ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠬᠦ ᠲᠤᠬᠠᠶ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2022/4/27
      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ〔2022〕5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠪᠦᠲᠦᠮᠵᠢᠲᠡᠶ ᠨᠠᠮᠳᠠᠭᠤᠯᠬᠤ ᠶᠢᠨ ᠲᠤᠰᠠᠳᠠ᠂ ᠡᠳᠦᠭᠡ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ︵ᠳᠣᠷᠣᠭᠰᠢ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢ ᠠᠯᠬᠤᠮ ᠴᠢᠨᠠᠭᠰᠢᠳᠠ ᠪᠦᠷᠢᠨᠰᠢᠭᠦᠯᠬᠦ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠃       ᠨᠢᠭᠡ᠂ ᠪᠠᠲᠤᠯᠠᠬᠤ ᠡᠲᠡᠭᠡᠳ       ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠬᠤ ᠡᠲᠡᠭᠡᠳ ᠨᠢ᠄ ᠬᠤᠲᠠ ᠬᠥᠳᠡᠭᠡ ᠶᠢᠨ ᠨᠠᠭᠠᠳᠤ ᠵᠠᠬ᠎ᠠ  ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠦᠮᠡᠨ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃       ᠬᠤᠶᠠᠷ᠂ ᠡᠬᠢᠯᠡᠭᠦᠯᠬᠦ ᠨᠥᠬᠦᠴᠡᠯ       ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄ ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠳᠠ ᠲᠤᠭ᠎ᠠ ︵CPI︶ ᠶᠢᠨ ᠲᠠᠩ ᠰᠠᠷ᠎ᠠ ᠶᠢᠨ ᠠᠳᠠᠯᠢ ᠬᠤᠭᠤᠴᠠᠭᠠᠨ ᠤ ᠨᠡᠮᠡᠭᠳᠡᠯ  ᠤᠨ ᠬᠡᠮᠵᠢᠶ᠎ᠡ ᠨᠢ 3.5% ᠲᠤ ᠬᠦᠷᠦᠭᠰᠡᠨ ᠪᠠᠶᠢᠬᠤ︔       ︵ᠬᠤᠶᠠᠷ︶ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠳᠠ ᠲᠤᠭ᠎ᠠ ᠶᠢᠨ ᠳᠠᠩ ᠰᠠᠷ᠎ᠠ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ ᠨᠢ 6% ᠳᠤ ᠬᠦᠷᠦᠭᠰᠡᠨ ᠪᠠᠶᠢᠬᠤ᠃       ᠭᠤᠷᠪᠠ᠂ ᠡᠬᠢᠯᠡᠭᠦᠯᠬᠦ ᠲᠠᠰ ᠳᠠᠪᠬᠤᠷᠭ᠎ᠠ       ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠬᠥᠯᠥᠨ ᠪᠤᠶᠢᠷ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠂ ᠮᠠᠨᠵᠤᠤᠷ ᠬᠤᠲᠠ ᠵᠡᠷᠭᠡᠪᠡᠷ ᠡᠬᠢᠯᠡᠬᠦᠯᠦᠨ᠎ᠡ᠃       ᠳᠥᠷᠪᠡ᠂ ᠨᠥᠬᠦᠪᠥᠷᠢ ᠥᠭᠬᠦ ᠪᠠᠷᠢᠮᠵᠢᠶ᠎ᠠ       ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠬᠥᠯᠥᠨ ᠪᠤᠶᠢᠷ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠮᠠᠨᠵᠤᠤᠷ ᠬᠤᠲᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠥᠯᠥᠨ ᠪᠤᠶᠢᠷ ᠬᠤᠲᠠ ᠶᠢᠨ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠳᠠ ᠲᠤᠭ᠎ᠠ ︵SCPI︶ ᠶᠢ ᠬᠡᠷᠡᠭᠯᠡᠨ ᠬᠡᠮᠵᠢᠨ ᠪᠤᠳᠤᠨ᠎ᠠ᠃ ᠬᠡᠮᠵᠢᠨ ᠪᠣᠳᠣᠬᠤ ᠠᠷᠭ᠎ᠠ ᠨᠢ ᠳᠣᠣᠷᠠᠬᠢ ᠮᠡᠲᠦ᠄       ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠬᠥᠯᠥᠨ ᠪᠤᠶᠢᠷ ᠬᠤᠲᠠ ᠶᠢᠨ ᠬᠤᠲᠠ ᠶᠢᠨ ᠨᠠᠭᠠᠳᠤ ᠵᠠᠬ᠎ᠠ  ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠬᠥᠯᠥᠨ ᠪᠤᠶᠢᠷ ᠬᠤᠲᠠ ᠶᠢᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ᠃       ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠬᠥᠯᠥᠨ ᠪᠤᠶᠢᠷ ᠬᠤᠲᠠ ᠶᠢᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠳᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ᠃       ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 30 ᠲᠥᠭᠦᠷᠢᠭ ᠲᠤ ᠬᠦᠷᠬᠦ ᠦᠭᠡᠶ ᠶᠢ ᠨᠢ 30 ᠲᠥᠭᠦᠷᠢᠭ ᠢᠶᠠᠷ ᠥᠭᠴᠦ᠂ 30 ᠲᠥᠭᠦᠷᠢᠭ ᠠᠴᠠ ᠳᠠᠪᠠᠭᠰᠠᠨ ᠢ ᠨᠢ ᠪᠣᠳᠠᠲᠤ ᠪᠠᠶᠢᠳᠠᠯ ᠢ ᠦᠨᠳᠦᠰᠦᠯᠡᠨ ᠦᠭᠭᠦᠨ᠎ᠡ︔ ᠲᠠᠷᠢᠶᠠᠯᠠᠬᠤ ᠮᠠᠯᠵᠢᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 15 ᠲᠥᠭᠦᠷᠢᠭ ᠲᠤ ᠬᠦᠷᠬᠦ ᠦᠭᠡᠶ ᠶᠢ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠣᠯᠭᠤᠨ᠎ᠠ᠃       ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠦᠮᠡᠨ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂  ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ