ᠶᠢ ᠠᠬᠢᠭᠤᠯᠵᠤ᠂ ︽ᠳᠥᠷᠪᠡᠨ ᠰᠤᠷᠲᠠᠯ︾ ᠤᠨ ᠳᠠᠬᠢᠨ ᠰᠡᠷᠭᠦᠬᠦ ᠶᠢ ᠡᠷᠡᠰ ᠬᠤᠷᠢᠭᠯᠠᠵᠤ᠂ ᠢᠯᠵᠠᠷᠠᠬᠤ ᠶᠢ ᠡᠷᠡᠰ ᠡᠰᠡᠷᠭᠦᠴᠡᠬᠦ᠂ ᠱᠠᠮᠰᠢᠬᠤ ᠶᠢ ᠡᠷᠬᠡᠪᠰᠢ ᠠᠷᠢᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ᠲᠡᠮᠦᠷ ᠮᠡᠲᠦ ᠰᠠᠬᠢᠯᠭ᠎ᠠ ᠪᠠᠲᠤ ᠪᠠᠷ ᠺᠠᠳ᠋ᠷ ᠤᠨ ᠲᠥᠪ ᠴᠢᠭᠡᠴᠢ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃       ᠲᠥᠯᠥᠭᠡᠯᠡᠭᠴᠢᠳ ᠡ︕ ᠰᠢᠨ᠎ᠡ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠳᠡᠭ ᠯᠠ ᠶᠤᠮ ᠪᠣᠯ᠂ ᠰᠢᠨ᠎ᠡ ᠠᠶᠠᠨ ᠳᠤ ᠯᠠᠪᠲᠠᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠴᠢᠳᠠᠬᠤ ᠶᠤᠮ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠦᠬᠡ ᠶᠢᠨ ᠪᠣᠣᠬᠢᠶ᠎ᠠ ᠶᠢ ᠴᠢᠩᠭ᠎ᠠ ᠠᠳᠬᠤᠵᠤ᠂ ᠰᠢᠯᠭᠠᠯᠲᠠ ᠳᠤ ᠣᠷᠤᠯᠴᠠᠬᠤ ᠵᠠᠮ ᠢᠶᠠᠷ ᠡᠷᠡᠯᠬᠡᠭᠯᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠤᠴᠠᠯᠲᠠ ᠦᠭᠡᠢ ᠤᠷᠤᠭᠰᠢᠯᠠᠵᠤ᠂ ᠨᠠᠩ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠦᠯᠦᠨ ᠪᠦᠢᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠦᠯᠦᠨ ᠪᠦᠢᠷ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠤᠶ᠎ᠠ︕     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ             1. ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠄       ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃       2. ︽ᠮᠥᠩᠬᠡ ᠰᠤᠪᠠᠭ · ᠳᠦᠷᠪᠡ ᠶᠢ ᠭᠦᠢᠴᠡᠳᠭᠡᠬᠦ︾᠄       ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠴᠢᠳ ᠤᠨ ᠨᠡᠭᠦᠳᠡᠯ ᠦᠵᠦᠭᠦᠷ ᠲᠤ ᠰᠠᠭᠤᠷᠢᠯᠠᠭᠰᠠᠨ ᠨᠢᠭᠡ ᠯᠡ ᠰᠦᠯᠵᠢᠶ᠎ᠡ ᠪᠠᠷ ᠭᠦᠢᠴᠡᠳᠬᠡᠬᠦ᠂ ᠭᠠᠷ ᠤᠲᠠᠰᠤ ᠪᠠᠷ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ ᠶᠢ ᠵᠢᠭᠠᠨ᠎ᠠ᠃       3. ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾᠄       ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃       4. ︽ᠭᠤᠷᠪᠠᠨ ᠱᠤᠭᠤᠮ ᠨᠢᠭᠡ ᠳᠠᠩᠰᠠ︾᠄       ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠣᠷᠴᠢᠨ ᠲᠤᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠣᠷᠴᠢᠨ ᠲᠤᠭᠤᠷᠢᠨ ᠤ ᠵᠦᠪᠰᠢᠶᠡᠷᠡᠨ ᠤᠷᠤᠭᠤᠯᠬᠤ ᠨᠠᠷᠢᠨ ᠳᠠᠩᠰᠠ᠃       5. ᠡᠨᠧᠷᠭᠢ ᠶᠢᠨ ᠬᠤᠷᠤᠭᠳᠠᠯ ᠤᠨ ︽ᠬᠤᠤᠰ ᠡᠵᠡᠮᠳᠡᠯ︾ ᠤᠨ ︽ᠬᠤᠤᠰ ᠪᠤᠬᠢᠷᠲᠤᠯ ᠦᠭᠡᠢ︾ ᠶᠢ ᠪᠠᠲᠤᠯᠠᠬᠤ᠄       ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠵᠢᠴᠢ ᠨᠡᠮᠡᠭᠳᠡᠯ ᠤᠨ ᠬᠤᠷᠳᠤᠴᠠ ᠶᠢ ᠴᠥᠮ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠢᠵᠠᠭᠠᠷᠯᠠᠬᠤ ᠬᠠᠷᠠᠯᠲᠠ ᠶᠢᠨ ᠬᠡᠪᠴᠢᠶᠡᠨ ᠳᠤ ᠡᠵᠡᠮᠳᠡᠵᠦ᠂ ᠨᠢᠭᠡᠴᠢ GDP ᠶᠢᠨ ᠡᠨᠧᠷᠭᠢ ᠶᠢᠨ ᠬᠤᠷᠤᠭᠳᠠᠯ ᠤᠨ ᠪᠠᠭᠤᠷᠠᠭᠤᠯᠤᠭᠰᠠᠨ ᠪᠠᠶᠢᠳᠠᠯ ᠢ ᠪᠠᠭᠤᠷᠠᠭᠤᠯᠬᠤ ᠬᠠᠷᠠᠯᠲᠠ ᠳᠤ ᠬᠦᠷᠦᠭᠦᠯᠦᠨ᠎ᠡ᠃       6. ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ᠄       ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠳᠠᠷᠤᠭᠠᠰᠤ ᠶᠢ ᠤᠯᠠᠮ ᠴᠢᠨᠠᠭᠰᠢᠲᠠ ᠬᠦᠩᠭᠡᠷᠡᠭᠦᠯᠬᠦ ᠶᠢ ᠵᠢᠭᠠᠨ᠎ᠠ᠃       7. ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠄       ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠦᠷ᠎ᠡ ᠠᠰᠢᠭ ᠢᠶᠠᠨ ᠳᠡᠭᠡᠭᠰᠢᠯᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠬᠡᠮᠵᠢᠶ᠎ᠡ ᠶᠢ ᠨᠡᠮᠡᠭᠳᠡᠭᠦᠯᠬᠦ ᠶᠠᠰᠤ ᠴᠢᠨᠠᠷ ᠢ ᠰᠠᠶᠢᠵᠢᠷᠠᠭᠤᠯᠤᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠲᠥᠪᠯᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠲᠣᠬᠢᠶᠠᠯ ᠢ ᠠᠮᠵᠢᠨ ᠤᠷᠤᠭᠰᠢᠲᠠᠢ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠳᠤᠷᠠᠳᠤᠨ ᠭᠠᠷᠭᠠᠪᠠ᠃       8. ︽PM 2.5︾᠄       ᠠᠭᠠᠷ ᠮᠠᠨᠳᠠᠯ ᠳᠠᠬᠢ ᠠᠭᠠᠷ ᠤᠨ ᠬᠥᠳᠡᠯᠭᠡᠬᠦ ᠬᠦᠴᠦᠨ ᠤ ᠤᠬᠠᠭᠠᠨ ᠤ ᠲᠡᠩᠴᠡᠯ ᠳ᠋ᠢᠶᠠᠮᠧᠲᠷ ᠨᠢ 2.5 ᠮᠢᠺᠷᠦᠮᠧᠲᠷ ᠠᠴᠠ ᠪᠠᠭ᠎ᠠ ᠪᠤᠶᠤ ᠲᠡᠩᠴᠡᠭᠦᠦ ᠮᠥᠬᠦᠯᠢᠭᠲᠦ ᠪᠣᠳᠠᠰ᠂ ᠪᠠᠰᠠ ᠠᠭᠤᠰᠬᠢᠨ ᠳᠤ ᠤᠷᠤᠵᠤ ᠪᠤᠯᠬᠤ ᠮᠥᠬᠦᠯᠢᠭᠲᠦ ᠪᠣᠳᠠᠰ ᠭᠡᠳᠡᠭ᠃       9. ︽ᠤᠰᠤ ᠪᠠᠷ ᠳᠦᠷᠪᠡ ᠶᠢ ᠲᠤᠭᠲᠠᠭᠠᠬᠤ︾᠄       ᠤᠰᠤ ᠪᠠᠷ ᠬᠤᠲᠠ ᠬᠦᠷᠢᠶ᠎ᠡ ᠶᠢ ᠲᠤᠭᠲᠠᠭᠠᠵᠤ᠂ ᠤᠰᠤ ᠪᠠᠷ ᠭᠠᠵᠠᠷ ᠲᠠᠷᠢᠶ᠎ᠠ ᠶᠢ ᠲᠤᠭᠲᠠᠭᠠᠵᠤ᠂ ᠤᠰᠤ ᠪᠠᠷ ᠬᠥᠮᠦᠨ ᠠᠮᠠ ᠶᠢ ᠲᠤᠭᠲᠠᠭᠠᠵᠤ᠂ ᠤᠰᠤ ᠪᠠᠷ ᠤᠨᠠᠯᠲᠠ ᠭᠠᠷᠤᠯᠲᠠ ᠶᠢ ᠲᠤᠭᠲᠠᠭᠠᠨ᠎ᠠ᠃       10. ᠭᠤᠷᠪᠠᠨ ᠱᠠᠲᠤ ᠭᠤᠷᠪᠠᠨ ᠲᠥᠷᠥᠯ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ᠄       ︽ᠭᠤᠷᠪᠠᠨ ᠱᠠᠲᠤ︾ ᠨᠢ ᠬᠤᠲᠠ᠂ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ᠪᠣᠯᠤᠨ᠎ᠠ︔ ︽ᠭᠤᠷᠪᠠᠨ ᠲᠥᠷᠥᠯ︾ ᠨᠢ ᠶᠡᠷᠦᠩᠬᠡᠶ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠶ ᠲᠥᠯᠥᠪᠵᠢᠭᠦᠯᠭᠡ ᠪᠣᠯᠤᠨ᠎ᠠ᠃         11. ︽ᠬᠤᠶᠠᠷ ᠰᠢᠨ᠎ᠡ ᠨᠢᠭᠡ ᠴᠢᠬᠤᠯᠠ︾᠄       ᠰᠢᠨ᠎ᠡ ᠮᠠᠶ᠋ᠢᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠃       12. ᠬᠠᠷᠮᠠᠨ ᠴᠡᠴᠡᠷᠯᠢᠭ᠄       ᠬᠡᠪᠴᠢᠶ᠎ᠡ ᠪᠠᠷ ᠮᠠᠰᠢ ᠪᠠᠭ᠎ᠠ ᠬᠤᠲᠠ ᠶᠢᠨ ᠨᠡᠭᠡᠭᠡᠯᠲᠡ ᠲᠠᠢ ᠣᠷᠣᠨ ᠵᠠᠶ ᠳᠤ᠂ ᠨᠡᠯᠢᠶᠡᠳ ᠪᠠᠭ᠎ᠠ ᠭᠠᠵᠠᠷ ᠢ ᠤᠶᠢᠵᠢᠭᠤᠯᠤᠨ ᠲᠠᠷᠢᠵᠤ᠂ ᠳᠠᠬᠢᠨ ᠰᠠᠨᠳᠠᠯᠢ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ᠎ᠠ᠃         13. ︽ᠬᠠᠷᠪᠢᠨ ᠳ᠋ᠠᠴᠢᠩ ᠴᠢᠴᠢᠬᠠᠷ ᠬᠥᠯᠥᠨ ᠪᠤᠶᠢᠷ︾᠄       ᠬᠠᠷᠪᠢᠨ ᠬᠤᠲᠠ᠂ ᠳ᠋ᠠᠴᠢᠩ ᠬᠤᠲᠠ᠂ ᠴᠢᠴᠢᠬᠠᠷ ᠬᠤᠲᠠ᠂ ᠬᠥᠯᠥᠨ ᠪᠤᠶᠢᠷ ᠬᠤᠲᠠ ᠪᠠᠷ ᠪᠦᠷᠢᠯᠳᠦᠭᠰᠡᠨ ᠠᠵᠤ ᠠᠬᠤᠶ ᠶᠢᠨ ᠬᠤᠩᠭᠢᠯ᠃       14. ︽ᠯᠢᠶᠣᠤᠨᠢᠩ ᠤᠨ ᠪᠠᠷᠠᠭᠤᠨ ᠥᠪᠥᠷ ᠮᠣᠩᠭᠤᠯ ᠤᠨ ᠵᠡᠭᠦᠨ ᠬᠡᠰᠡᠭ︾᠄       ᠯᠢᠶᠣᠤᠨᠢᠩ ᠮᠤᠵᠢ ᠶᠢᠨ ᠵᠢᠨᠵᠧᠦ ᠬᠤᠲᠠ᠂ ᠬᠤᠯᠤᠳᠤᠤ ᠬᠤᠳᠠ᠂ ᠴᠤᠤᠶᠠᠩ ᠬᠤᠲᠠ᠂ ᠹᠦᠰᠢᠨ ᠬᠤᠲᠠ᠂ ᠫᠠᠨᠵᠢᠨ ᠬᠤᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ᠂ ᠬᠢᠩᠭᠠᠨ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 12 ᠬᠤᠲᠠ᠂ ᠠᠶᠢᠮᠠᠭ ᠢᠶᠠᠷ ᠪᠦᠷᠢᠯᠳᠦᠵᠡᠢ᠃         15. ︽ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠢ ᠨᠢᠭᠡ ᠴᠣᠭᠴᠠᠵᠢᠭᠤᠯᠬᠤ᠄       ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠤᠯᠠᠭᠠᠨᠬᠤᠲᠠ᠂ ᠷᠠᠰᠢᠶᠠᠨ ᠬᠤᠲᠠ᠂ ᠬᠠᠶᠢᠯᠠᠷ ᠲᠣᠭᠤᠷᠢᠭ᠂ ᠮᠠᠨᠵᠤᠤᠷ ᠬᠤᠲᠠ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃       16. ︽ᠬᠤᠤᠰ ᠰᠢᠯᠢᠳᠡᠭ︾ ᠲᠥᠯᠥᠪᠯᠡᠭᠡ᠄       ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ᠃       17. ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾᠄       ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ᠂ ᠤᠯᠤᠰ ᠢᠶᠠᠨ ᠬᠠᠶᠢᠷᠠᠯᠠᠬᠤ ᠨᠤᠲᠤᠭ ᠢᠶᠠᠨ ᠬᠠᠶᠢᠷᠠᠯᠠᠬᠤ ᠠᠵᠢᠯᠯᠠᠭ᠎ᠠ᠂ ᠲᠣᠭᠲᠠᠭᠠᠯ ᠢ ᠵᠢᠷᠤᠮᠯᠠᠵᠤ ᠬᠠᠤᠯᠢ ᠶᠢ ᠰᠠᠬᠢᠬᠤ ᠠᠵᠢᠯᠯᠠᠭ᠎ᠠ᠂ ᠶᠣᠰᠣᠯᠠᠯ ᠶᠤᠰᠤ ᠳᠦᠷᠢᠮ ᠤᠨ ᠠᠵᠢᠯᠯᠠᠭ᠎ᠠ᠂ ᠠᠵᠢᠯ  ᠦᠢᠯᠡᠰ ᠢᠶᠠᠨ ᠬᠠᠶᠢᠷᠠᠯᠠᠨ ᠳᠡᠭᠡᠳᠦᠯᠡᠬᠦ ᠠᠵᠢᠯᠯᠠᠭ᠎ᠠ᠂ ᠦᠨᠡᠨᠴᠢ ᠢᠲᠡᠭᠡᠮᠵᠢᠲᠡᠶ ᠨᠥᠬᠦᠷᠰᠡᠭ ᠠᠵᠢᠯᠯᠠᠭ᠎ᠠ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠠᠵᠢᠯᠯᠠᠭ᠎ᠠ᠂ ᠡᠷᠡᠭᠦᠯ ᠮᠡᠨᠳᠦ ᠠᠮᠢᠳᠤᠷᠠᠯ ᠤᠨ ᠠᠵᠢᠯᠯᠠᠭ᠎ᠠ᠂ ᠠᠮᠢ ᠠᠬᠤᠶ ᠶᠢᠨ ᠪᠣᠯᠪᠠᠰᠤᠨ ᠤ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ᠃       18. ᠦᠨᠳᠦᠰᠦᠲᠡᠨ ᠤ ᠪᠦᠯᠬᠦᠮᠳᠡᠯ ᠤᠨ ︽ᠬᠤᠤᠰ ᠵᠠᠭᠤᠨ ᠵᠢᠱᠢᠶ᠎ᠡ ᠦᠵᠡᠬᠦᠯᠬᠦ︾ ᠲᠦᠷᠦᠯ ᠳᠡᠮᠳᠡᠭᠳᠤ ᠶᠢᠨ ᠢᠨᠵᠧᠨᠧᠷᠢᠩ᠄       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠵᠠᠭᠤᠨ ᠬᠥᠳᠡᠭᠡ ᠲᠣᠰᠬᠤᠨ ︵ᠭᠠᠴᠠᠭ᠎ᠠ︶ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠵᠠᠭᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠤᠨ᠎ᠠ᠃         19. ︽ᠲᠠᠪᠤᠨ ᠨᠠᠶᠢᠬᠡᠮ ᠤᠨ ᠬᠢᠨ ᠬᠤᠯᠪᠣᠭᠠᠯᠠᠨ ᠬᠥᠳᠡᠯᠦᠯᠴᠡᠬᠦ︾᠄       ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠠᠵᠤ ᠠᠬᠤᠶᠢᠯᠠᠯ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ︽ᠲᠠᠪᠤᠨ ᠨᠡᠶᠢᠬᠡᠮ ᠤᠨ ᠬᠢᠨ ᠬᠤᠯᠪᠣᠭᠠᠯᠠᠨ ᠬᠥᠳᠡᠯᠦᠯᠴᠡᠬᠦ︾ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ᠃       20. ︽ᠲᠠᠪᠤᠨ ᠡᠷᠬᠡᠪᠰᠢ︾᠄       ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠡᠷᠬᠡᠪᠰᠢ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠡᠷᠬᠡᠪᠰᠢ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠷᠬᠡᠪᠰᠢ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠴᠤ ᠭᠠᠷᠭᠠᠪᠠ᠃       21. ︽ᠳᠥᠷᠪᠡᠨ ᠠᠷᠭ᠎ᠠ ᠪᠦᠬᠦᠨ ᠢ ᠰᠦᠪᠡᠭᠴᠢᠯᠡᠬᠦ︾᠄       ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠠᠷᠭ᠎ᠠ ᠪᠦᠬᠦᠨ ᠢ ᠰᠦᠪᠡᠭᠴᠢᠯᠡᠨ ᠲᠥᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠲᠤᠭᠲᠠᠪᠤᠷᠢᠵᠢᠭᠤᠯᠬᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ᠂ ᠠᠷᠭ᠎ᠠ ᠪᠦᠬᠦᠨ ᠢ ᠰᠦᠪᠡᠭᠴᠢᠯᠡᠨ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠠᠮᠢᠵᠢᠷᠠᠭᠤᠯᠬᠤ ᠂ ᠠᠷᠭ᠎ᠠ ᠪᠦᠬᠦᠨ ᠢ ᠰᠦᠪᠡᠭᠴᠢᠯᠡᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠬᠤ ᠶᠢ ᠳᠤᠷᠠᠳᠤᠨ ᠭᠠᠷᠭᠠᠪᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ