ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠭᠳᠠᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠬᠦ ᠲᠤᠬᠠᠶ ᠮᠡᠳᠡᠭᠳᠡᠯ ︵ᠳᠦᠷᠪᠡ︶
ᠨᠡᠶᠢᠲᠡᠯᠡᠭᠰᠡᠨ ᠴᠠᠭ᠄
2022/4/27
      ︵ᠳᠥᠷᠪᠡ︶ ᠲᠦᠷ ᠴᠠᠭ ᠤᠨ ᠨᠥᠬᠦᠪᠥᠷᠢ ᠣᠯᠭᠤᠬᠤ ᠳᠤ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠬᠡᠪᠴᠢᠶ᠎ᠡ ᠪᠠ ᠨᠥᠬᠦᠪᠥᠷᠢ ᠣᠯᠭᠤᠬᠤ ᠡᠲᠡᠭᠡᠳ ᠢ ᠴᠢᠩᠭ᠎ᠠ ᠵᠢᠷᠤᠮᠯᠠᠨ ᠨᠥᠬᠦᠪᠥᠷᠢ ᠣᠯᠭᠤᠵᠤ᠂ ᠪᠠᠲᠤᠯᠠᠭ᠎ᠠ ᠶᠢᠨ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ ᠨᠥᠬᠦᠪᠥᠷᠢᠯᠡᠬᠦ︾ ᠶᠢ ᠪᠡᠶᠡᠯᠡᠬᠦᠯᠦᠨ᠎ᠡ᠃       ︵ᠲᠠᠪᠤ︶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠨᠥᠬᠦᠪᠥᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠰᠠᠷ᠎ᠠ ᠪᠠᠷ ᠮᠡᠳᠡᠬᠦᠯᠦᠨ᠎ᠡ᠃       ︵ᠵᠢᠷᠭᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠵᠢᠭᠦᠯᠬᠦ ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ〔2021〕5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃       ︵ᠳᠣᠯᠤᠭ᠎ᠠ︶ ᠨᠥᠬᠦᠪᠥᠷᠢ ᠶᠢ ᠣᠯᠭᠤᠬᠤ ᠳᠤ᠂ ᠬᠠᠮᠢᠶ᠎ᠠ ᠪᠦᠬᠦᠢ ᠪᠡᠯᠡ ᠮᠥᠩᠭᠦ ᠶᠢ ᠬᠤᠪᠢᠶᠠᠷᠢᠯᠠᠨ ᠰᠢᠯᠵᠢᠭᠦᠯᠬᠦ ᠪᠠ ᠲᠡᠮᠳᠡᠭᠯᠡᠯ ᠤᠨ ᠭᠡᠷᠡᠴᠢ ᠪᠠᠷᠢᠮᠲᠠ ᠳᠡᠭᠡᠷ᠎ᠡ ᠣᠯᠭᠤᠭᠰᠠᠨ ᠨᠥᠬᠦᠪᠥᠷᠢ ᠶᠢ ︽ᠲᠦᠷ ᠴᠠᠭ ᠤᠨ ᠦᠨ᠎ᠡ ᠶᠢᠨ ᠨᠥᠬᠦᠪᠥᠷᠢ︾ ᠭᠡᠵᠦ ᠲᠣᠳᠣᠷᠬᠠᠶᠢᠯᠠᠵᠤ᠂ ᠬᠦᠴᠢᠷᠳᠡᠯᠲᠡᠶ ᠣᠯᠠᠨ ᠲᠦᠮᠡᠨ ᠳᠤ ᠨᠥᠬᠦᠪᠥᠷᠢ ᠶᠢᠨ ᠲᠥᠷᠥᠯ ᠵᠦᠢᠯ ᠪᠠ ᠤᠴᠢᠷ ᠰᠢᠯᠲᠠᠭᠠᠨ ᠢ ᠲᠣᠳᠣᠷᠬᠠᠶ ᠤᠶᠢᠯᠠᠭᠠᠭᠤᠯᠤᠨ᠎ᠠ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ︽ᠪᠠᠷᠠᠭᠠᠨ ᠤ ᠦᠨ᠎ᠡ ᠥᠰᠦᠭᠰᠡᠨ ᠬᠡᠰᠡᠭ︾ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠤᠶᠢᠯᠠᠭᠠᠭᠤᠯᠬᠤ ᠶᠢ ᠬᠦᠲᠦᠯᠦᠨ ᠵᠢᠯᠤᠭᠤᠳᠴᠤ᠂ ᠨᠡᠶᠢᠭᠡᠮ ᠤᠨ ᠬᠢᠨ ᠤ ᠪᠤᠷᠤᠭᠤ ᠣᠶᠢᠯᠠᠭᠠᠯᠲᠠ ᠪᠠ ᠶᠠᠷᠢᠶ᠎ᠠ ᠬᠡᠯᠡᠯᠴᠡᠭᠡᠨ ᠤ ᠪᠤᠷᠤᠭᠤ ᠣᠶᠢᠯᠠᠭᠠᠯᠲᠠ ᠠᠴᠠ ᠵᠠᠶᠢᠯᠠᠰᠬᠢᠨ᠎ᠠ᠃       ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽︿ᠬᠥᠯᠥᠨ ᠪᠤᠶᠢᠷ ᠬᠤᠲᠠ ᠶᠢᠨ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠯᠬᠤᠮ ᠴᠢᠨᠠᠭᠰᠢᠳᠠ ᠲᠡᠭᠦᠯᠳᠡᠷᠵᠢᠭᠦᠯᠬᠦ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠦᠯᠦᠨ ᠵᠠᠰᠠᠭ ᠠᠯᠪᠠᠨ ᠲᠠᠷᠬᠠᠭᠠᠭᠰᠠᠨ〔2021〕31 ᠳ᠋ᠤᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃                                  2022 ᠣᠨ ᠤ 3 ᠰᠠᠷ᠎ᠠ ᠶᠢᠨ 31 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ