ᠬᠦᠯᠦᠨ ᠵᠠᠰᠠᠭ ᠦᠰᠦᠭ〔2022〕75 ᠳ᠋ᠤᠭᠠᠷ ᠲᠤᠭᠠᠳᠤ | ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠳᠤ᠄ | ᠲᠠᠨ ᠤ ᠲᠣᠪᠴᠢᠶ᠎ᠠ ᠶᠢᠨ ︽ᠤᠯᠤᠰ ᠤᠨ ᠵᠠᠮ 331 ᠱᠤᠭᠤᠮ ᠤᠨ ᠯᠦᠸᠧ ᠬᠥ᠋ ᠾᠧ ᠠᠴᠠ ᠡᠩᠬᠡᠬᠠᠳᠠ ᠬᠥᠷᠬᠦ ᠭᠤᠷᠪᠠᠳᠤᠭᠠᠷ ᠳᠡᠰ ᠤᠨ ᠵᠠᠰᠠᠮᠠᠯ ᠵᠠᠮ | ᠵᠠᠰᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠵᠠᠮ | ᠲᠠᠷᠬᠠᠭᠠᠭᠰᠠᠨ〔2022〕171 ᠳ᠋ᠤᠭᠡᠷ ᠲᠤᠭᠠᠲᠤ︶ ᠶᠢ ᠬᠦᠯᠢᠶᠡᠨ ᠠᠪᠤᠯ᠎ᠠ᠂ ᠰᠤᠳᠤᠯᠬᠤ ᠪᠠᠷ ᠳᠡᠮᠵᠢᠨ ᠡᠳᠦᠭᠡ ᠳᠤᠤᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ᠲᠠᠨ ᠤ ᠲᠣᠪᠴᠢᠶ᠎ᠠ ᠶᠢᠨ ᠤᠯᠤᠰ ᠤᠨ ᠵᠠᠮ 331 ᠱᠤᠭᠤᠮ ᠤᠨ ᠯᠦᠸᠧ ᠬᠥ᠋ ᠾᠧ ᠠᠴᠠ ᠡᠩᠬᠡ ᠬᠠᠳᠠ ᠬᠦᠷᠬᠦ ᠭᠤᠷᠪᠠᠳᠤᠭᠠᠷ ᠳᠡᠰ ᠤᠨ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ︵ᠳᠣᠷᠣᠭᠰᠢ ︿ᠠᠯᠪᠠᠨ ᠭᠡᠷ﹀ ᠭᠡᠵᠦ ᠲᠣᠪᠴᠢᠯᠠᠨ᠎ᠠ︶ ᠵᠣᠬᠢᠶᠠᠨ ᠪᠠᠶᠢᠭᠤᠯᠬᠤ ᠶᠢ | ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠷᠧᠨ ᠵᠢᠶᠧ ᠨᠥᠬᠦᠷ ᠢ ᠠᠯᠪᠠᠨ ᠭᠡᠷ ᠤᠨ ᠬᠠᠷᠢᠭᠤᠴᠠᠯᠭᠠᠲᠠᠨ ᠪᠣᠯᠭᠠᠨ᠎ᠠ᠃ | ᠬᠤᠶᠠᠷ᠂ ᠲᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠠᠯᠪᠠᠨ ᠬᠡᠷ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠬᠦ ᠶᠢ ᠱᠠᠯᠠᠪᠳᠠᠭᠤᠯᠵᠤ᠂ ᠵᠠᠰᠠᠮᠠᠯ ᠵᠠᠮ ᠤᠨ | ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠲᠥᠷᠥᠯ ᠵᠦᠢᠯ ᠤᠨ ᠲᠣᠭᠲᠠᠭᠰᠠᠨ | ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠭᠤᠷᠪᠠ᠂ ᠲᠠᠨ ᠤ ᠲᠣᠪᠴᠢᠶ᠎ᠠ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ | ᠠᠯᠪᠠᠨ ᠬᠡᠷ ᠤᠨ ᠬᠢᠨ ᠵᠢᠷᠤᠵᠤ ᠲᠥᠯᠥᠪᠯᠡᠬᠦ᠂ ᠠᠵᠢᠯ ᠡᠬᠢᠯᠡᠬᠦᠯᠬᠦ᠂ ᠬᠢᠨᠠᠨ ᠬᠠᠮᠢᠶᠠᠷᠬᠤ ᠵᠡᠷᠭᠡ ᠡᠯ᠎ᠡ ᠲᠠᠯ᠎ᠠ ᠶᠢᠨ ᠭᠤᠤᠯ ᠴᠣᠭᠴᠠ ᠶᠢ ᠨᠢᠭᠡᠳᠦᠯᠲᠡᠶ | ᠲᠥᠯᠥᠪᠵᠢᠭᠦᠯᠦᠨ ᠵᠤᠬᠢᠴᠠᠭᠤᠯᠬᠤ ᠶᠢ ᠱᠠᠯᠠᠪᠳᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠠᠭᠢᠬᠤ ᠶᠢ ᠬᠠᠮᠲᠤ ᠪᠠᠷ | ᠪᠠᠲᠤᠯᠠᠭᠠᠷᠠᠶ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2022 ᠣᠨ ᠤ 12 ᠳ᠋ᠤᠭᠠᠷ ᠰᠠᠷ᠎ᠠ ᠶᠢᠨ 21 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ |