ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠬᠦ ᠲᠤᠬᠠᠶ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2022/4/27
      ᠲᠤᠯᠤᠭ᠎ᠠ᠂ ᠭᠦᠢᠴᠡᠳᠬᠡᠬᠦ ᠲᠣᠭᠲᠠᠴᠠ       ︵ᠨᠢᠭᠡ︶ ᠬᠥᠯᠥᠨ ᠪᠤᠶᠢᠷ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠦᠨ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨᠬᠦ ᠪᠠᠲᠤᠯᠠᠨ᠎ᠠ᠃       ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠯᠥᠨ ᠪᠤᠶᠢᠷ ᠤᠨ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠥᠬᠦᠶ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠨ᠎ᠠ︔ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠᠷᠠᠭᠠᠨ ᠤ ᠦᠨ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠬᠤᠯᠪᠣᠭᠠᠯᠠᠨ ᠠᠵᠢᠯᠯᠠᠬᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠣᠨᠣᠪᠴᠢᠲᠠᠶ ᠲᠥᠰᠦᠭᠡᠯᠡᠨ ᠪᠤᠳᠤᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠰᠠᠨᠠᠭᠤᠯᠭ᠎ᠠ ᠳᠤᠷᠠᠳᠴᠤ᠂ ᠲᠣᠭᠲᠠᠴᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠢ ᠮᠥᠷᠳᠡᠬᠦ ᠪᠠ ᠬᠢᠨᠠᠨ ᠵᠢᠯᠣᠭᠤᠳᠬᠤ ᠶᠢ ᠰᠠᠶᠢᠲᠤᠷ ᠠᠳᠬᠤᠨ᠎ᠠ︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠲᠤᠰ ᠱᠠᠲᠤᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠡᠯᠡ ᠮᠥᠩᠭᠦ ᠶᠢ ᠢᠳᠡᠪᠬᠢᠲᠡᠶ ᠲᠤᠬᠢᠷᠠᠭᠤᠯᠤᠨ᠎ᠠ︔ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠯᠥᠨ ᠪᠤᠶᠢᠷ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ ᠢᠶᠠᠨ ᠪᠠᠲᠤᠯᠠᠭ᠎ᠠ ᠶᠢᠨ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠮᠥᠩᠭᠦ ᠣᠯᠭᠤᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ︔ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠡᠯᠡ ᠮᠥᠩᠭᠦ ᠶᠢ ᠬᠠᠷᠢᠭᠤᠴᠠᠨ ᠲᠣᠬᠢᠷᠠᠭᠤᠯᠵᠤ᠂ ᠲᠤᠬᠠᠶ ᠶᠢᠨ ᠭᠠᠵᠠᠷ ᠤᠨ ᠲᠡᠩᠭᠡᠷᠡᠭᠦᠯᠦᠨ ᠲᠤᠰᠠᠯᠠᠬᠤ ᠡᠲᠡᠭᠡᠳ ᠤᠨ ᠰᠠᠭᠤᠷᠢ ᠲᠤᠭ᠎ᠠ ᠪᠠᠷᠢᠮᠲᠠ ᠪᠣᠯᠤᠨ ᠠᠮᠢᠳᠤᠷᠠᠯ ᠤᠨ ᠪᠠᠶᠢᠳᠠᠯ ᠢ ᠡᠵᠡᠮᠰᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃       ︵ᠭᠤᠷᠪᠠ︶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠠᠯᠠᠨ ᠠᠵᠢᠯᠯᠠᠬᠤ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠯᠥᠨ ᠪᠤᠶᠢᠷ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠴᠠᠭ ᠲᠤᠬᠠᠶ ᠳᠤᠨᠢ ᠮᠡᠳᠡᠭᠳᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ