ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021—2023 ᠤᠨ︶ ︵ᠲᠠᠪᠤ︶
ᠨᠡᠶᠢᠲᠡᠯᠡᠭᠰᠡᠨ ᠴᠠᠭ᠄
2022/3/8
      ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠶᠢ ᠴᠢᠩᠭᠠᠷᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠤᠨ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯᠤᠭᠤᠳᠴᠤ᠂ ᠨᠡᠶᠢᠭᠡᠮ ᠤᠨ ᠪᠦᠯᠬᠦᠮ ᠨᠡᠶᠢᠲᠡ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠬᠠᠮᠲᠤ ᠪᠠᠷ ᠣᠷᠣᠯᠴᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠰᠢᠯᠭᠠᠨ ᠲᠣᠭᠲᠠᠭᠠᠬᠤ ᠪᠠ ᠦᠨᠡᠯᠡᠨ ᠵᠢᠱᠢᠬᠦ ᠲᠣᠭᠲᠠᠴᠠ ᠶᠢ ᠪᠣᠶ ᠪᠣᠯᠭᠠᠵᠤ᠂ ᠲᠥᠷᠥᠯ ᠲᠡᠮᠳᠡᠭ ᠤᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠪᠠ ᠠᠵᠤ ᠠᠬᠤᠶᠢᠯᠠᠯ ᠤᠨ ᠲᠥᠷᠥᠯ ᠲᠡᠮᠳᠡᠭ᠂ ᠪᠦᠲᠦᠭᠡᠭᠳᠡᠬᠦᠨ ᠤ ᠲᠥᠷᠥᠯ ᠲᠡᠮᠳᠡᠭ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠲᠥᠷᠥᠯ ᠲᠡᠮᠳᠡᠭ ᠤᠨ ᠳᠠᠶᠢᠴᠢᠯᠠᠬᠤ ᠪᠠ ᠠᠵᠤ ᠠᠬᠤᠶᠢᠯᠠᠯ ᠤᠨ ᠲᠥᠷᠥᠯ ᠲᠡᠮᠳᠡᠭ᠂ ᠦᠢᠯᠡᠳᠬᠦᠨ ᠤ ᠲᠥᠷᠥᠯ ᠲᠡᠮᠳᠡᠭ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ ︽ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ︾ ᠶᠢᠨ ᠭᠤᠣᠯ ᠲᠦᠷᠦᠯ ᠲᠡᠮᠳᠡᠭ ᠵᠢᠴᠢ ᠰᠢᠷᠢᠰ ᠬᠤᠪᠢᠶᠠᠷᠢ ᠨᠡᠷᠡᠲᠦ ᠲᠡᠮᠳᠡᠭ ᠢ ᠪᠤᠶᠢᠵᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠪᠤᠶᠢᠵᠢᠭᠤᠯᠬᠤ᠂ ᠡᠭᠦᠳᠦᠨ ᠪᠠᠶᠢᠭᠤᠯᠬᠤ᠂ ᠡᠮᠬᠢᠯᠡᠨ ᠨᠡᠶᠢᠯᠡᠭᠦᠯᠬᠦ ᠶᠢ ᠬᠥᠲᠥᠯᠥᠨ ᠵᠢᠯᠣᠭᠤᠳᠬᠤ ᠶᠢᠨ ᠬᠠᠮᠲᠤ ᠳᠠᠮᠵᠢᠨ᠎ᠠ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ + ᠠᠵᠤ ᠠᠬᠤᠶᠢᠯᠠᠯ ᠤᠨ ᠲᠥᠷᠥᠯ ᠲᠡᠮᠳᠡᠭ + ᠪᠦᠲᠦᠭᠡᠭᠳᠡᠬᠦᠨ ᠤ ᠲᠥᠷᠥᠯ ᠲᠡᠮᠳᠡᠭ︾ ᠤᠨ ᠲᠥᠷᠥᠯ ᠲᠡᠮᠳᠡᠭᠲᠦ ᠶᠢᠨ ᠵᠢᠭᠰᠠᠭᠠᠯ ᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠷᠡᠭᠦᠯ ᠢᠶᠠᠷ ᠬᠥᠭᠵᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃       ︵ᠵᠢᠷᠭᠤᠭ᠎ᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠳᠣᠪᠤᠶᠢᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ  ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠭᠠᠷᠴᠠᠭ ᠤᠨ ᠬᠥᠳᠡᠯᠦᠩᠭᠦᠶ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠪᠣᠯᠬᠤ ᠬᠥᠯᠥᠨ ᠪᠤᠶᠢᠷ ᠤᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠤᠷᠤᠭᠤᠯᠤᠯᠳᠠ ᠶᠢᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠲᠦᠰᠢᠭᠯᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠵᠢᠷᠤᠮᠵᠢᠭᠰᠠᠨ ᠬᠠᠮᠢᠶᠠᠷᠤᠯᠲᠠ ᠬᠡᠷᠡᠭᠯᠡᠯᠲᠡ ᠶᠢ ᠴᠢᠩᠭᠠᠷᠠᠭᠤᠯᠵᠤ᠂ ︽ᠨᠢᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ᠂ ᠨᠢᠭᠡ ᠢᠵᠢ ᠬᠠᠮᠢᠶᠠᠷᠤᠯᠲᠠ ᠶᠢᠨ ᠲᠦᠷᠢᠮ᠂ ᠨᠢᠭᠡ ᠢᠵᠢ ᠪᠠᠷᠢᠮᠵᠢᠶᠠᠲᠤ ᠲᠤᠭᠲᠠᠯᠴᠠᠭ᠎ᠠ᠂ ᠣᠯᠠᠨ ᠡᠵᠡᠩᠨᠡᠯᠲᠡ ᠶᠢᠨ ᠭᠤᠤᠯ ᠴᠣᠭᠴᠠ ᠪᠠ ᠪᠦᠲᠦᠭᠡᠭᠳᠡᠬᠦᠨ︾ ᠤ ᠵᠠᠭᠪᠤᠷ ᠶᠣᠰᠣᠭᠠᠷ᠂ ᠲᠥᠷᠥᠯ ᠲᠡᠮᠳᠡᠭ ᠤᠨ ᠡᠵᠡᠩᠨᠡᠯᠲᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢ ᠵᠢᠷᠤᠮᠵᠢᠭᠤᠯᠤᠨ᠂ ᠲᠥᠷᠥᠯ ᠲᠡᠮᠳᠡᠭ ᠤᠨ ᠡᠷᠬᠡ ᠣᠯᠭᠤᠨ ᠬᠡᠷᠡᠭᠯᠡᠬᠦ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠬᠦ᠂ ᠲᠥᠷᠥᠯ ᠲᠡᠮᠳᠡᠭ ᠤᠨ ᠢᠲᠡᠭᠡᠯ ᠬᠦᠨᠳᠦ ᠶᠢ ᠤᠬᠠᠮᠰᠠᠷ ᠠᠴᠠ ᠪᠠᠨ ᠬᠠᠮᠠᠭᠠᠯᠠᠬᠤ ᠶᠢ ᠱᠠᠭᠠᠷᠳᠠᠵᠤ᠂ ᠬᠤᠳᠠᠯ ᠬᠠᠭᠤᠷᠮᠠᠭ᠂ ᠡᠷᠬᠡ ᠳᠤ ᠬᠠᠯᠳᠠᠭᠰᠠᠨ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ