︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠵᠢᠴᠢ ᠮᠠᠨ ᠤ ᠬᠤᠲᠠ ᠶᠢᠨ ᠨᠠᠩ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ | ᠵᠣᠬᠢᠴᠠᠯ ᠲᠠᠢ ᠠᠮᠤᠷ ᠠᠮᠤᠭᠤᠯᠠᠩ ᠬᠥᠯᠥᠨ ᠪᠤᠶᠢᠷ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠥᠯᠥᠨ ᠪᠤᠶᠢᠷ ᠤᠨ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠬᠥᠯᠥᠨ ᠪᠤᠶᠢᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠨᠢᠭᠡᠳᠦᠭᠡᠷ ᠪᠦᠯᠦᠭ ᠬᠥᠭᠵᠢᠯᠲᠡ ᠶᠢᠨ ᠰᠠᠭᠤᠷᠢ | ᠨᠢᠭᠡᠳᠦᠭᠡᠷ ᠬᠡᠰᠡᠭ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠶᠢᠨ ᠠᠮᠵᠢᠯᠲᠠ ᠪᠦᠲᠦᠮᠵᠢ | — ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠠᠩ ᠰᠢᠯᠢᠳᠡᠭᠵᠢᠬᠦᠯᠪᠡ᠃ ᠲᠦᠭᠡᠮᠡᠯ ᠬᠠᠷᠠᠭᠠᠯᠵᠠᠯᠳᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠲᠠᠰᠤᠷᠠᠯᠲᠠ ᠦᠭᠡᠢ ᠥᠷᠭᠡᠳᠴᠦ᠂ 98 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ | ᠪᠠ ᠥᠷᠭᠡᠳᠬᠡᠨ ᠪᠠᠶᠢᠭᠤᠯᠵᠤ᠂ 17600 ᠭᠠᠷᠤᠢ ᠬᠡᠦᠬᠡᠳ ᠢ ᠬᠠᠷᠠᠭᠠᠯᠵᠠᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ | ᠬᠡᠦᠬᠡᠳ ᠤᠨ ᠡᠵᠡᠯᠡᠬᠦ ᠬᠠᠷᠢᠴᠠᠯ 54.87% ᠳᠤ ᠬᠦᠷᠪᠡ︔ ᠲᠦᠭᠡᠮᠡᠯ ᠬᠠᠷᠠᠭᠠᠯᠵᠠᠯᠳᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ | ᠢᠳᠡᠪᠬᠢᠲᠡᠢ ᠲᠡᠳᠬᠦᠨ ᠳᠠᠮᠵᠢᠵᠤ᠂ 123 ᠶᠢ ᠦᠨᠡᠯᠡᠨ ᠲᠣᠭᠲᠠᠭᠠᠵᠤ᠂ ᠪᠦᠷᠬᠦᠯᠲᠡ ᠶᠢᠨ ᠨᠣᠷᠮ᠎ᠠ 85.40% ᠳᠤ ᠬᠦᠷᠪᠡ︔ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠲᠦᠪᠰᠢᠨ ᠢᠯᠡᠳᠲᠡ ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ | ᠣᠷᠣᠭᠰᠠᠨ ᠪᠥᠬᠦ ᠨᠣᠷᠮ᠎ᠠ 96.5% ᠪᠣᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠡᠷᠴᠢᠮᠳᠡᠢ ᠠᠬᠢᠭᠤᠯᠵᠤ᠂ ᠪᠦᠬᠦ | ᠬᠤᠲᠠ ᠶᠢᠨ 14 ᠬᠤᠰᠢᠭᠤ ᠬᠤᠲᠠ ᠲᠣᠭᠤᠷᠢᠭ ᠪᠦᠬᠦᠨ ᠢᠶᠠᠷ ᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ | ᠲᠡᠩᠴᠡᠭᠦᠷᠢᠲᠡᠢ ᠰᠢᠶᠠᠨ ᠤ ᠦᠨᠡᠯᠡᠨ ᠲᠣᠭᠲᠠᠭᠠᠯᠲᠠ ᠶᠢ ᠥᠩᠭᠡᠷᠡᠭᠡᠪᠡ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ | ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠰᠠᠨ | ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 98.5% ᠪᠣᠯᠪᠠ᠃ ︽ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠣᠭᠤᠮᠲᠠ ᠰᠢᠪᠲᠤᠯᠬᠤ ᠲᠥᠯᠥᠪᠯᠡᠭᠡ ︵2017—2020︶︾ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ | ᠪᠦᠲᠦᠮᠵᠢᠲᠡᠶ ᠰᠠᠶᠢᠵᠢᠷᠠᠭᠤᠯᠪᠠ᠃ ︽ᠨᠢᠭᠡᠳᠦᠯᠲᠡᠶ ᠡᠯᠰᠡᠬᠦ︾ ᠪᠠ ︽ᠠᠰ ᠲᠤᠨᠢ ᠡᠯᠰᠡᠬᠦ︾ ᠶᠢ ᠬᠠᠷᠢᠯᠴᠠᠨ ᠤᠶᠠᠯᠳᠤᠭᠤᠯᠤᠭᠰᠠᠨ ᠰᠤᠷᠤᠭᠴᠢ ᠡᠯᠰᠡᠬᠦ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠨᠠᠷ ᠰᠠᠶᠢᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ | ᠲᠥᠯᠥᠪᠯᠡᠭᠡ ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯ᠎ᠡ ᠬᠤᠪᠢᠶᠠᠷᠢᠯᠠᠬᠤ ᠬᠠᠷᠢᠴᠠᠯ ᠢ 60% ᠬᠦᠷᠭᠡᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠠᠲᠤᠯᠠᠪᠠ᠃ ᠣᠲᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠭᠲᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠵᠤ᠂ ᠭᠤᠷᠪᠠᠨ ᠵᠢᠯ ᠳᠠᠷᠠᠭᠠᠯᠠᠨ ᠰᠣᠷᠣᠭᠴᠢ ᠡᠯᠰᠡᠬᠦ | ᠠᠵᠢᠯ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠬᠠᠷᠢᠴᠠᠯ ᠢ ᠶᠡᠭᠡ ᠲᠥᠯᠥᠪ ᠠᠳᠠᠯᠢ ᠪᠠᠶᠢᠯᠭᠠᠬᠤ ᠡᠭᠦᠷᠭᠡ ᠶᠢᠨ ᠬᠠᠷᠠᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠳᠤᠳᠤᠷ᠎ᠠ ᠬᠤᠶᠠᠳᠤᠭᠠᠷ ᠲᠤ ᠵᠢᠭᠰᠠᠭᠠᠭᠳᠠᠪᠠ︔ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ | ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ | ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠡᠩᠨᠡᠭᠡᠨ ᠳᠤ ᠵᠢᠭᠰᠠᠭᠠᠭᠳᠠᠪᠠ︔ ᠳᠠᠪᠠᠭᠠᠨ ᠤ ᠵᠡᠬᠦᠨᠳᠡᠬᠢ᠂ ᠪᠠᠷᠠᠭᠤᠨᠳᠡᠬᠢ ᠬᠤᠶᠠᠷ ᠶᠡᠭᠡ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠠᠵᠢᠯᠯᠠᠭᠠᠨ ᠤ ᠲᠣᠭᠲᠠᠴᠠ ᠶᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠨ ᠣᠷᠣᠯᠴᠠᠭᠰᠠᠨ ᠠᠵᠤ ᠠᠬᠤᠶᠢᠯᠠᠯ ᠤᠨ ᠲᠤᠭ᠎ᠠ 150 ᠭᠠᠷᠤᠶ ᠪᠣᠯᠪᠠ᠃ ᠪᠦᠲᠦᠴᠡ ᠪᠠᠶᠢᠷᠢᠰᠢᠭᠤᠯᠤᠯ ᠨᠢ ᠨᠡᠩ ᠵᠦᠢ ᠵᠣᠬᠢᠰᠲᠠᠶ᠂ | ᠬᠡᠪᠴᠢᠶᠡᠲᠦ ᠦᠷ᠎ᠡ ᠠᠰᠢᠭ ᠨᠢ ᠨᠡᠩ ᠰᠢᠯᠢᠳᠡᠭᠵᠢᠭᠰᠡᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠯᠦᠭᠡ ᠵᠣᠬᠢᠴᠠᠩᠭᠤᠶ ᠪᠠᠷ ᠰᠢᠨᠵᠢᠯᠡᠬᠦ | ᠤᠬᠠᠭᠠᠨᠴᠢ ᠬᠥᠭᠵᠢᠭᠰᠡᠨ᠂ ᠭᠠᠵᠠᠷ ᠣᠷᠣᠨ ᠤ ᠣᠨᠴᠠᠯᠢᠭ ᠪᠠ ᠴᠠᠭ ᠦᠶ᠎ᠡ ᠶᠢᠨ ᠣᠨᠴᠠᠯᠢᠭ ᠲᠠᠢ ᠦᠨᠳᠦᠰᠦᠲᠡᠨ ᠤ ᠰᠤᠷᠭᠠᠨ ᠬᠥᠮᠦᠵᠢᠯ ᠤᠨ ᠲᠤᠭᠲᠠᠯᠴᠠᠭ᠎ᠠ ᠶᠢ | ᠪᠠᠶᠢᠭᠤᠯᠪᠠ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ | ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠨ᠂ ᠪᠦᠬᠦ ᠬᠤᠲᠠ ᠳᠤ ᠨᠡᠶᠢᠲᠡ 3 ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠢ ᠬᠡᠷᠡᠭᠯᠡᠵᠦ᠂ | 2 ᠬᠤᠰᠢᠭᠤ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠨᠢᠭᠡᠴᠢ ᠪᠠᠷ ᠦᠨᠡᠯᠡᠭᠳᠡᠪᠡ᠃ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠲᠤᠭᠲᠠᠯᠴᠠᠭ᠎ᠠ ᠲᠠᠰᠤᠷᠠᠯᠲᠠ ᠥᠬᠡᠶ ᠲᠡᠭᠦᠯᠳᠡᠷᠵᠢᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠬᠥᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠳᠤ ᠣᠷᠣᠬᠤ ᠨᠥᠬᠦᠴᠡᠯ ᠳᠤ ᠨᠡᠶᠢᠴᠡᠭᠰᠡᠨ ᠵᠡᠮᠳᠡᠭ ᠬᠡᠦᠬᠡᠳ ᠪᠠᠭᠠᠴᠤᠳ ᠢ ᠠᠩᠭᠢ ᠳᠠᠭᠠᠵᠤ ᠰᠤᠷᠤᠯᠴᠠᠬᠤ ᠶᠢ ᠭᠤᠤᠯᠳᠠᠯᠭ᠎ᠠ ᠲᠠᠢ ᠪᠠᠲᠤᠯᠠᠵᠤ᠂ | ᠬᠦᠨᠳᠦ ᠵᠡᠮᠳᠡᠭ ᠰᠣᠷᠣᠭᠴᠢ ᠳᠤ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠦᠢᠯᠡᠴᠢᠯᠡᠭᠡ ᠥᠷᠨᠢᠭᠦᠯᠵᠦ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠡᠯ᠎ᠡ ᠲᠥᠷᠥᠯ ᠤᠨ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 100% ᠳᠤ ᠬᠦᠷᠭᠡᠪᠡ᠃ ᠬᠥᠯᠥᠨ | ᠪᠤᠶᠢᠷ ᠳᠡᠭᠡᠳᠦ ᠰᠤᠷᠭᠠᠭᠤᠯᠢ ᠨᠢ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠢᠨᠵᠧᠨᠧᠷᠢᠩ ᠢᠶᠠᠷ ᠰᠣᠩᠭᠤᠭᠳᠠᠭᠰᠠᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠷᠳᠡᠮ ᠤᠨ ᠴᠣᠯᠠ ᠶᠢᠨ ᠵᠥᠪᠯᠡᠯ ᠤᠨ ᠮᠠᠰᠲ᠋ᠧᠷ ᠴᠣᠯᠠ ᠣᠯᠭᠤᠬᠤ ᠨᠢᠭᠡᠴᠢ ᠪᠠᠷ ᠲᠣᠭᠲᠠᠭᠠᠭᠳᠠᠪᠠ᠃ ᠡᠯ᠎ᠡ ᠶᠡᠭᠡ ᠳᠡᠭᠡᠳᠦ ᠰᠤᠷᠭᠠᠭᠤᠯᠢ ᠨᠢ | ᠰᠤᠷᠭᠠᠭᠤᠯᠢ ᠶᠢᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠤᠯᠤᠰ ᠤᠨ ︽ᠨᠢᠭᠡ ᠪᠦᠰᠡ ᠨᠢᠭᠡ ᠵᠠᠮ︾᠂ ᠰᠢᠨ᠎ᠡ ᠨᠢᠭᠡ ᠡᠭᠡᠯᠵᠢ ᠶᠢᠨ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠬᠥᠯᠥᠨ ᠪᠤᠶᠢᠷ ᠤᠨ ᠳᠤᠮᠳᠠᠳᠤ ᠣᠷᠣᠰ ᠮᠤᠩᠭᠤᠯ ᠤᠨ ᠬᠠᠮᠲᠤᠷᠠᠯᠴᠠᠭᠠᠨ ᠤ | ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠦᠢᠯᠡᠴᠢᠯᠡᠵᠦ᠂ ᠪᠦᠬᠦ ᠬᠤᠲᠠ ᠶᠢᠨ ᠠᠵᠤ ᠠᠬᠤᠢ ᠨᠡᠶᠢᠬᠡᠮ ᠤᠨ | ᠬᠥᠭᠵᠢᠯᠲᠡ ᠬᠢᠭᠡᠳ ᠪᠦᠲᠦᠭᠡᠨ ᠪᠠᠶᠢᠭᠤᠯᠤᠯᠳᠠ ᠶᠢ ᠠᠬᠢᠭᠤᠯᠪᠠ᠃ |