ᠬᠦᠯᠦᠨ ᠪᠣᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/9/29
      ᠨᠢᠭᠡ᠂ ᠨᠤᠲᠤᠭ ᠳᠡᠪᠢᠰᠭᠡᠷ ᠤᠨ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠦᠭᠵᠢᠯᠲᠡ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠤᠨ ᠰᠣᠳᠣᠯᠣᠨ ᠲᠣᠭᠲᠠᠭᠠᠵᠤ᠂ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠲᠤ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠦᠷᠨᠢᠭᠦᠯᠵᠦ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠶᠡᠷᠦᠩᠬᠡᠢ ᠬᠡᠮᠵᠢᠶᠠᠨ ᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠳᠤᠷᠠᠳᠤᠨ᠎ᠠ︔ ᠤᠯᠤᠰ ᠦᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠲᠣᠬᠢᠷᠠᠭᠤᠯᠭ᠎ᠠ ᠡᠵᠡᠮᠰᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠬᠤᠲᠠ ᠶᠢᠨ ᠠᠵᠤ ᠠᠬᠤᠢ ᠶᠢᠨ ᠡᠷᠭᠢᠯᠲᠡ᠂ ᠣᠷᠣᠨ ᠪᠦᠰᠡ ᠶᠢᠨ ᠵᠣᠬᠢᠴᠠᠭᠤᠯᠤᠯᠲᠠ᠂ ᠬᠤᠲᠠ ᠬᠦᠳᠡᠭᠡ ᠶᠢᠨ ᠨᠢᠭᠡᠳᠦᠯᠳᠡᠢ ᠲᠦᠯᠦᠪᠯᠡᠭᠡ ᠶᠢ ᠰᠣᠳᠣᠯᠬᠤ ᠳᠤ ᠣᠷᠣᠯᠴᠠᠬᠤ ᠶᠢᠨ ᠬᠠᠮᠲᠤ ᠪᠦᠬᠦ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠲᠣᠬᠢᠷᠠᠭᠤᠯᠭ᠎ᠠ ᠡᠵᠡᠮᠰᠢᠯ ᠤᠨ ᠲᠦᠷᠦ ᠶᠢᠨ ᠪᠣᠳᠣᠯᠭ᠎ᠠ ᠪᠠ ᠠᠷᠭ᠎ᠠ ᠠᠪᠴᠠᠯ ᠢ ᠲᠣᠭᠲᠠᠭᠠᠨ᠎ᠠ︔ ᠪᠦᠬᠦ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠦᠷᠢᠶ᠎ᠡ ᠬᠡᠪᠴᠢᠶᠠᠨ ᠳᠠᠬᠢ ᠡᠬᠢ ᠪᠠᠶᠠᠯᠢᠭ ᠢ ᠠᠰᠢᠭᠯᠠᠬᠤ ᠪᠠ ᠣᠷᠴᠢᠯ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ᠬᠤᠶᠠᠷ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠤᠲᠤᠭ ᠳᠡᠪᠢᠰᠭᠡᠷ ᠤᠨ ᠡᠬᠢ ᠪᠠᠶᠠᠯᠢᠭ ᠢ ᠬᠠᠮᠢᠶᠠᠷᠬᠤ ᠲᠦᠷᠦ ᠶᠢᠨ ᠪᠣᠳᠣᠯᠭ᠎ᠠ᠂ ᠠᠷᠭ᠎ᠠ ᠠᠪᠴᠠᠯ ᠢ ᠵᠣᠬᠢᠶᠠᠨ ᠪᠠᠶᠢᠭᠤᠯᠤᠨ ᠲᠦᠰᠦᠪᠯᠡᠵᠦ᠂ ᠪᠦᠬᠦ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠬᠠᠮᠢᠶᠠᠷᠤᠯᠲᠠ᠂ ᠵᠦᠢ ᠵᠣᠬᠢᠰᠲᠠᠢ ᠠᠰᠢᠭᠯᠠᠯᠲᠠ ᠪᠠ ᠵᠠᠰᠠᠭ ᠵᠠᠬᠢᠷᠭᠠᠨ ᠤ ᠬᠠᠮᠢᠶᠠᠷᠤᠯᠲᠠ ᠵᠢᠴᠢ ᠭᠠᠵᠠᠷ ᠰᠢᠨᠵᠢᠯᠡᠭᠡᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠲᠣᠭᠲᠠᠭᠠᠨ᠎ᠠ︔ ᠨᠤᠲᠤᠭ ᠳᠡᠪᠢᠰᠭᠡᠷ᠂ ᠠᠭᠤᠷᠬᠠᠢ ᠶᠢᠨ ᠡᠬᠢ ᠪᠠᠶᠠᠯᠢᠭ ᠪᠠ ᠬᠡᠮᠵᠢᠨ ᠵᠢᠷᠤᠭᠯᠠᠯᠲᠠ ᠵᠡᠷᠭᠡ ᠬᠠᠥᠯᠢ ᠴᠠᠭᠠᠵᠠ ᠬᠠᠥᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠨᠤᠲᠤᠭ ᠳᠡᠪᠢᠰᠭᠡᠷ᠂ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠭᠦᠯᠭᠡ ᠪᠠ ᠬᠡᠮᠵᠢᠨ ᠵᠢᠷᠤᠭᠯᠠᠯᠲᠠ ᠶᠢᠨ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠬᠠᠮᠢᠶᠠᠷᠤᠯᠲᠠ ᠬᠢᠨ᠎ᠡ︔ ᠬᠤᠰᠢᠭᠤ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠬᠦᠨᠳᠦ ᠶᠡᠭᠡ ᠬᠠᠥᠯᠢ ᠶᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠨᠤᠲᠤᠭ ᠳᠡᠪᠢᠰᠭᠡᠷ᠂ ᠠᠭᠤᠷᠬᠠᠢ ᠶᠢᠨ ᠡᠬᠢ ᠪᠠᠶᠠᠯᠢᠭ ᠪᠠ ᠬᠢᠨᠠᠨ ᠬᠡᠮᠵᠢᠯᠲᠡ ᠶᠢᠨ ᠬᠠᠥᠯᠢ ᠴᠠᠭᠠᠵᠠ ᠬᠠᠥᠯᠢ ᠳᠦᠷᠢᠮ ᠤᠨ ᠤᠬᠠᠭᠤᠯᠭ᠎ᠠ ᠬᠦᠮᠦᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠵᠡᠷᠭᠡ ᠳᠤ ᠬᠢᠨᠠᠯᠲᠠ ᠲᠠᠯᠪᠢᠨ᠎ᠠ︔ ᠤᠯᠤᠰ᠂ ᠦᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠭᠡᠷ᠂ ᠠᠭᠤᠷᠬᠠᠢ ᠶᠢᠨ ᠡᠬᠢ ᠪᠠᠶᠠᠯᠢᠭ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠮᠡᠷᠭᠡᠵᠢᠯ ᠤᠨ ᠪᠠᠷᠢᠮᠵᠢᠶ᠎ᠠ᠂ ᠳᠦᠷᠢᠮᠵᠢᠯ᠂ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠦᠨ᠎ᠡ᠃       ᠭᠤᠷᠪᠠ᠂ ᠪᠦᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠨᠤᠲᠤᠭ ᠳᠡᠪᠢᠰᠭᠡᠷ ᠢ ᠠᠰᠢᠭᠯᠠᠬᠤ ᠶᠡᠷᠦᠩᠬᠡᠢ ᠲᠦᠯᠦᠪᠵᠢᠭᠦᠯᠭᠡ᠂ ᠨᠤᠲᠤᠭ ᠳᠡᠪᠢᠰᠭᠡᠷ ᠢ ᠳᠡᠭᠰᠢᠯᠡᠨ ᠳᠠᠬᠢᠨ ᠬᠠᠭᠠᠯᠪᠤᠷᠢᠯᠠᠬᠤ ᠨᠡᠭᠡᠭᠡᠬᠦ ᠲᠦᠯᠦᠪᠵᠢᠭᠦᠯᠭᠡ ᠪᠠ ᠪᠣᠰᠣᠳ ᠲᠤᠰᠬᠠᠢ ᠲᠦᠯᠦᠪᠵᠢᠭᠦᠯᠬᠡ᠂ ᠲᠦᠯᠦᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠭᠤᠷᠬᠠᠢ ᠶᠢᠨ ᠡᠬᠢ ᠪᠠᠶᠠᠯᠢᠭ᠂ ᠬᠢᠨᠠᠨ ᠬᠡᠮᠵᠢᠯᠲᠡ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠵᠡᠷᠭᠡ ᠲᠦᠯᠦᠪᠵᠢᠭᠦᠯᠭᠡ ᠵᠢᠴᠢ ᠭᠠᠢ ᠭᠠᠮᠰᠢᠭ ᠤᠨ ᠰᠡᠷᠭᠡᠶᠢᠯᠡᠨ ᠵᠠᠰᠠᠯᠲᠠ᠂ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ︔ ᠪᠦᠬᠦ ᠬᠤᠲᠠ ᠶᠢᠨ ᠡᠯ᠎ᠡ ᠱᠠᠲᠤᠨ ᠤ ᠨᠤᠲᠤᠭ ᠳᠡᠪᠢᠰᠭᠡᠷ ᠤᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ᠂ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠭᠦᠯᠭᠡ ᠪᠠ ᠪᠤᠰᠤᠳ ᠲᠤᠰᠬᠠᠢ ᠲᠦᠯᠦᠪᠵᠢᠭᠦᠯᠭᠡ ᠶᠢ ᠵᠢᠯᠣᠭᠤᠳᠬᠤ ᠪᠠ ᠬᠢᠨᠠᠨ ᠬᠠᠷᠭᠤᠭᠤᠯᠵᠤ᠂ ᠪᠦᠬᠦ ᠬᠤᠲᠠ ᠶᠢᠨ ᠨᠤᠲᠤᠭ ᠳᠡᠪᠢᠰᠭᠡᠷ ᠤᠨ ᠠᠰᠢᠭᠯᠠᠯᠲᠠ ᠶᠢᠨ ᠪᠦᠬᠦ ᠵᠢᠯ ᠤᠨ ᠲᠦᠯᠦᠪᠯᠡᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠦᠭᠰᠡᠨ ᠨᠤᠲᠤᠭ ᠳᠡᠪᠢᠰᠭᠡᠷ᠂ ᠠᠭᠤᠷᠬᠠᠢ ᠪᠠ ᠬᠢᠨᠠᠨ ᠬᠡᠮᠵᠢᠯᠲᠡ ᠵᠡᠷᠭᠡ ᠳᠤ ᠬᠤᠯᠪᠣᠭᠳᠠᠬᠤ ᠲᠦᠯᠦᠪᠵᠢᠭᠦᠯᠭᠡ ᠳᠤ ᠣᠷᠣᠯᠴᠠᠨ᠎ᠠ᠃       ᠳᠥᠷᠪᠡ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ ᠶᠢ ᠳᠦᠷᠢᠮᠵᠢᠭᠦᠯᠬᠦ ᠶᠢ ᠬᠠᠷᠢᠭᠤᠴᠠᠨ᠎ᠠ᠃ ᠨᠤᠲᠤᠭ ᠳᠡᠪᠢᠰᠭᠡᠷ ᠤᠨ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠤᠨ ᠦᠮᠴᠢᠯᠡᠭᠴᠢ ᠪᠠ ᠬᠡᠷᠡᠭᠯᠡᠭᠴᠢ ᠶᠢᠨ ᠬᠠᠥᠯᠢ ᠶᠤᠰᠤᠨ ᠤ ᠡᠷᠬᠡ ᠠᠰᠢᠭ ᠢ ᠬᠠᠥᠯᠢ ᠶᠣᠰᠣᠭᠠᠷ ᠬᠠᠮᠠᠭᠠᠯᠠᠵᠤ᠂ ᠴᠢᠬᠤᠯᠠ ᠶᠡᠭᠡ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠳᠠᠭᠠᠭᠠᠨ ᠭᠦᠢᠴᠡᠳᠭᠡᠬᠦ ᠪᠠ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠨᠤᠲᠤᠭ ᠳᠡᠪᠢᠰᠭᠡᠷ ᠤᠨ ᠡᠷᠬᠡ ᠶᠢ ᠨᠤᠳᠠᠯᠠᠨ ᠲᠣᠭᠲᠠᠭᠠᠬᠤ ᠶᠢ ᠵᠢᠯᠣᠭᠤᠳᠣᠨ᠎ᠠ︔ ᠡᠯ᠎ᠡ ᠵᠦᠢᠯ ᠤᠨ ᠨᠤᠲᠤᠭ ᠳᠡᠪᠢᠰᠭᠡᠷ ᠤᠨ ᠳᠠᠩᠰᠠᠯᠠᠭᠰᠠᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠪᠠᠷ ᠡᠳ᠋ᠯᠡᠬᠦ ᠪᠠ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃       ᠲᠠᠪᠤ᠂ ᠪᠦᠬᠦ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠬᠡᠢ ᠲᠦᠯᠦᠪᠵᠢᠭᠦᠯᠭᠡ ᠳᠤ ᠲᠣᠭᠲᠠᠭᠠᠭᠰᠠᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠪᠠᠭᠠᠰᠬᠤ ᠦᠬᠡᠢ ᠪᠠᠶᠢᠬᠤ ᠶᠢ ᠪᠠᠲᠤᠯᠠᠨ᠎ᠠ︔ ᠲᠠᠷᠢᠶᠠᠨ ᠭᠠᠵᠠᠷ ᠢ ᠬᠠᠮᠠᠭᠠᠯᠠᠬᠤ ᠲᠦᠷᠦ ᠶᠢᠨ ᠪᠣᠳᠣᠯᠭ᠎ᠠ ᠪᠠ ᠠᠷᠭ᠎ᠠ ᠠᠪᠴᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠠᠰᠢᠭᠯᠠᠭᠠᠳᠤᠢ ᠭᠠᠵᠠᠷ ᠰᠢᠷᠣᠢ ᠶᠢ ᠨᠡᠭᠡᠭᠡᠨ ᠠᠰᠢᠭᠯᠠᠬᠤ᠂ ᠭᠠᠵᠠᠷ ᠰᠢᠷᠣᠢ ᠶᠢ ᠲᠡᠭᠰᠢᠯᠡᠬᠦ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠪᠠ ᠲᠠᠷᠢᠶᠠᠨ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠬᠤ ᠠᠵᠢᠯ ᠢ ᠬᠡᠷᠡᠭᠵᠢᠭᠦᠯᠦᠨ᠎ᠡ︔ ᠭᠠᠵᠠᠷ ᠰᠢᠷᠣᠢ ᠶᠢᠨ ᠬᠡᠷᠡᠭᠯᠡᠯᠲᠡ ᠶᠢ ᠵᠠᠬᠢᠷᠣᠨ ᠬᠠᠮᠢᠶᠠᠷᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠦᠭᠰᠡᠨ ᠡᠯ᠎ᠡ ᠵᠦᠢᠯ ᠤᠨ ᠬᠡᠷᠡᠭᠯᠡᠬᠦ ᠭᠠᠵᠠᠷ ᠤᠨ ᠬᠢᠨᠠᠨ ᠬᠠᠷᠭᠤᠭᠤᠯᠬᠤ᠂ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃       ᠵᠢᠷᠭᠤᠭ᠎ᠠ᠂ ᠪᠦᠬᠦ ᠬᠤᠲᠠ ᠶᠢᠨ ᠨᠤᠲᠤᠭ ᠳᠡᠪᠢᠰᠭᠡᠷ ᠢ ᠠᠰᠢᠭᠯᠠᠬᠤ ᠡᠯ᠎ᠡ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠬᠠᠩᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠭᠠᠵᠠᠷ ᠲᠠᠷᠢᠶᠠᠨ ᠤ ᠳᠠᠩᠰᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ︔ ᠪᠦᠬᠦ ᠬᠤᠲᠠ ᠶᠢᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠪᠠᠶᠢᠴᠠᠭᠠᠯᠲᠠ᠂ ᠭᠠᠵᠠᠷ ᠲᠠᠷᠢᠶᠠᠨ ᠤ ᠳᠠᠩᠰᠠ ᠶᠢᠨ ᠪᠠᠶᠢᠴᠠᠭᠠᠯᠲᠠ᠂ ᠨᠤᠲᠤᠭ ᠳᠡᠪᠢᠰᠭᠡᠷ ᠤᠨ ᠲᠤᠭ᠎ᠠ ᠪᠦᠷᠢᠳᠬᠡᠯ ᠪᠠ ᠬᠦᠳᠡᠯᠦᠩᠭᠦᠢ ᠬᠢᠨᠠᠯᠲᠠ ᠶᠢ ᠵᠣᠬᠢᠶᠠᠨ ᠪᠠᠶᠢᠭᠤᠯᠤᠨ᠎ᠠ︔ ᠪᠦᠬᠦ ᠬᠤᠲᠠ ᠶᠢᠨ ᠴᠢᠬᠤᠯᠠ ᠶᠡᠭᠡ ᠨᠤᠲᠤᠭ ᠳᠡᠪᠢᠰᠭᠡᠷ ᠤᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠬᠤᠰᠢᠭᠤ ᠬᠤᠲᠠ ᠶᠢᠨ ᠭᠠᠵᠠᠷ ᠲᠠᠷᠢᠶᠠᠨ ᠤ ᠳᠠᠩᠰᠠ ᠶᠢ ᠪᠠᠶᠢᠴᠠᠭᠠᠬᠤ᠂ ᠳᠠᠩᠰᠠᠯᠠᠬᠤ ᠪᠠ ᠭᠠᠵᠠᠷ ᠰᠢᠷᠣᠢ ᠳᠤ ᠵᠡᠷᠭᠡ ᠬᠤᠪᠢᠶᠠᠨ ᠳᠡᠰ ᠲᠣᠭᠲᠠᠭᠠᠬᠤ ᠦᠨ᠎ᠡ ᠵᠢᠱᠢᠬᠦ ᠠᠵᠢᠯ ᠢ ᠵᠢᠯᠣᠭᠤᠳᠣᠨ᠎ᠠ᠃       ᠳᠣᠯᠤᠭ᠎ᠠ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠦᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠭᠡᠷ ᠢ ᠨᠡᠭᠡᠭᠡᠨ ᠠᠰᠢᠭᠯᠠᠬᠤ ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠬᠠᠩᠭᠠᠬᠤ᠂ ᠵᠠᠰᠠᠭ ᠤᠨ ᠣᠷᠳᠣᠨ ᠤ ᠭᠠᠵᠠᠷ ᠰᠢᠷᠣᠢ ᠬᠠᠳᠠᠭᠠᠯᠠᠬᠤ᠂ ᠭᠠᠵᠠᠷ ᠰᠢᠷᠤᠢ ᠶᠢ ᠨᠡᠭᠡᠭᠡᠨ ᠠᠰᠢᠭᠯᠠᠬᠤ ᠪᠠ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠤᠴᠣ᠂ ᠬᠠᠮᠢᠶᠠᠷᠬᠤ ᠪᠠ ᠬᠢᠨᠠᠯᠲᠠ ᠲᠠᠯᠪᠢᠨ᠎ᠠ︔ ᠲᠣᠭᠲᠠᠭᠠᠯ ᠶᠣᠰᠣᠭᠠᠷ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠳᠠᠯᠳᠤᠬᠤ᠂ ᠲᠦᠷᠢᠶᠡᠰᠦᠯᠡᠬᠦ᠂ ᠦᠨ᠎ᠡ ᠲᠣᠭᠲᠠᠭᠠᠵᠤ ᠪᠡᠯᠡ ᠭᠠᠷᠭᠠᠬᠤ᠂ ᠰᠢᠯᠵᠢᠭᠦᠯᠬᠦ ᠵᠡᠷᠭᠡ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠦ᠂ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ᠂ ᠪᠠᠷᠢᠮᠵᠢᠶᠠᠲᠤ ᠦᠨ᠎ᠡ ᠵᠡᠷᠭᠡ ᠵᠠᠰᠠᠭ ᠤᠨ ᠣᠷᠳᠣᠨ ᠤ ᠨᠡᠶᠢᠲᠡᠯᠡᠭᠰᠡᠨ ᠭᠠᠵᠠᠷ ᠤᠨ ᠦᠨ᠎ᠡ ᠶᠢᠨ ᠳᠦᠷᠢᠮ ᠢ ᠪᠠᠶᠢᠭᠤᠯᠤᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠠᠢ ᠬᠠᠮᠵᠢᠯᠴᠠᠵᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠡᠷᠭᠢᠯᠲᠡ ᠳᠤ ᠣᠷᠤᠭᠤᠯᠬᠤ ᠳᠤ ᠬᠢᠨᠠᠯᠲᠠ ᠲᠠᠯᠪᠢᠵᠤ᠂ ᠤᠯᠤᠰ ᠠᠴᠠ ᠴᠠᠭᠠᠵᠠᠯᠠᠭᠰᠠᠨ ᠪᠠ ᠬᠢᠵᠠᠭᠠᠷᠯᠠᠭᠰᠠᠨ ᠭᠠᠵᠠᠷ ᠬᠠᠩᠭᠠᠬᠤ ᠭᠠᠷᠴᠠᠭ᠂ ᠬᠤᠪᠢᠶᠠᠷᠢᠯᠠᠨ ᠥᠭᠭᠦᠭᠰᠡᠨ ᠬᠡᠷᠡᠭᠯᠡᠭᠡᠨ ᠤ ᠭᠠᠵᠠᠷ ᠤᠨ ᠭᠠᠷᠴᠠᠭ ᠵᠡᠷᠭᠡ ᠶᠢ ᠬᠢᠨᠠᠨ ᠬᠡᠷᠡᠭᠵᠢᠭᠦᠯᠦᠨ᠎ᠡ︔ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠡᠭᠡᠭᠰᠢ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠦᠭᠰᠡᠨ ᠬᠡᠯᠪᠡᠷᠢ ᠪᠠᠨ ᠬᠤᠪᠢᠷᠠᠭᠤᠯᠤᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠡᠬᠢ ᠪᠠᠶᠠᠯᠢᠭ ᠢ ᠰᠢᠢᠳᠪᠦᠷᠢᠯᠡᠬᠦ ᠶᠢ ᠡᠭᠦᠷᠭᠡᠯᠡᠨ᠎ᠡ᠃       ᠨᠠᠢᠮᠠ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠳᠤ ᠬᠢᠨᠠᠨ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠭᠠᠵᠠᠷ ᠰᠢᠷᠤᠢ ᠶᠢᠨ ᠵᠠᠬ᠎ᠠ ᠳᠡᠯᠭᠡᠭᠦᠷ ᠤᠨ ᠬᠦᠳᠡᠯᠦᠩᠭᠦᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠭᠰᠠᠨ ᠪᠠᠶᠢᠳᠠᠯ ᠢ ᠬᠢᠨᠠᠨ ᠬᠡᠮᠵᠢᠵᠦ᠂ ᠭᠠᠵᠠᠷ ᠤᠨ ᠦᠨ᠎ᠡ ᠶᠢ ᠬᠢᠨᠠᠨ ᠬᠡᠮᠵᠢᠬᠦ ᠪᠠ ᠬᠢᠨᠠᠨ ᠬᠠᠮᠢᠶᠠᠷᠤᠨ᠎ᠠ︔ ᠠᠭᠤᠷᠬᠠᠢ ᠶᠢᠨ ᠦᠢᠯᠡᠰ ᠤᠨ ᠡᠷᠬᠡ ᠶᠢᠨ ᠵᠠᠬ᠎ᠠ ᠳᠡᠯᠭᠡᠭᠦᠷ ᠢ ᠳᠦᠷᠢᠮᠵᠢᠭᠦᠯᠬᠦ ᠪᠠ ᠬᠢᠨᠠᠨ ᠬᠠᠮᠢᠶᠠᠷᠴᠤ᠂ ᠠᠭᠤᠷᠬᠠᠢ ᠶᠢᠨ ᠦᠢᠯᠡᠰ ᠤᠨ ᠡᠷᠬᠡᠲᠦ ᠬᠦᠮᠦᠨ ᠤ ᠬᠠᠶᠢᠨ ᠰᠢᠨᠵᠢᠯᠡᠬᠦ᠂ ᠠᠭᠤᠷᠬᠠᠢ ᠮᠠᠯᠳᠠᠬᠤ ᠠᠵᠢᠯᠯᠠᠭ᠎ᠠ ᠳᠤ ᠬᠢᠨᠠᠨ ᠬᠠᠮᠢᠶᠠᠷᠤᠯᠲᠠ ᠬᠢᠬᠦ ᠶᠢ ᠵᠣᠬᠢᠶᠠᠨ ᠪᠠᠶᠢᠭᠤᠯᠣᠨ᠎ᠠ︔ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠲᠤ ᠬᠤᠯᠪᠣᠭᠳᠠᠬᠤ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠤᠯᠲᠠ ᠪᠠ ᠦᠢᠯᠡ ᠠᠵᠢᠯᠯᠠᠭ᠎ᠠ ᠶᠢ ᠳᠦᠷᠢᠮᠵᠢᠭᠦᠯᠬᠦ ᠪᠠ ᠬᠢᠨᠠᠨ ᠬᠠᠮᠢᠶᠠᠷᠴᠣ᠂ ᠬᠠᠥᠯᠢ ᠴᠠᠭᠠᠵᠠ ᠬᠠᠥᠯᠢ ᠳᠦᠷᠢᠮ ᠢ ᠵᠦᠷᠢᠴᠡᠭᠰᠡᠨ ᠦᠢᠯᠡ ᠠᠵᠢᠯᠯᠠᠭ᠎ᠠ ᠶᠢ ᠬᠠᠥᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ᠶᠢᠰᠦ᠂ ᠪᠦᠬᠦ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠡᠷᠬᠡ ᠶᠢᠨ ᠬᠡᠪᠴᠢᠶᠡᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢᠨ ᠬᠢᠨᠠᠨ ᠵᠦᠪᠰᠢᠶᠡᠷᠡᠬᠦ ᠳᠠᠩᠰᠠᠯᠠᠬᠤ ᠦᠨᠡᠮᠯᠡᠯ ᠣᠯᠭᠤᠬᠤ ᠶᠢ ᠬᠠᠥᠯᠢ ᠶᠣᠰᠣᠭᠠᠷ ᠬᠠᠮᠢᠶᠠᠷᠴᠤ᠂ ᠠᠭᠤᠷᠬᠠᠢ ᠶᠢᠨ ᠦᠢᠯᠡᠰ ᠤᠨ ᠡᠷᠬᠡ ᠶᠢ ᠲᠤᠭᠲᠠᠭᠠᠬᠤ ᠲᠦᠰᠦᠯ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠣᠨ᠎ᠠ᠃ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢᠨ ᠡᠷᠭᠢᠯᠲᠡ ᠶᠢᠨ ᠵᠠᠬ᠎ᠠ ᠳᠡᠯᠭᠡᠭᠦᠷ ᠢ ᠬᠠᠥᠯᠢ ᠶᠣᠰᠣᠭᠠᠷ ᠬᠠᠮᠢᠶᠠᠷᠤᠨ᠎ᠠ᠃       ᠠᠷᠪᠠ᠂ ᠪᠦᠬᠦ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠤᠨ ᠨᠦᠬᠡᠴᠡ ᠬᠡᠮᠵᠢᠶ᠎ᠡ ᠶᠢ ᠬᠠᠮᠢᠶᠠᠷᠴᠤ᠂ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠦᠨᠡᠯᠡᠯᠲᠡ ᠪᠠ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠰᠢᠨᠵᠢᠯᠡᠯᠲᠡ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠦ᠂ ᠭᠠᠵᠠᠷ ᠰᠢᠨᠵᠢᠯᠡᠭᠡᠨ ᠤ ᠪᠢᠴᠢᠭ ᠮᠠᠲ᠋ᠧᠷᠢᠶᠠᠯ ᠢ ᠬᠠᠮᠢᠶᠠᠷᠴᠤ᠂ ᠪᠦᠬᠦ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠬᠠᠶᠢᠨ ᠰᠢᠨᠵᠢᠯᠡᠬᠦ ᠠᠵᠢᠯ ᠢ ᠨᠢᠭᠡᠳᠦᠯᠲᠡᠢ ᠲᠦᠯᠦᠪᠯᠡᠨ᠂ ᠬᠠᠮᠢᠶᠠᠷᠴᠤ᠂ ᠬᠢᠨᠠᠯᠲᠠ ᠲᠠᠯᠪᠢᠵᠤ᠂ ᠵᠣᠬᠢᠴᠠᠭᠤᠯᠤᠨ᠎ᠠ᠃       ᠠᠷᠪᠠᠨ ᠨᠢᠭᠡ᠂ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠴᠢᠬᠤᠯᠠ ᠦᠨ᠎ᠡ ᠦᠷᠲᠡᠭ ᠲᠠᠢ ᠠᠮᠢᠳᠤ ᠪᠤᠳᠠᠰ ᠤᠨ ᠴᠢᠯᠠᠭᠤᠵᠢᠮᠠᠯ ᠤᠨ ᠭᠠᠷᠤᠯᠲᠠ᠂ ᠪᠠᠷᠢᠮᠵᠢᠶᠠᠲᠤ ᠭᠠᠵᠠᠷ ᠰᠢᠨᠵᠢᠯᠡᠭᠡᠨ ᠤ ᠵᠠᠳᠠᠯᠤᠯ ᠨᠢᠭᠤᠷ ᠵᠡᠷᠭᠡ ᠭᠠᠵᠠᠷ ᠰᠢᠨᠵᠢᠯᠡᠭᠡᠨ ᠤ ᠦᠯᠡᠳᠡᠭᠳᠡᠯ ᠤᠨ ᠬᠠᠮᠠᠭᠠᠯᠠᠯᠲᠠ ᠶᠢᠨ ᠣᠷᠣᠨ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠤᠰᠤᠨ ᠤ ᠭᠠᠵᠠᠷ ᠰᠢᠨᠵᠢᠯᠡᠭᠡᠨ᠂ ᠢᠨᠵᠧᠨᠧᠷᠢᠩ ᠤᠨ ᠭᠠᠵᠠᠷ ᠰᠢᠨᠵᠢᠯᠡᠭᠡᠨ᠂ ᠣᠷᠴᠢᠨ ᠲᠣᠭᠤᠷᠢᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠪᠠ ᠦᠨᠡᠯᠡᠬᠦ ᠠᠵᠢᠯ ᠢ ᠬᠠᠥᠯᠢ ᠶᠣᠰᠣᠭᠠᠷ ᠬᠠᠮᠢᠶᠠᠷᠴᠤ᠂ ᠭᠠᠵᠠᠷ ᠳᠣᠣᠷᠠᠬᠢ ᠤᠰᠤ ᠶᠢ ᠬᠡᠲᠦᠷᠬᠡᠢ ᠶᠡᠭᠡ ᠬᠡᠷᠡᠭᠯᠡᠬᠦ ᠪᠠ ᠪᠤᠬᠢᠷᠳᠤᠭᠤᠯᠬᠤ ᠶᠢ ᠰᠡᠷᠭᠡᠶᠢᠯᠡᠨ ᠵᠠᠰᠠᠬᠤ ᠶᠢ ᠬᠢᠨᠠᠨ ᠬᠡᠮᠵᠢᠵᠦ᠂ ᠬᠢᠨᠠᠯᠲᠠ ᠲᠠᠯᠪᠢᠨ᠎ᠠ᠃       ᠠᠷᠪᠠᠨ ᠬᠤᠶᠠᠷ᠂ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠯᠲᠠ ᠬᠢᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠴᠢᠬᠤᠯᠠ ᠶᠡᠭᠡ ᠭᠠᠵᠠᠷ ᠰᠢᠨᠵᠢᠯᠡᠭᠡᠨ ᠤ ᠭᠠᠢ ᠭᠠᠮᠰᠢᠭ ᠵᠡᠷᠭᠡ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠭᠡᠨᠡᠳᠲᠡ ᠶᠢᠨ ᠬᠡᠷᠡᠭ ᠤᠨ ᠬᠤᠲᠠ ᠶᠢᠨ ᠳᠡᠰ ᠤᠨ ᠲᠦᠰᠦᠪ ᠢ ᠲᠦᠰᠦᠪᠯᠡᠨ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ᠠᠷᠪᠠᠨ ᠭᠤᠷᠪᠠ᠂ ᠡᠬᠢ ᠪᠠᠶᠠᠯᠢᠭ ᠤᠨ ᠠᠰᠢᠭ ᠣᠷᠣᠯᠭ᠎ᠠ ᠶᠢ ᠬᠠᠥᠯᠢ ᠶᠤᠰᠤᠭᠠᠷ ᠲᠠᠲᠠᠪᠤᠷᠢᠯᠠᠨ ᠬᠤᠷᠢᠶᠠᠵᠦ᠂ ᠪᠡᠯᠡ ᠮᠦᠩᠭᠦᠨ ᠤ ᠬᠡᠷᠡᠭᠯᠡᠯᠲᠡ ᠶᠢ ᠳᠦᠷᠢᠮᠵᠢᠬᠦᠯᠦᠨ᠂ ᠬᠢᠨᠠᠯᠲᠠ ᠲᠠᠯᠪᠢᠨ᠎ᠠ᠃ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠲᠤᠰᠬᠠᠢ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠶᠢ ᠬᠠᠥᠯᠢ ᠶᠣᠰᠣᠭᠠᠷ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠨ ᠠᠰᠢᠭ ᠣᠷᠣᠯᠭ᠎ᠠ ᠶᠢ ᠬᠤᠪᠢᠶᠠᠷᠢᠯᠠᠬᠤ ᠳᠦᠷᠢᠮ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠨ ᠪᠦᠬᠦ ᠬᠤᠲᠠ ᠶᠢᠨ ᠭᠠᠵᠠᠷ ᠰᠢᠷᠣᠢ ᠶᠢ ᠳᠡᠭᠰᠢᠯᠡᠬᠦ᠂ ᠳᠠᠬᠢᠨ ᠬᠠᠭᠠᠯᠪᠤᠷᠢᠯᠠᠬᠤ᠂ ᠨᠡᠭᠡᠭᠡᠨ ᠠᠰᠢᠭᠯᠠᠬᠤ ᠵᠡᠷᠭᠡ ᠲᠤᠰᠬᠠᠢ ᠪᠡᠯᠡ ᠮᠦᠩᠭᠦ ᠶᠢ ᠬᠤᠷᠢᠶᠠᠬᠤ ᠪᠠ ᠬᠡᠷᠡᠭᠯᠡᠬᠦ ᠶᠢ ᠵᠢᠯᠣᠭᠤᠳᠴᠣ᠂ ᠬᠢᠨᠠᠯᠲᠠ ᠲᠠᠯᠪᠢᠨ᠎ᠠ︔ ᠭᠠᠵᠠᠷ ᠰᠢᠷᠣᠢ᠂ ᠠᠭᠤᠷᠬᠠᠢ ᠵᠡᠷᠭᠡ ᠡᠬᠢ ᠪᠠᠶᠠᠯᠢᠭ ᠤᠨ ᠴᠢᠨᠠᠷᠲᠠᠢ ᠬᠦᠷᠦᠩᠭᠡ ᠶᠢ ᠬᠠᠮᠢᠶᠠᠷᠬᠤ ᠳᠤ ᠣᠷᠣᠯᠴᠠᠵᠤ᠂ ᠬᠠᠮᠢᠶ᠎ᠠ ᠪᠦᠬᠦᠢ ᠪᠡᠯᠡ ᠮᠦᠩᠭᠦ᠂ ᠰᠠᠭᠤᠷᠢ ᠮᠦᠩᠭᠦᠨ ᠤ ᠲᠦᠰᠦᠪ ᠪᠠ ᠡᠳ᠋ ᠤᠨ ᠶᠠᠪᠤᠳᠠᠯ᠂ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠬᠠᠷᠢᠭᠤᠴᠠᠨ᠎ᠠ᠃       ᠠᠷᠪᠠᠨ ᠳᠥᠷᠪᠡ᠂ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠦᠷᠨᠢᠭᠦᠯᠵᠦ᠂ ᠪᠦᠬᠦ ᠬᠤᠲᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠎ᠠ᠃       ᠠᠷᠪᠠᠨ ᠲᠠᠪᠤ᠂ ᠬᠦᠯᠦᠨ ᠪᠤᠶᠢᠷ ᠬᠤᠲᠠ ᠶᠢᠨ ᠦᠨᠳᠦᠰᠦᠨ ᠬᠢᠨᠠᠨ ᠬᠡᠮᠵᠢᠯᠲᠡ ᠪᠠ ᠴᠢᠬᠤᠯᠠ ᠶᠡᠭᠡ ᠬᠢᠨᠠᠨ ᠬᠡᠮᠵᠢᠯᠲᠡ ᠶᠢᠨ ᠲᠦᠷᠦᠯ ᠵᠦᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠵᠤ᠂ ᠬᠢᠨᠠᠨ ᠬᠡᠮᠵᠢᠬᠦ ᠦᠢᠯᠡᠰ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠬᠤᠲᠠ ᠶᠢᠨ ᠬᠢᠨᠠᠨ ᠬᠡᠮᠵᠢᠬᠦ ᠦᠢᠯᠡᠰ ᠤᠨ ᠠᠵᠢᠯ ᠢ ᠵᠢᠯᠣᠭᠤᠳᠣᠨ᠎ᠠ᠃       ᠠᠷᠪᠠᠨ ᠵᠢᠷᠭᠤᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ