ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠵᠤ᠂ ᠦᠢᠯᠡᠳᠪᠦᠷᠢᠯᠡᠯ ᠡᠵᠡᠩᠨᠡᠯᠲᠡ ᠪᠠᠨ ᠲᠣᠭᠲᠠᠪᠤᠷᠢᠵᠢᠭᠤᠯᠬᠤ ᠶᠢ ᠠᠯᠬᠤᠮ ᠴᠢᠨᠠᠭᠰᠢᠳᠠ | ᠳᠡᠮᠵᠢᠬᠦ ᠶᠢᠨ ᠲᠥᠯᠥᠭᠡ᠂ ᠬᠤᠳᠠ ᠶᠢᠨ ᠵᠠᠰᠠᠭ ᠤᠨ ᠣᠷᠳᠣᠨ ᠠᠴᠠ ᠲᠦᠷᠢᠶᠡᠰᠦᠨ ᠮᠥᠩᠭᠦ ᠶᠢ ᠬᠡᠯᠲᠦᠷᠢᠭᠦᠯᠬᠦ᠂ ᠭᠠᠶᠢᠯᠢ ᠶᠢᠨ ᠰᠦᠢᠳᠬᠡᠯ ᠢ ᠲᠣᠬᠢᠷᠠᠭᠤᠯᠬᠤ᠂ | ᠵᠢᠭᠡᠯᠡᠯᠭᠡ ᠶᠢ ᠪᠠᠲᠤᠯᠠᠬᠤ᠂ ᠬᠡᠷᠡᠭᠯᠡᠭᠡ ᠶᠢ ᠠᠬᠢᠭᠤᠯᠬᠤ ᠵᠡᠷᠭᠡ ᠲᠡᠳᠬᠦᠨ ᠳᠡᠮᠵᠢᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠤ᠂ ᠬᠥᠭᠵᠢᠯᠲᠡ ᠶᠢ ᠰᠡᠷᠭᠦᠭᠡᠬᠦ ᠪᠠᠷ ᠳᠠᠷᠠᠭᠠᠬᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ᠂ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠪᠦᠬᠦ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ | ᠪᠠᠶᠢᠰᠢᠩ ᠵᠢᠴᠢ ᠪᠠᠶᠢᠭᠤᠯᠤᠭᠰᠠᠨ ᠪᠠᠷᠢᠯᠭ᠎ᠠ ᠶᠢ ᠲᠦᠷᠢᠶᠡᠰᠦᠯᠡᠭᠰᠡᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠭᠰᠠᠨ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ ᠢ ᠦᠨᠳᠦᠰᠦᠯᠡᠨ ᠨᠤᠲᠠᠯᠠᠨ | ᠲᠣᠭᠲᠠᠭᠠᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠠᠴᠠ ᠪᠣᠯᠵᠣ ᠡᠵᠡᠩᠨᠡᠵᠦ ᠳᠡᠶᠢᠯᠬᠦ ᠥᠬᠡᠶ ᠪᠠᠶᠢᠪᠠᠯ᠂ ᠬᠡᠷ ᠪᠠᠶᠢᠰᠢᠩ ᠲᠠᠯᠠᠪᠤᠷ ᠭᠠᠵᠠᠷ ᠤᠨ | ᠥᠮᠴᠢᠯᠡᠬᠦ ᠡᠷᠬᠡ ᠶᠢᠨ ᠨᠢᠭᠡᠴᠢ ᠬᠢᠭᠡᠳ ᠲᠦᠷᠢᠶᠡᠰᠦᠯᠡᠭᠴᠢ ᠲᠠᠢ ᠵᠥᠪᠳᠡᠯᠴᠡᠭᠡᠳ᠂ ᠲᠣᠰ ᠵᠢᠯ ᠤᠨ 3 ᠰᠠᠷ᠎ᠠ ᠶᠢᠨ ᠬᠡᠷ ᠪᠠᠶᠢᠰᠢᠩ ᠵᠢᠴᠢ ᠪᠠᠶᠢᠭᠤᠯᠤᠭᠰᠠᠨ | ᠪᠠᠷᠢᠯᠭ᠎ᠠ ᠶᠢᠨ ᠲᠦᠷᠢᠶᠡᠰᠦᠨ ᠮᠥᠩᠭᠦ ᠶᠢ ᠵᠣᠬᠢᠬᠤ ᠬᠡᠮᠵᠢᠶ᠎ᠡ ᠪᠠᠷ ᠬᠠᠰᠤᠵᠤ ᠭᠡᠯᠳᠦᠷᠢᠭᠦᠯᠵᠦ ᠪᠣᠯᠤᠨ᠎ᠠ᠃ ᠪᠦᠬᠦ ᠬᠤᠳᠠ ᠶᠢᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠨᠢᠭᠡᠴᠢ ᠶᠢᠨ ᠭᠡᠷ ᠪᠠᠶᠢᠰᠢᠩ ᠢ ᠳᠦᠷᠢᠶᠡᠰᠦᠯᠡᠭᠰᠡᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠲᠤᠰ ᠵᠢᠯ ᠤᠨ 3 ᠰᠠᠷ᠎ᠠ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠵᠣᠬᠢᠬᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠵᠦ ᠪᠣᠯᠤᠨ᠎ᠠ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠥᠪᠯᠡᠯ︶ | ᠬᠤᠶᠠᠷ᠂ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠭᠤᠷᠠᠭᠤᠯᠬᠤ ᠲᠥᠷᠥ ᠶᠢᠨ ᠪᠣᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ | ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠵᠡᠷᠭᠡ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠰᠦᠢᠳᠬᠡᠯ ᠤᠨ ᠨᠤᠷᠮ᠎ᠠ ᠶᠢ ᠱᠠᠲᠤ ᠦᠶᠡᠴᠢ ᠴᠢᠨᠠᠷᠲᠠᠶ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠤᠭᠤᠴᠠᠭ᠎ᠠ ᠶᠢ 2023 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠵᠤ᠂ ᠠᠵᠢᠯ ᠠᠯᠳᠠᠯᠲᠠ ᠶᠢᠨ | ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠦᠷᠭᠦᠯᠵᠢᠯᠡᠨ 1% ᠶᠢᠨ ᠪᠠᠷᠢᠮᠵᠢᠶ᠎ᠡ ᠪᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶ |