ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠶᠢᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ ︵ᠨᠢᠭᠡ︶
ᠨᠡᠶᠢᠲᠡᠯᠡᠭᠰᠡᠨ ᠴᠠᠭ᠄
2022/4/25
      ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠲᠠ ᠶᠢᠨ ᠪᠠᠷᠢᠯᠭ᠎ᠠ ᠶᠢᠨ ᠠᠵᠢᠯ ᠲᠥᠷᠥᠯ ᠤᠨ ᠪᠣᠬᠢᠷᠲᠤᠯ ᠦᠭᠡᠢ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠪᠠᠷ ᠪᠠᠷᠢᠯᠭ᠎ᠠ ᠶᠢᠨ ᠦᠢᠯᠡᠰ  ᠤᠨ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠬᠤ ᠶᠢᠨ ᠲᠤᠰᠠᠳᠠ᠂ ︽ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠶᠢᠨ ᠬᠥᠭᠵᠢᠯᠲᠡ ᠶᠢ ᠲᠦᠷᠭᠡᠳᠬᠡᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠰᠠᠨᠠᠯ ᠤᠳ︾ ︵ᠪᠥᠲᠥᠭᠡᠨ ᠪᠠᠷᠢᠮᠵᠢᠶ᠎ᠠ ᠵᠢᠷᠤᠮᠵᠢᠯ〔2020〕8 ᠳ᠋ᠤᠭᠠᠷ ᠲᠣᠭᠠᠲᠤ︶᠂ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ〔2021〕21 ᠳ᠋ᠤᠭᠡᠷ ᠲᠣᠭᠠᠲᠤ︶᠂ ︽ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2021〕41 ᠳ᠋ᠤᠭᠡᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃       ᠨᠢᠭᠡ᠂ ᠭᠤᠣᠯ ᠬᠠᠷᠠᠯᠲᠠ       ︵ᠨᠢᠭᠡ︶ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠨ ᠠᠰᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢᠨ ᠬᠡᠷᠡᠭᠯᠡᠯᠳᠡ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡᠲᠦ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠶᠢ ᠬᠦᠲᠦᠯᠦᠨ ᠵᠢᠯᠤᠭᠤᠳᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠴᠡᠷᠯᠢᠭ ᠤᠨ ᠦᠵᠡᠮᠵᠢ᠂ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡ ᠶᠢ ᠬᠥᠭᠵᠢᠭᠦᠯᠦᠨ᠎ᠡ᠃ 2022 ᠣᠨ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠳᠤ ᠬᠦᠷᠭᠡᠵᠦ᠂ ᠬᠤᠶᠢᠰᠢᠳᠠ ᠵᠢᠯ ᠳᠠᠷᠠᠭᠠᠯᠠᠨ ᠳᠡᠭᠡᠭᠰᠢᠯᠡᠬᠦᠯᠵᠦ᠂ 2025 ᠣᠨ ᠪᠣᠯᠬᠤ ᠳᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 30% ᠳᠤ ᠬᠦᠷᠬᠡᠭᠦ ᠪᠠᠷ ᠴᠢᠷᠮᠠᠶᠢᠨ᠎ᠠ ᠃ 2023 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠦᠷᠢᠨ ᠵᠠᠰᠠᠵᠤ ᠴᠢᠮᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2025 ᠣᠨ ᠪᠣᠯᠲᠠᠯ᠎ᠠ᠂ ᠬᠥᠯᠥᠨ ᠪᠤᠶᠢᠷ ᠬᠤᠲᠠ ᠶᠢᠨ ᠲᠦᠪ ᠬᠤᠲᠠ ᠶᠢᠨ ᠲᠣᠭᠤᠷᠢᠭ ᠤᠨ ᠲᠠᠸᠠᠷ ᠤᠨ ᠬᠡᠷ ᠪᠠᠶᠢᠰᠢᠩ ᠤᠨ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠨᠣᠷᠮ᠎ᠠ ᠶᠢ 30% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠵᠤ᠂ ᠬᠤᠰᠢᠭᠤ ᠬᠤᠲᠠ ᠶᠢᠨ ᠲᠠᠸᠠᠷ ᠤᠨ ᠬᠡᠷ ᠪᠠᠶᠢᠰᠢᠩ ᠤᠨ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠨᠣᠷᠮ᠎ᠠ ᠶᠢ 15% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃       ︵ᠬᠤᠶᠠᠷ︶ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ 2022 ᠣᠨ ᠠᠴᠠ ᠡᠬᠢᠯᠡᠨ᠂ ᠪᠥᠬᠦ ᠬᠤᠲᠠ ᠶᠢᠨ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠪᠠᠭᠲᠠᠨ᠎ᠠ︶ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠂ ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠭᠤᠤᠯ ᠤᠨ ᠵᠡᠬᠦᠨᠳᠡᠬᠢ ᠰᠢᠨ᠎ᠡ ᠲᠣᠭᠤᠷᠢᠭ᠂ ᠭᠤᠤᠯ ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠪᠦᠬᠦᠨ ᠢ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠪᠠᠭᠲᠠᠨ᠎ᠠ︶ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠎ᠠ᠃ 2025 ᠣᠨ ᠳᠤ᠂ ᠰᠢᠨ᠎ᠡ ᠪᠠᠷ  ᠪᠠᠶᠢᠭᠤᠯᠬᠤ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 30% ᠠᠴᠠ ᠳᠠᠪᠠᠭᠤᠯᠤᠨ᠎ᠠ᠃ ︽ᠳᠥᠷᠪᠡᠨ ᠲᠥᠷᠥᠯ︾ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠪᠠᠭᠲᠠᠬᠤ ᠨᠢ᠄       1 . ᠲᠥᠷᠥ ᠶᠢᠨ ᠪᠠᠶᠢᠭᠤᠯᠭ᠎ᠠ ᠶᠢᠨ ᠠᠯᠪᠠᠨ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠦᠽᠧᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ︔       2 . ᠳᠠᠩ ᠴᠤᠭᠴᠠᠲᠤ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ︔       3 . ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠲᠣᠭᠤᠷᠢᠭ︔       4 . ᠬᠤᠲᠠ ᠶᠢᠨ ᠰᠢᠨ᠎ᠡ ᠪᠠᠷ ᠪᠠᠶᠢᠭᠤᠯᠬᠤ ᠲᠣᠭᠤᠷᠢᠭ᠂ ᠪᠣᠬᠢᠷᠲᠤᠯ ᠦᠭᠡᠶ ᠠᠮᠢ ᠠᠬᠤᠶ ᠶᠢᠨ ᠬᠤᠲᠠ ᠶᠢᠨ ᠲᠣᠭᠤᠷᠢᠭ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ