ᠬᠥᠯᠥᠨ ᠪᠤᠶᠢᠷ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵ᠬᠤᠶᠠᠷ︶
ᠨᠡᠶᠢᠲᠡᠯᠡᠭᠰᠡᠨ ᠴᠠᠭ᠄
2022/9/13
      — ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠠᠭᠰᠢ ᠰᠤᠷᠤᠭᠴᠢᠳ ᠤᠨ ᠨᠣᠮ ᠤᠩᠰᠢᠬᠤ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠣᠩᠭᠤᠳᠠᠭ ᠵᠣᠬᠢᠶᠠᠯ ᠢ ᠤᠯᠠᠮᠵᠢᠯᠠᠨ ᠪᠠᠳᠠᠷᠠᠭᠤᠯᠬᠤ ᠠᠴᠠ ᠭᠠᠷᠳᠠᠨ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠣᠯᠤᠨ ᠪᠠᠭᠰᠢ ᠰᠤᠷᠤᠭᠴᠢᠳ ᠤᠨ ᠨᠣᠮ ᠤᠩᠰᠢᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠭᠡᠳ᠂ ᠰᠣᠶᠣᠯ ᠢᠶᠠᠷ ᠬᠥᠮᠦᠨ ᠬᠥᠮᠦᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠪᠦᠬᠦ ᠬᠤᠲᠠ ᠶᠢᠨ 4 ᠮᠣᠷᠠᠯ ᠬᠥᠮᠦᠵᠢᠯ ᠤᠨ ᠬᠡᠷᠡᠭ ᠤᠨ ᠵᠢᠱᠢᠶ᠎ᠡ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠣᠷᠠᠯ ᠬᠥᠮᠦᠵᠢᠯ ᠤᠨ ᠠᠵᠢᠯ ᠤᠨ ᠰᠢᠯᠢᠳᠡᠭ ᠬᠡᠷᠡᠭ ᠤᠨ ᠵᠢᠱᠢᠶ᠎ᠡ ᠳᠤ ᠰᠣᠩᠭᠤᠭᠳᠠᠵᠤ᠂ 2 ᠰᠤᠷᠭᠠᠭᠤᠯᠢ ᠶᠢᠨ ᠮᠣᠷᠠᠯ ᠬᠥᠮᠦᠵᠢᠯ ᠤᠨ ᠠᠵᠢᠯ ᠰᠤᠷᠭᠠᠨ ᠬᠥᠮᠦᠵᠢᠯ ᠤᠨ ᠶᠠᠮᠤᠨ ᠤ ᠬᠥᠬᠢᠭᠦᠯᠦᠯ ᠢ ᠬᠦᠷᠲᠡᠪᠡ᠃ ᠬᠡᠪ ᠴᠢᠨᠠᠷ ᠤᠨ ᠰᠤᠷᠭᠠᠨ ᠬᠥᠮᠦᠵᠢᠯ ᠢ ᠴᠢᠩᠭᠠᠳᠬᠠᠨ᠂ ᠳᠠᠭᠤᠤ ᠲᠠᠮᠢᠷ ᠭᠤᠸ᠎ᠠ ᠰᠠᠶᠢᠬᠠᠨ ᠤ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠰᠤᠷᠤᠭᠴᠢᠳ ᠤᠨ ᠡᠳᠦᠷ ᠪᠦᠷᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ 1 ᠴᠠᠭ ᠪᠠᠲᠤᠯᠠᠨ᠂ ᠰᠤᠷᠤᠭᠴᠢᠳ ᠲᠤ ᠪᠡᠶ᠎ᠡ ᠶᠢᠨ ᠲᠠᠮᠢᠷ ᠤᠨ 1 ᠠᠴᠠ 2 ᠵᠦᠢᠯ ᠤᠨ ᠤᠷ᠎ᠠ ᠴᠢᠳᠠᠪᠤᠷᠢ ᠪᠠ 1 ᠵᠦᠢᠯ ᠤᠨ ᠤᠷᠠᠯᠢᠭ ᠤᠨ ᠤᠷ᠎ᠠ ᠴᠢᠳᠠᠪᠤᠷᠢ ᠶᠢ ᠢᠳᠡᠭ ᠢᠳᠡᠭ ᠢᠶᠠᠷ ᠡᠵᠡᠮᠰᠢᠭᠦᠯᠵᠦ᠂ ᠰᠤᠷᠤᠭᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠢᠯᠡᠳᠲᠡ ᠳᠡᠭᠡᠭᠰᠢᠯᠡᠬᠦᠯᠪᠡ᠃       — ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠢᠯᠡᠳᠲᠡ ᠴᠢᠩᠭᠠᠳᠬᠠᠪᠠ᠃ ︽ᠬᠥᠯᠥᠨ ᠪᠤᠶᠢᠷ ᠬᠤᠲᠠ ᠶᠢᠨ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾᠂ ︽ᠬᠥᠯᠥᠨ ᠪᠤᠶᠢᠷ ᠬᠤᠲᠠ ᠶᠢᠨ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ︵2015—2020︶ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠰᠢᠰᠲ᠋ᠧᠮᠵᠢᠭᠦᠯᠦᠨ ᠬᠠᠮᠢᠶᠠᠷᠬᠤ ᠶᠢ ᠪᠡᠶᠡᠯᠡᠭᠦᠯᠦᠨ᠂ ᠪᠠᠭᠰᠢ ᠶᠢᠨ ᠪᠠᠶᠢᠷᠢ ᠰᠠᠭᠤᠷᠢ ᠪᠠ ᠣᠯᠭᠤᠮᠵᠢ ᠶᠢ ᠢᠯᠡᠳᠲᠡ ᠳᠡᠭᠡᠭᠰᠢᠯᠡᠭᠦᠯᠪᠡ︔ ᠪᠠᠭᠰᠢ ᠨᠥᠬᠦᠪᠥᠷᠢᠯᠡᠬᠦ ᠪᠠᠶᠢᠩᠭᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠯᠡ ᠪᠠᠷ ᠤᠷᠢᠨ ᠬᠡᠷᠡᠭᠯᠡᠬᠦ᠂ ᠰᠠᠭᠠᠳ ᠥᠬᠡᠶ ᠨᠡᠪᠲᠡᠷᠡᠬᠦ ᠵᠠᠮ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠤᠷᠭᠠᠭᠤᠯᠢ ᠶᠢᠨ ᠬᠦᠷᠢᠶ᠎ᠡ ᠠᠴᠠ ᠤᠷᠢᠨ ᠬᠡᠷᠡᠭᠯᠡᠬᠦ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢ ᠰᠢᠯᠭᠠᠨ ᠡᠯᠰᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠶᠢᠨ ᠡᠩᠨᠡᠭᠡ ᠶᠢᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ 2016—2020 ᠣᠨ ᠳᠤ᠂ ᠪᠥᠬᠦ ᠬᠤᠲᠠ ᠳᠤ ᠨᠡᠶᠢᠲᠡ 2468 ᠪᠠᠭᠰᠢ ᠶᠢ ᠣᠷᠣᠭᠤᠯᠤᠨ ᠠᠪᠴᠢᠷᠠᠵᠤ᠂ ᠣᠨᠴᠠᠭᠠᠶ ᠠᠵᠢᠯ ᠤᠨ ᠪᠠᠶᠢᠷᠢ ᠶᠢᠨ 950 ᠪᠠᠭᠰᠢ ᠶᠢ ᠤᠷᠢᠨ ᠬᠡᠷᠡᠭᠯᠡᠪᠡ᠃ ᠲᠠᠪᠤᠨ ᠵᠢᠯ ᠳᠤ ᠨᠢᠭᠡ ᠡᠭᠡᠯᠵᠢᠯᠡᠬᠦ ᠦᠷᠬᠦᠯᠵᠢᠯᠡᠯ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠠᠯᠬᠤᠮ ᠴᠢᠨᠠᠭᠰᠢᠳᠠ ᠳᠡᠭᠡᠭᠰᠢᠯᠡᠪᠡ᠃       — ᠰᠤᠷᠭᠠᠨ ᠬᠥᠮᠦᠵᠢᠯ ᠤᠨ ᠡᠷᠬᠡ ᠲᠡᠭᠰᠢ ᠶᠢ ᠭᠦᠢᠴᠡᠳ ᠪᠠᠲᠤᠯᠠᠪᠠ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠬᠠᠤᠯᠢ ᠶᠣᠰᠣᠭᠠᠷ ᠨᠡᠮᠡᠭᠳᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠨᠡᠶᠢᠲᠡ 30 ᠳ᠋ᠦᠩᠰᠢᠭᠤᠷ ᠲᠥᠭᠦᠷᠢᠭ ᠣᠷᠴᠢᠮ ᠣᠯᠵᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ︽ᠭᠤᠷᠪᠠ ᠶᠢ ᠨᠡᠪᠲᠡᠷᠡᠭᠦᠯᠬᠦ ᠬᠤᠶᠠᠷ ᠲᠠᠪᠴᠠᠩ︾ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠢᠵᠢᠯ ᠳᠠᠪᠲᠠᠮᠵᠢᠲᠤ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾ ᠳᠤ ᠲᠦᠰᠢᠭᠯᠡᠨ᠂ ᠭᠤᠤᠯ ᠰᠤᠷᠭᠠᠭᠤᠯᠢ ᠪᠠ ᠵᠢᠭᠠᠨ ᠰᠤᠷᠭᠠᠯᠲᠠ ᠶᠢᠨ ᠴᠢᠬ᠂ ᠴᠢᠨᠠᠷ ᠰᠠᠶᠢᠲᠠᠶ ᠰᠤᠷᠭᠠᠭᠤᠯᠢ ᠪᠠ ᠪᠠᠭᠤᠷᠠᠶ ᠰᠤᠷᠭᠠᠭᠤᠯᠢ ᠬᠠᠷᠢᠯᠴᠠᠨ ᠬᠠᠪᠰᠤᠷᠤᠯᠴᠠᠬᠤ ᠬᠡᠯᠪᠡᠷᠢ ᠪᠠᠷ ᠳᠠᠮᠵᠢᠭᠤᠯᠤᠨ᠂ ᠵᠢᠭᠠᠨ ᠰᠤᠷᠭᠠᠯᠲᠠ ᠶᠢᠨ ᠴᠢᠬ᠂ ᠪᠠᠭᠤᠷᠠᠶ ᠰᠤᠷᠭᠠᠭᠤᠯᠢ ᠳᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠤᠨᠤᠴᠠᠲᠠᠢ ᠪᠠᠷ ᠳᠠᠮᠵᠢᠭᠤᠯᠤᠨ ᠬᠦᠷᠭᠡᠨ᠎ᠡ᠃ ᠤᠨᠤᠴᠠᠲᠠᠢ ᠪᠠᠷ ᠶᠠᠳᠠᠭᠤ ᠶᠢ ᠲᠡᠳᠬᠦᠬᠦ᠂ ᠤᠨᠤᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠢᠯᠡᠷᠬᠡᠶ ᠪᠠᠶᠢᠵᠤ᠂ ︽ᠬᠥᠯᠥᠨ ᠪᠤᠶᠢᠷ ᠬᠤᠲᠠ ᠶᠢᠨ ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠤᠨ ᠬᠥᠳᠡᠯᠦᠩᠭᠦᠶ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ︾ ᠶᠢ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠵᠤ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠬᠥᠮᠦᠨ ᠤ ᠲᠤᠭ᠎ᠠ ᠶᠢ ᠪᠦᠬᠦᠨ ᠢ ᠦᠭᠡᠶᠢᠰᠬᠡᠬᠦ ᠶᠢ ᠴᠢᠩᠭ᠎ᠠ ᠬᠢᠵᠠᠭᠠᠷᠯᠠᠪᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠤᠭᠴᠢᠳ ᠢ ᠲᠤᠰᠠᠯᠠᠬᠤ ᠪᠡᠯᠡ ᠮᠥᠩᠭᠦ 11 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠵᠤ᠂ 49 ᠲᠦᠮᠡᠨ ᠬᠥᠮᠦᠨ ᠤᠳᠠᠭ᠎ᠠ ᠶᠢ ᠲᠤᠰᠠᠯᠠᠵᠤ᠂ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠵᠢᠭᠡᠯᠡᠯᠭᠡ ᠶᠢᠨ ᠵᠣᠭᠤᠰ ᠤᠨ ᠲᠤᠭ᠎ᠠ 1.2 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠰᠤᠷᠤᠭᠴᠢ 17000 ᠬᠥᠮᠦᠨ ᠤᠳᠠᠭ᠎ᠠ ᠪᠣᠯᠤᠨ᠎ᠠ᠃ 2017 ᠣᠨ ᠠᠴᠠ ᠡᠬᠢᠯᠡᠨ᠂ ᠳᠡᠩᠰᠡᠯᠡᠨ ᠺᠠᠷᠲᠯᠠᠭᠰᠠᠨ ᠬᠥᠮᠦᠨ ᠠᠮᠠ ᠲᠠᠢ 11 ᠬᠤᠰᠢᠭᠤ ᠬᠤᠲᠠ ᠲᠣᠭᠤᠷᠢᠭ ᠲᠤ ᠴᠥᠮ ︽ᠶᠠᠳᠠᠭᠤ ᠬᠦᠴᠢᠷᠳᠡᠯᠲᠡᠶ ᠰᠤᠷᠤᠭᠴᠢᠳ ᠢ ᠠᠪᠤᠷᠠᠨ ᠲᠤᠰᠠᠯᠠᠬᠤ ᠰᠠᠭᠤᠷᠢ ᠮᠥᠩᠭᠦ︾ ᠪᠠᠶᠢᠭᠤᠯᠵᠤ᠂ ᠰᠠᠭᠤᠷᠢ ᠮᠥᠩᠭᠦ ᠶᠢᠨ ᠲᠤᠭ᠎ᠠ ᠨᠡᠶᠢᠲᠡ 3434 ᠲᠦᠮᠡᠨ ᠲᠥᠭᠦᠷᠢᠭ ᠪᠤᠯᠵᠤ᠂ 3209.63 ᠲᠦᠮᠡᠨ ᠲᠥᠭᠦᠷᠢᠭ ᠢ ᠳᠤᠷᠤᠭᠰᠢ ᠪᠠᠭᠤᠯᠭᠠᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ 2.36 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ