ᠬᠥᠯᠥᠨ ᠪᠤᠶᠢᠷ ᠬᠤᠲᠠ ᠶᠢᠨ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ︵ᠬᠤᠶᠠᠷ︶
ᠨᠡᠶᠢᠲᠡᠯᠡᠭᠰᠡᠨ ᠴᠠᠭ᠄
2023/1/5
       ᠳᠥᠷᠪᠡ᠂ ᠡᠵᠡᠩᠨᠡᠯᠲᠡ ᠶᠢᠨ ᠭᠤᠤᠯ ᠴᠣᠭᠴᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠨ᠎ᠡ᠃ ᠡᠵᠡᠩᠨᠡᠯᠲᠡ ᠶᠢᠨ ᠭᠤᠤᠯ ᠴᠣᠭᠴᠠ ᠶᠢᠨ HACCP᠂ GMP᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠭᠲᠠᠯᠴᠠᠭ᠎ᠠ ᠪᠠ ︽ᠮᠣᠩᠭᠤᠯ ᠦᠰᠦᠭᠲᠦ ᠲᠡᠮᠳᠡᠭ︾ ᠤᠨ ᠭᠡᠷᠡᠴᠢᠯᠡᠯ ᠬᠢᠬᠦ ᠶᠢ ᠵᠣᠷᠢᠭᠵᠢᠭᠤᠯᠵᠤ᠂ ᠭᠡᠷᠡᠴᠢᠯᠡᠯ ᠢ ᠳᠠᠮᠵᠢᠭᠰᠠᠨ ᠡᠵᠡᠩᠨᠡᠯᠲᠡ ᠶᠢᠨ ᠭᠤᠤᠯ ᠴᠣᠭᠴᠠ ᠳᠤ 10 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃        ᠲᠠᠪᠤ᠂ ᠨᠥᠬᠦᠴᠡᠯ ᠲᠠᠢ ᠬᠤᠰᠢᠭᠤ ᠬᠤᠲᠠ ᠲᠣᠭᠤᠷᠢᠭ ᠤᠨ ᠰᠢᠯᠭᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠎ᠡ᠃ ᠬᠤᠰᠢᠭᠤ ᠬᠤᠲᠠ ᠲᠣᠭᠤᠷᠢᠭ ᠤᠨ ᠲᠠᠰ ᠤᠨ ᠭᠤᠤᠯ ᠲᠤᠷᠰᠢᠯᠲᠠ ᠶᠢᠨ ᠲᠠᠰᠤᠭ ᠢ ᠪᠠᠶᠢᠭᠤᠯᠵᠤ ᠳᠠᠭᠤᠰᠬᠠᠭᠰᠠᠨ ᠤ ᠬᠠᠮᠲᠤ ᠲᠤᠷᠰᠢᠯᠲᠠ ᠶᠢᠨ ᠲᠠᠰᠤᠭ ᠤᠨ ᠬᠢᠷᠢ ᠬᠡᠮ ᠤᠨ ᠭᠡᠷᠡᠴᠢᠯᠡᠯ ᠢ ᠳᠠᠮᠵᠢᠭᠰᠠᠨ ᠪᠠᠶᠢᠪᠠᠯ᠂ ᠭᠤᠤᠯ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠬᠡᠮᠵᠢᠭᠦᠷᠯᠢᠭ ᠪᠡᠯᠡᠳᠬᠡᠮᠵᠢ ᠬᠤᠳᠠᠯᠳᠤᠨ ᠠᠪᠬᠤ ᠳᠤ 90 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃        ᠵᠢᠷᠭᠤᠭ᠎ᠠ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠬᠦᠯᠬᠦ ᠡᠭᠦᠳᠦᠨ ᠪᠠᠶᠢᠭᠤᠯᠤᠯᠳᠠ ᠶᠢ ᠳᠡᠮᠵᠢᠨ᠎ᠡ᠃ ᠪᠠᠷᠢᠮᠵᠢᠶᠠᠵᠢᠭᠤᠯᠤᠨ ᠡᠭᠦᠳᠦᠨ ᠪᠠᠶᠢᠭᠤᠯᠵᠤ ᠰᠢᠯᠭᠠᠨ ᠠᠪᠬᠤ ᠶᠢ ᠥᠩᠭᠡᠷᠡᠭᠡᠭᠰᠡᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠤᠰᠬᠠᠶ ᠬᠤᠳᠠᠯᠳᠤᠬᠤ ᠳᠡᠯᠭᠡᠭᠦᠷ ᠵᠡᠷᠭᠡ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ ᠨᠢᠭᠡᠴᠢ ᠨᠢᠭᠡᠪᠦᠷᠢ ᠳᠤ 2 ᠲᠦᠮᠡᠨ ᠲᠥᠭᠦᠷᠢᠭ ᠨᠥᠬᠦᠪᠥᠷᠢᠯᠡᠵᠦ᠂ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠬᠦᠯᠬᠦ ᠰᠢᠯᠭᠠᠨ ᠠᠪᠤᠯᠲᠠ ᠶᠢ ᠥᠩᠭᠡᠷᠡᠭᠡᠭᠰᠡᠨ ᠤᠯᠤᠰ ᠤᠨ AAAA ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠲᠤ᠂ ᠡᠭᠦᠳᠦᠨ ᠪᠠᠶᠢᠭᠤᠯᠤᠭᠰᠠᠨ ᠨᠢᠭᠡᠴᠢ ᠨᠢᠭᠡᠪᠦᠷᠢ ᠳᠤ 3 ᠲᠦᠮᠡᠨ ᠲᠥᠭᠦᠷᠢᠭ ᠨᠥᠬᠦᠪᠥᠷᠢᠯᠡᠨ᠎ᠡ᠃        ᠳᠣᠯᠤᠭ᠎ᠠ᠂ ᠡᠵᠡᠩᠨᠡᠯᠲᠡ ᠶᠢᠨ ᠭᠤᠣᠯ ᠴᠣᠭᠴᠠ ᠨᠢ ᠵᠢᠭᠡᠯᠡᠯᠭᠡ ᠪᠠᠷ ᠪᠡᠯᠡ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠶᠢ ᠥᠷᠨᠢᠭᠦᠯᠦᠭᠰᠡᠨ ᠪᠠᠶᠢᠪᠠᠯ ᠵᠢᠭᠡᠯᠡᠯᠭᠡ ᠶᠢᠨ ᠬᠦᠦ ᠮᠥᠩᠭᠦ ᠶᠢᠨ ᠶᠡᠷᠦᠩᠬᠡᠶ ᠲᠤᠭ᠎ᠠ ᠶᠢᠨ 50% ᠶᠢᠨ ᠳᠠᠮ ᠬᠦᠦ ᠥᠭᠴᠦ᠂ ᠳᠠᠮ ᠬᠦᠦ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 4 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠃        ᠨᠠᠢᠮᠠ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠢᠳᠡᠪᠬᠢᠲᠡᠶ ᠪᠠᠷ ᠠᠬᠢᠭᠤᠯᠵᠤ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠢᠳᠡᠭᠡᠨ ᠪᠠ ᠡᠮ ᠤᠨ ᠵᠦᠢᠯᠡᠰ ᠤᠨ ᠰᠢᠯᠭᠠᠨ ᠪᠠᠶᠢᠴᠠᠭᠠᠬᠤ ᠭᠠᠵᠠᠷ ᠲᠤ ᠨᠠᠶᠢᠳᠠᠵᠤ ᠲᠣᠭᠲᠠᠭᠠᠭᠰᠠᠨ ᠬᠡᠪᠴᠢᠶᠡᠨ ᠳᠣᠲᠣᠷᠠᠬᠢ ᠰᠢᠯᠭᠠᠨ ᠪᠠᠶᠢᠴᠠᠭᠠᠬᠤ ᠠᠵᠢᠯ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠯᠭᠠᠬᠤ ᠬᠡᠷᠡᠭᠲᠡᠶ᠃ ᠬᠤᠲᠠ ᠶᠢᠨ ᠢᠳᠡᠭᠡᠨ ᠤ ᠵᠦᠢᠯ ᠡᠮ ᠤᠨ ᠵᠦᠢᠯᠡᠰ ᠢ ᠰᠢᠯᠭᠠᠨ ᠪᠠᠶᠢᠴᠠᠭᠠᠬᠤ ᠭᠠᠵᠠᠷ ᠤᠨ ᠰᠢᠯᠭᠠᠨ ᠪᠠᠶᠢᠴᠠᠭᠠᠬᠤ ᠬᠡᠪᠴᠢᠶᠡᠨ ᠠᠴᠠ ᠭᠠᠳᠠᠨᠠᠬᠢ ᠭᠦᠢᠴᠡᠳᠬᠡᠯ ᠲᠤᠭ᠎ᠠ ᠶᠢᠨ ᠰᠢᠯᠭᠠᠨ ᠪᠠᠶᠢᠴᠠᠭᠠᠯᠲᠠ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠶᠢᠨ ᠠᠷᠭ᠎ᠠ ᠮᠠᠶ᠋ᠢᠭ ᠢᠶᠠᠷ ᠨᠡᠶᠢᠭᠡᠮ ᠤᠨ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠬᠠᠷᠢᠭᠤᠴᠠᠵᠤ᠂ ᠪᠣᠯᠪᠠᠰᠤᠷᠠᠭᠤᠯᠬᠤ ᠭᠠᠵᠠᠷ ᠲᠤ ᠦᠨ᠎ᠡ ᠲᠥᠯᠥᠪᠦᠷᠢ ᠦᠭᠡᠢ ᠪᠠᠷ ᠦᠢᠯᠡᠳᠬᠦᠨ ᠤ ᠰᠢᠯᠭᠠᠨ ᠪᠠᠶᠢᠴᠠᠭᠠᠯᠲᠠ ᠬᠠᠩᠭᠠᠨ᠎ᠠ᠃ ᠰᠢᠯᠭᠠᠨ ᠪᠠᠶᠢᠴᠠᠭᠠᠬᠤ ᠳᠠᠪᠲᠠᠮᠵᠢ ᠤᠳᠠᠭ᠎ᠠ ᠶᠢ ᠬᠠᠭᠠᠰ ᠵᠢᠯ ᠳᠤ ᠨᠢᠭᠡ ᠤᠳᠠᠭ᠎ᠠ ᠪᠥᠬᠦ ᠲᠥᠷᠥᠯ ᠵᠦᠢᠯ᠂ ᠪᠦᠬᠦᠨ ᠢ ᠪᠦᠷᠬᠦᠭᠦᠯᠦᠨ ᠨᠠᠶᠢᠳᠠᠵᠤ ᠰᠢᠯᠭᠠᠨ ᠪᠠᠶᠢᠴᠠᠭᠠᠯᠭᠠᠨ᠎ᠠ᠃        ᠶᠢᠰᠦ᠂ ᠲᠣᠰ ᠲᠥᠷᠥ ᠶᠢᠨ ᠪᠣᠳᠣᠯᠭ᠎ᠠ ᠶᠢ 2022 ᠣᠨ ᠤ 8 ᠳ᠋ᠤᠭᠠᠷ ᠰᠠᠷ᠎ᠠ ᠶᠢᠨ 29 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃        ᠠᠷᠪᠠ᠂ ᠲᠤᠰ ᠲᠥᠷᠥ ᠶᠢᠨ ᠪᠣᠳᠣᠯᠭ᠎ᠠ ᠶᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ