ᠦᠪᠦᠷ ᠮᠤᠩᠭᠤᠯ ᠤᠨ ᠬᠦᠯᠦᠨ ᠨᠠᠭᠤᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/9/6
      ᠨᠢᠭᠡ᠂ ᠬᠠᠷᠢᠶ᠎ᠠ ᠤᠷᠤᠨ ᠳᠤ ᠤᠯᠤᠰ ᠤᠨ ︽ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠦᠷᠢᠮ︾᠂ ︽ᠵᠢᠭᠠᠰᠤᠨ ᠠᠵᠤ ᠠᠬᠤᠢ ᠶᠢᠨ ᠬᠠᠤᠯᠢ︾᠂ ︽ᠬᠡᠭᠡᠷ᠎ᠡ ᠶᠢᠨ ᠠᠮᠢᠳᠠᠨ ᠤ ᠬᠠᠮᠠᠭᠠᠯᠠᠯᠲᠠ ᠶᠢᠨ ᠬᠠᠤᠯᠢ︾᠂ ︽ᠤᠰᠤᠨ ᠤ ᠬᠠᠤᠯᠢ︾ ᠵᠡᠷᠭᠡ ᠬᠠᠮᠢᠶ᠎ᠠ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠂ ᠬᠠᠤᠯᠢ ᠳᠦᠷᠢᠮ ᠪᠠ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃       ᠬᠤᠶᠠᠷ᠂ ᠬᠦᠯᠦᠨ ᠨᠠᠭᠤᠷ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠶᠡᠷᠦᠩᠬᠡᠢ ᠴᠤᠭᠴᠠᠲᠤ ᠲᠦᠯᠦᠪᠵᠢᠭᠦᠯᠭᠡ ᠪᠠ ᠡᠯ᠎ᠡ ᠲᠦᠷᠦᠯ ᠤᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠨᠢᠭᠡᠳᠦᠯᠲᠡᠢ ᠪᠠᠷ ᠲᠦᠯᠦᠪᠵᠢᠭᠦᠯᠵᠦ᠂ ᠨᠢᠭᠡᠳᠦᠯᠲᠡᠢ ᠪᠠᠷ ᠬᠠᠮᠢᠶᠠᠷᠤᠨ᠎ᠠ᠃       ᠭᠤᠷᠪᠠ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠬᠠᠮᠢᠶ᠎ᠠ ᠪᠦᠬᠦᠢ ᠨᠡᠭᠡᠭᠡᠯᠲᠡ ᠬᠦᠭᠵᠢᠭᠦᠯᠦᠯᠲᠡ ᠶᠢᠨ ᠠᠵᠢᠯᠯᠠᠭ᠎ᠠ ᠶᠢ ᠬᠠᠮᠢᠶᠠᠷᠬᠤ ᠪᠠ ᠵᠤᠬᠢᠴᠠᠭᠤᠯᠤᠨ᠎ᠠ᠃       ᠳᠦᠷᠪᠡ᠂ ᠰᠠᠭᠤᠭ᠎ᠠ ᠭᠠᠵᠠᠷ ᠤᠨ ᠬᠤᠰᠢᠭᠤ ᠬᠤᠲᠠ ᠶᠢᠨ ᠵᠠᠰᠠᠭ ᠤᠨ ᠤᠷᠳᠤᠨ᠂ ᠬᠠᠮᠢᠶ᠎ᠠ ᠪᠦᠬᠦᠢ ᠨᠢᠭᠡᠴᠡ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠠᠮᠲᠤᠪᠠᠷ ᠦᠷᠨᠢᠭᠦᠯᠦᠨ᠎ᠡ᠃       ᠲᠠᠪᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠨ ᠬᠠᠮᠠᠭᠠᠯᠠᠯᠲᠠ ᠶᠢᠨ ᠤᠷᠤᠨ ᠳᠠᠬᠢ ᠪᠠᠶᠢᠭᠠᠯᠢ ᠶᠢᠨ ᠡᠬᠢ ᠪᠠᠶᠠᠯᠢᠭ ᠪᠠ ᠪᠠᠶᠢᠭᠠᠯᠢ ᠶᠢᠨ ᠤᠷᠴᠢᠨ ᠲᠤᠭᠤᠷᠢᠨ ᠢ ᠬᠠᠤᠯᠢ ᠶᠤᠰᠤᠭᠠᠷ ᠬᠠᠮᠢᠶᠠᠷᠬᠤ ᠶᠢᠨ ᠬᠠᠮᠲᠤ ᠡᠬᠢ ᠪᠠᠶᠠᠯᠢᠭ ᠤᠨ ᠵᠠᠷᠤᠳᠠᠯ ᠵᠢᠴᠢ ᠡᠬᠢ ᠪᠠᠶᠠᠯᠢᠭ ᠤᠨ ᠬᠠᠮᠢᠶᠠᠷᠤᠯᠲᠠ ᠶᠢᠨ ᠵᠠᠷᠤᠳᠠᠯ ᠬᠤᠷᠢᠶᠠᠨ᠎ᠠ᠃       ᠵᠢᠷᠭᠤᠭ᠎ᠠ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠶᠢᠨ ᠬᠠᠮᠲᠤ ᠳᠠᠩᠰᠠ ᠡᠪᠬᠡᠮᠡᠯ ᠪᠠᠶᠢᠭᠤᠯᠵᠤ᠂ ᠤᠷᠴᠢᠨ ᠲᠤᠭᠤᠷᠢᠨ ᠤ ᠬᠢᠨᠠᠨ ᠬᠡᠮᠵᠢᠯᠲᠡ ᠶᠢ ᠵᠤᠬᠢᠶᠠᠨ ᠪᠠᠶᠢᠭᠤᠯᠤᠨ᠎ᠠ᠃ ᠬᠠᠮᠢᠶ᠎ᠠ ᠪᠦᠬᠦᠢ ᠰᠠᠯᠭ᠎ᠠ ᠮᠦᠴᠢᠷ ᠢ ᠵᠤᠬᠢᠶᠠᠨ ᠪᠠᠶᠢᠭᠤᠯᠬᠤ ᠪᠤᠶᠤ ᠬᠠᠮᠵᠢᠵᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠰᠢᠨᠵᠢᠯᠡᠬᠦ ᠤᠬᠠᠭᠠᠨ ᠰᠤᠳᠤᠯᠭᠠᠨ ᠤ ᠠᠵᠢᠯ ᠢ ᠦᠷᠨᠢᠭᠦᠯᠦᠨ᠎ᠡ᠃ ᠤᠯᠠᠨ ᠤᠯᠤᠰ ᠤᠨ ᠬᠤᠭᠤᠷᠤᠨᠳᠤᠬᠢ ᠬᠠᠮᠲᠤᠷᠠᠯᠴᠠᠭ᠎ᠠ ᠶᠢ ᠦᠷᠨᠢᠭᠦᠯᠵᠦ᠂ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠲᠤᠷᠠᠨ ᠠᠵᠢᠯᠯᠠᠬᠤ ᠲᠦᠯᠦᠪᠯᠡᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠵᠢᠯ ᠤᠨ ᠲᠤᠷᠰᠢᠯᠭ᠎ᠠ ᠪᠠ ᠮᠡᠳᠡᠭᠡ ᠵᠠᠩᠭᠢ ᠶᠢ ᠰᠤᠯᠢᠯᠴᠠᠨ᠎ᠠ᠃       ᠳᠤᠯᠤᠭ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ ᠤᠬᠠᠭᠤᠯᠭ᠎ᠠ ᠬᠦᠮᠦᠵᠢᠯ ᠢ ᠶᠠᠪᠤᠭᠳᠠᠭᠤᠯᠤᠨ᠎ᠠ᠃       ᠨᠠᠢᠮᠠ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠪᠠᠶᠢᠭᠠᠯᠢ ᠶᠢᠨ ᠤᠷᠴᠢᠨ ᠠᠬᠤᠢ ᠪᠠ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠶᠢ ᠨᠦᠯᠦᠭᠡᠯᠡᠬᠦ ᠦᠭᠡᠢ ᠪᠠᠶᠢᠳᠠᠯ ᠳᠤᠤᠷ᠎ᠠ᠂ ᠲᠤᠭᠤᠷᠢᠨ ᠦᠵᠡᠬᠦ᠂ ᠵᠤᠭᠠᠴᠠᠬᠤ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ᠶᠢᠰᠦ᠂ ᠳᠡᠭᠡᠳᠦ ᠱᠠᠲᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ