ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠶᠢᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ ︵ᠲᠠᠪᠤ︶
ᠨᠡᠶᠢᠲᠡᠯᠡᠭᠰᠡᠨ ᠴᠠᠭ᠄
2022/4/26
      2 . ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠬᠠᠷᠢᠴᠠᠯ ᠢ ᠶᠡᠬᠡᠪᠡᠷ ᠳᠡᠭᠡᠭᠰᠢᠯᠡᠭᠦᠯᠦᠨ᠎ᠡ᠃ ᠤᠭᠰᠠᠷᠠᠮᠠᠯ ᠮᠠᠶ᠋ᠢᠭ ᠤᠨ ᠪᠠᠷᠢᠯᠭ᠎ᠠ᠂ ᠣᠳᠣᠨ ᠲᠡᠰ ᠤᠨ ᠪᠣᠬᠢᠷᠲᠤᠯ ᠥᠬᠡᠶ ᠪᠠᠷᠢᠯᠭ᠎ᠠ ᠶᠢᠨ ᠲᠥᠷᠥᠯ ᠵᠦᠢᠯ ᠳᠤ ᠴᠥᠮ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠦᠲᠦᠭᠡᠭᠳᠡᠬᠦᠨ ᠤ ᠣᠷᠣᠨ ᠰᠠᠭᠤᠴᠠ ᠶᠢ ᠢᠳᠡᠪᠬᠢᠲᠡᠢ ᠬᠥᠭᠵᠢᠭᠦᠯᠦᠨ᠂ ᠲᠣᠪᠶᠤᠭ ᠮᠠᠶ᠋ᠢᠭ ᠤᠨ ᠪᠦᠷᠢᠨ ᠵᠠᠰᠠᠵᠤ ᠴᠢᠮᠡᠭᠯᠡᠬᠦ ᠶᠢ ᠰᠠᠨᠠᠭᠠᠴᠢᠯᠠᠵᠤ᠂ ᠬᠡᠷᠡᠭᠯᠡᠭᠴᠢᠳ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠤᠭᠰᠠᠷᠠᠮᠠᠯ ᠮᠠᠶ᠋ᠢᠭ ᠤᠨ ᠴᠢᠮᠡᠭᠯᠡᠯ ᠬᠢᠭᠡᠳ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ ᠵᠡᠷᠭᠡ ᠲᠤᠰᠬᠠᠶ ᠨᠢᠭᠡ ᠴᠣᠭᠴᠠᠵᠢᠭᠤᠯᠤᠭᠰᠠᠨ ᠵᠢᠷᠤᠭ ᠲᠥᠯᠥᠪᠯᠡᠭᠡ ᠶᠢ ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠬᠡᠯᠪᠡᠷᠢ ᠰᠣᠩᠭᠤᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠴᠥᠭᠡᠨ ᠬᠡᠪ ᠪᠠᠷᠢᠮᠵᠢᠶ᠎ᠠ ᠲᠠᠢ᠂ ᠣᠯᠠᠨ ᠬᠠᠮ ᠵᠢᠷᠤᠭ ᠲᠥᠯᠥᠪᠯᠡᠭᠡ ᠶᠢᠨ ᠠᠷᠭ᠎ᠠ ᠶᠢ ᠳᠡᠯᠭᠡᠷᠡᠭᠦᠯᠦᠨ᠎ᠡ᠃ ᠬᠤᠭᠤᠯᠠᠶ ᠱᠤᠭᠤᠮ ᠢ ᠰᠠᠯᠭᠠᠬᠤ᠂ ᠬᠡᠰᠡᠭᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠵᠠᠰᠠᠵᠤ ᠴᠢᠮᠡᠭᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠤᠪᠴᠢᠶ᠎ᠠ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃       ︵ᠲᠠᠪᠤ︶ ᠪᠣᠬᠢᠷᠲᠤᠯ ᠦᠭᠡᠶ ᠪᠠᠷᠢᠯᠭ᠎ᠠ ᠶᠢ ᠶᠡᠬᠡᠪᠡᠷ ᠬᠥᠭᠵᠢᠭᠦᠯᠦᠨ᠎ᠡ᠃       1 . ᠪᠣᠬᠢᠷᠲᠤᠯ ᠦᠭᠡᠶ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠤᠷᠬᠢᠯ ᠬᠡᠮᠵᠢᠭᠳᠡᠯ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠤ ᠢᠨᠵᠧᠨᠧᠷᠢᠩ ᠲᠥᠰᠦᠪᠯᠡᠬᠦ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠪᠦᠬᠦ ᠶᠠᠪᠤᠴᠠ ᠳᠤ ᠠᠭᠤᠰᠤᠯᠴᠠᠭᠤᠯᠤᠨ᠎ᠠ᠃ ᠪᠥᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠵᠢᠵᠢᠭ ᠲᠣᠭᠤᠷᠢᠭ ᠵᠢᠴᠢ ᠪᠣᠬᠢᠷᠲᠤᠯ ᠥᠬᠡᠶ ᠠᠮᠢ ᠠᠬᠤᠶ ᠶᠢᠨ ᠬᠤᠲᠠ ᠶᠢᠨ ᠲᠣᠭᠤᠷᠢᠭ᠂ ᠭᠤᠤᠯᠳᠠᠯᠭ᠎ᠠ ᠲᠠᠢ ᠴᠢᠳᠠᠮᠵᠢᠳᠤ ᠲᠣᠭᠤᠷᠢᠭ ᠲᠤ ᠳᠡᠭᠡᠳᠦ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠭᠤᠤᠯ ᠤᠨ ᠵᠡᠬᠦᠨᠳᠡᠬᠢ ᠰᠢᠨ᠎ᠡ ᠲᠣᠭᠤᠷᠢᠭ᠂ ᠭᠤᠤᠯ ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠴᠥᠮ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠢ ᠪᠠᠭᠲᠠᠭᠠᠨ᠎ᠠ︶ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠠᠶᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ ᠵᠢᠵᠢᠭ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠶᠢᠨ ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠤᠷ ᠲᠦᠪᠰᠢᠨ ᠪᠥᠭᠡᠳ ᠳᠠᠭᠠᠭᠠᠮᠠᠭᠠᠶ᠂ ᠪᠠᠶᠢᠭᠤᠯᠬᠤ ᠳᠤ ᠬᠢᠯᠪᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠷᠢᠯᠭ᠎ᠠ ᠶᠢᠨ ᠬᠡᠯᠪᠡᠷᠢ ᠳᠦᠷᠰᠦ᠂ ᠮᠠᠲ᠋ᠧᠷᠢᠶᠠᠯ ᠪᠣᠯᠤᠨ ᠪᠦᠲᠦᠴᠡ ᠶᠢᠨ ᠲᠤᠭᠲᠠᠯᠴᠠᠭ᠎ᠠ ᠶᠢ ᠰᠤᠩᠭᠤᠨ᠎ᠠ᠃ ᠪᠠᠶᠢᠭᠠᠯᠢ ᠶᠢᠨ ᠭᠡᠷᠡᠯᠲᠦᠭᠦᠯᠭᠡ ᠶᠢ ᠭᠦᠢᠴᠡᠳ ᠬᠡᠷᠡᠭᠯᠡᠨ᠂ ᠠᠶᠠᠨᠳᠠᠭᠠᠨ ᠰᠠᠯᠬᠢ ᠨᠡᠪᠲᠡᠷᠡᠭᠦᠯᠵᠦ᠂ ᠪᠠᠷᠢᠯᠭ᠎ᠠ ᠶᠢᠨ ᠡᠨᠧᠷᠭᠢ ᠶᠢᠨ ᠬᠤᠷᠤᠭᠳᠠᠭᠤᠯᠤᠯ ᠢ ᠪᠠᠭᠤᠷᠠᠭᠤᠯᠤᠨ᠎ᠠ᠃ ᠳᠠᠬᠢᠨ ᠡᠭᠦᠰᠴᠦ ᠪᠣᠯᠬᠤ ᠡᠨᠧᠷᠭᠢ ᠪᠣᠯᠤᠨ ᠦᠯᠡᠳᠡᠪᠦᠷᠢ ᠢᠯᠴᠢ ᠶᠢᠨ ᠡᠬᠢ ᠪᠠᠶᠠᠯᠢᠭ ᠢ ᠵᠦᠢ ᠵᠣᠬᠢᠰᠲᠠᠶ ᠬᠡᠷᠡᠭᠯᠡᠨ᠎ᠡ᠃ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢ ᠬᠡᠷᠡᠭᠯᠡᠬᠦ ᠪᠠᠷᠢᠯᠭ᠎ᠠ ᠶᠢᠨ ᠲᠥᠷᠥᠯ ᠵᠦᠢᠯ ᠤᠨ ᠡᠵᠡᠯᠡᠬᠦ ᠬᠠᠷᠢᠴᠠᠯ ᠢ 30% ᠳᠤ ᠬᠦᠷᠭᠡᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠤᠪᠴᠢᠶ᠎ᠠ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃       2 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠠᠮᠤᠷ ᠲᠦᠪᠰᠢᠨ ᠡᠷᠡᠭᠦᠯ ᠡᠩᠬᠡ᠂ ᠣᠷᠴᠢᠨ ᠲᠣᠭᠤᠷᠢᠨ ᠨᠥᠬᠦᠷᠰᠡᠭ᠂ ᠴᠢᠨᠠᠷ ᠴᠢᠳᠠᠮᠵᠢ ᠰᠢᠯᠢᠳᠡᠭ ᠰᠠᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠭᠡᠷᠡᠴᠢᠯᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠤᠷᠢᠳᠠᠪᠠᠷ ᠬᠡᠷᠡᠭᠯᠡᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠳᠥᠷᠪᠡ ᠶᠢ ᠠᠷᠪᠢᠯᠠᠬᠤ ᠣᠷᠴᠢᠨ ᠲᠣᠭᠤᠷᠢᠨ ᠢ ᠬᠠᠮᠠᠭᠠᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠨ᠎ᠠ᠃ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠤᠨ ᠭᠡᠷᠡᠴᠢᠯᠡᠯ ᠤᠨ ᠲᠡᠮᠳᠡᠭ ᠣᠯᠤᠭᠰᠠᠨ ᠪᠠᠷᠢᠯᠭ᠎ᠠ ᠶᠢᠨ ᠦᠢᠯᠡᠳᠬᠦᠨ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠳᠠᠬᠢᠨ ᠤᠷᠴᠢᠯᠲᠤ᠂ ᠳᠠᠬᠢᠨ ᠠᠰᠢᠭᠯᠠᠵᠤ ᠪᠣᠯᠬᠤ ᠮᠠᠲ᠋ᠧᠷᠢᠶᠠᠯ ᠪᠣᠯᠤᠨ ᠬᠠᠶᠠᠭᠳᠠᠮᠠᠯ ᠡᠳ᠋ ᠢᠶᠠᠷ ᠲᠦᠭᠦᠬᠡᠶ ᠮᠠᠲ᠋ᠧᠷᠢᠶᠠᠯ ᠪᠣᠯᠭᠠᠨ ᠦᠢᠯᠡᠳᠪᠦᠷᠢᠯᠡᠭᠰᠡᠨ ᠪᠠᠷᠢᠯᠭ᠎ᠠ ᠶᠢᠨ ᠮᠠᠲ᠋ᠧᠷᠢᠶᠠᠯ ᠢ ᠵᠦᠢ ᠵᠣᠬᠢᠰᠲᠠᠶ ᠰᠣᠩᠭᠤᠨ ᠬᠡᠷᠡᠭᠯᠡᠨ᠎ᠡ᠃ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠠᠰᠢᠭᠯᠠᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠶᠢ ᠢᠳᠡᠪᠬᠢᠲᠡᠶ ᠬᠥᠲᠥᠯᠥᠨ ᠵᠢᠯᠤᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃       3 . ︽ᠰᠠᠨᠠᠭᠠᠴᠢᠯᠠᠭᠠᠲᠤ ᠪᠤᠰᠤ ᠮᠠᠶ᠋ᠢᠭ︾ ᠤᠨ ᠪᠠᠷᠢᠯᠭ᠎ᠠ ᠶᠢ ᠲᠣᠭᠲᠠᠭᠤᠨ ᠢᠶᠠᠷ ᠬᠥᠭᠵᠢᠭᠦᠯᠦᠨ᠎ᠡ᠃ ᠮᠠᠨ ᠤ ᠬᠤᠲᠠ ᠶᠢᠨ ᠰᠠᠨᠠᠭᠠᠴᠢᠯᠠᠭᠠᠲᠤ ᠪᠤᠰᠤ ᠮᠠᠶ᠋ᠢᠭ ᠤᠨ ᠪᠠᠷᠢᠯᠭ᠎ᠠ ᠶᠢᠨ ᠲᠥᠰᠦᠯ ᠤᠨ ᠵᠢᠷᠤᠭ ᠲᠥᠯᠥᠪᠯᠡᠭᠡ᠂ ᠢᠯᠴᠢ ᠶᠢᠨ ᠠᠵᠢᠯ ᠤᠨ ᠵᠢᠷᠤᠭ ᠲᠥᠯᠥᠪᠯᠡᠭᠡ᠂ ᠲᠤᠯᠠᠭᠠᠯᠠᠮᠵᠢ ᠶᠢᠨ ᠵᠢᠷᠤᠭ ᠲᠥᠯᠥᠪᠯᠡᠭᠡ ᠵᠡᠷᠭᠡ ᠲᠠᠯ᠎ᠠ ᠶᠢᠨ ᠰᠦᠪᠡᠭᠴᠢᠯᠡᠯ ᠢ ᠴᠢᠩᠭᠠᠳᠬᠠᠵᠤ᠂ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠨᠡᠷᠡᠨ ᠤ ᠡᠨᠧᠷᠭᠢ᠂ ᠭᠦᠢᠬᠡᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠯᠲᠡ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠬᠢᠭᠤᠯᠵᠤ᠂ ︽ᠵᠢᠷᠤᠭ ᠲᠥᠯᠥᠪᠯᠡᠭᠡ ᠶᠢᠨ ᠡᠨᠧᠷᠭᠢ ᠠᠷᠪᠢᠯᠠᠬᠤ︾ ᠶᠢ ︽ᠪᠣᠳᠠᠲᠠᠶ ᠡᠨᠧᠷᠭᠢ ᠠᠷᠪᠢᠯᠠᠬᠤ︾ ᠪᠣᠯᠭᠠᠨ ᠬᠤᠪᠢᠷᠠᠭᠤᠯᠵᠤ᠂ ᠢᠳᠡᠪᠬᠢ ᠪᠤᠰᠤ ᠬᠡᠯᠪᠡᠷᠢ ᠶᠢᠨ ᠬᠡᠲᠦ ᠳᠤᠤᠷ᠎ᠠ ᠡᠨᠧᠷᠭᠢ ᠶᠢᠨ ᠬᠤᠷᠣᠭᠳᠠᠯ ᠪᠠ ᠲᠡᠭ ᠣᠷᠴᠢᠮ ᠤᠨ ᠡᠨᠧᠷᠭᠢ ᠶᠢᠨ ᠬᠤᠷᠣᠭᠳᠠᠯ᠂ ᠲᠡᠭ ᠡᠨᠧᠷᠭᠢ ᠶᠢᠨ ᠬᠤᠷᠣᠭᠳᠠᠯ ᠤᠨ ᠪᠠᠷᠢᠯᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠢᠳᠡᠪᠬᠢᠲᠡᠢ ᠥᠷᠨᠢᠭᠦᠯᠦᠨ᠎ᠡ᠃ 2025 ᠣᠨ ᠳᠤ᠂ ᠪᠥᠬᠦ ᠬᠤᠲᠠ ᠶᠢᠨ ᠬᠤᠲᠠ ᠪᠠᠯᠭᠠᠰᠤ ᠬᠡᠲᠦ ᠳᠤᠤᠷ᠎ᠠ ᠡᠨᠧᠷᠭᠢ ᠶᠢᠨ ᠬᠤᠷᠣᠭᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠬᠦᠯᠦᠨ᠎ᠡ᠃ 2030 ᠣᠨ ᠳᠤ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ  ᠲᠡᠭ ᠤᠷᠴᠢᠮ ᠤᠨ ᠡᠨᠧᠷᠭᠢ ᠶᠢᠨ ᠬᠤᠷᠤᠭᠳᠠᠯᠳᠤ ᠪᠠᠷᠢᠯᠭ᠎ᠠ ᠶᠢᠨ ᠡᠵᠡᠯᠡᠬᠦ ᠬᠠᠷᠢᠴᠠᠯ ᠢ 10% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ