ᠮᠣᠷᠢᠨ ᠨᠢᠷᠤᠭᠤᠨ ᠳᠡᠭᠡᠷᠡᠬᠢ ︽ᠤᠯᠠᠭᠠᠨ ᠪᠠᠬᠢᠯᠡᠯᠲᠡ ᠶᠢᠨ ᠡᠷᠦᠭᠡ︾
ᠨᠡᠶᠢᠲᠡᠯᠡᠭᠰᠡᠨ ᠴᠠᠭ᠄
2023/11/14
       ᠰᠢᠨ᠎ᠡ ᠪᠠᠷᠭᠤ ᠵᠡᠭᠦᠨ ᠬᠤᠰᠢᠭᠤ ᠨᠢ ᠲᠣᠮᠳᠠᠳᠦ ᠣᠷᠣᠰ ᠮᠣᠩᠭᠤᠯ ᠭᠤᠷᠪᠠᠨ ᠤᠯᠤᠰ ᠤᠨ ᠬᠢᠯᠢ ᠣᠷᠴᠢᠮ ᠪᠠᠶᠢᠷᠢᠯᠠᠵᠤ᠂ ᠬᠤᠰᠢᠭᠤᠨ ᠤ ᠬᠠᠷᠢᠶᠠᠨ ᠳᠠᠬᠢ ᠬᠢᠯᠢ ᠶᠢᠨ ᠱᠤᠭᠤᠮ ᠤᠨ ᠣᠷᠳᠦ ᠨᠢ 311.24 ᠺᠢᠯᠣᠮᠧᠲᠷ ᠪᠠᠶᠢᠳᠠᠭ᠃ ᠬᠢᠯᠢ ᠳᠠᠭᠠᠤ ᠰᠠᠭᠤᠷᠢᠰᠢᠭᠰᠠᠨ ᠮᠠᠯᠴᠢᠳ︽ᠤᠯᠠᠭᠠᠨ ᠪᠠᠬᠢᠯᠡᠯᠲᠡ ᠶᠢᠨ ᠡᠷᠦᠭᠡ︾ᠬᠡᠮᠡᠭᠳᠡᠵᠦ᠂ ᠦᠶ᠎ᠡ ᠶᠢᠨ ᠦᠶ᠎ᠡ ᠳᠡᠭᠡᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠠᠷᠢᠭᠤᠨ ᠳᠠᠷᠬᠠᠨ ᠡᠭᠦᠷᠭᠡ ᠶᠢ ᠪᠡᠶᠡᠯᠡᠭᠦᠯᠦᠭᠰᠡᠭᠡᠷ ᠢᠷᠡᠵᠠᠢ᠃       ᠥᠨᠥ ᠵᠢᠯ ᠬᠥᠯᠥᠨ ᠪᠤᠶᠢᠷ ᠤᠨ ᠲᠠᠯ᠎ᠠ ᠨᠤᠲᠤᠭ ᠲᠤ ᠬᠤᠷ᠎ᠠ ᠪᠣᠷᠣᠭᠠᠨ ᠲᠡᠭᠰᠢ᠂ ᠡᠪᠡᠰᠦ ᠪᠡᠯᠴᠢᠭᠡᠷ ᠥᠩ ᠰᠢᠮᠡᠯᠢᠭ᠃ ᠦᠷ ᠤᠨ ᠭᠡᠭᠡ ᠠᠮᠤᠭᠤᠯᠠᠩ ᠲᠠᠶᠢᠪᠤᠩ ᠪᠠᠷᠭᠤ ᠶᠢᠨ ᠲᠠᠯ᠎ᠠ ᠶᠢ ᠭᠡᠶᠢᠭᠦᠯᠬᠦ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠪᠠᠶᠠᠨ᠋ᠣ᠋ᠪᠣᠭ᠎ᠠ ᠭᠠᠴᠠᠭᠠᠨ ᠤ︽ᠤᠯᠠᠭᠠᠨ ᠪᠠᠬᠢᠯᠡᠯᠲᠡ ᠶᠢᠨ ᠡᠷᠦᠭᠡ︾ ᠶᠢᠨ ᠴᠡᠯᠮᠡᠭ ᠡᠷᠲᠡᠯᠡᠨ ᠪᠣᠰᠴᠤ᠂︽ᠮᠣᠩᠭᠤᠯ ᠭᠡᠷ ᠤᠨ ᠬᠠᠷᠠᠭᠤᠯ ᠤᠨ ᠭᠠᠵᠠᠷ︾ ᠢᠶᠠᠨ ᠲᠦᠷᠭᠡᠬᠡᠨ ᠴᠡᠪᠡᠷᠯᠡᠵᠦ᠂ ᠮᠠᠯ ᠤᠨᠤᠭ᠎ᠠ ᠪᠠᠨ ᠤᠰᠤᠯᠠᠵᠤ ᠪᠡᠯᠴᠢᠭᠡᠷᠯᠡᠭᠦᠯᠦᠭᠰᠡᠨ ᠤ ᠲᠠᠷᠠᠭ᠎ᠠ᠂ ᠵᠠᠮ ᠳᠠᠭᠠᠨ ᠢᠳᠡᠬᠦ ᠠᠭᠠᠷᠤᠤᠯ ᠢᠶᠠᠨ ᠠᠪᠴᠤ᠂ ᠲᠤᠷᠠᠨ ᠢᠶᠠᠨ ᠡᠪᠦᠷᠲᠦᠯᠡᠨ᠂ ᠬᠠᠶᠢᠷᠠᠲᠠᠢ ᠬᠤᠸᠠ ᠮᠣᠷᠢ ᠪᠠᠨ ᠣᠨᠣᠵᠦ ᠵᠤᠷᠰᠢᠯ ᠶᠣᠰᠣᠭᠠᠷ ᠠᠵᠢᠯ ᠳᠠᠭᠠᠨ ᠭᠠᠷᠪᠠ᠃ ᠴᠡᠯᠮᠡᠭ ᠬᠡᠯᠡᠬᠦ ᠳᠡᠭᠡᠨ᠂ ᠣᠳᠣ ᠶᠠᠭ ᠬᠠᠳᠤᠯᠠᠩ ᠤᠨ ᠶᠠᠭᠠᠷᠠᠯᠲᠠᠢ ᠴᠠᠭ ᠪᠠᠶᠢᠵᠤ᠂ ᠭᠠᠳᠠᠨ᠎ᠠ ᠣᠷᠣᠨ ᠠᠴᠠ ᠬᠠᠳᠤᠯᠠᠩ ᠳᠤ ᠢᠷᠡᠭᠰᠡᠨ ᠬᠥᠮᠥᠰ ᠵᠠᠮ ᠲᠠᠨᠢᠬᠤ ᠦᠭᠡᠢ ᠠᠴᠠ ᠪᠣᠯᠵᠤ ᠬᠢᠯᠢ ᠳᠠᠪᠠᠭ᠋ᠤ ᠠᠰᠠᠭᠤᠳᠠᠯ ᠠᠮᠠᠷᠬᠠᠨ ᠡᠭᠦᠰᠳᠡᠭ᠃︽ᠤᠯᠠᠭᠠᠨ ᠪᠠᠬᠢᠯᠡᠯᠲᠡ ᠶᠢᠨ ᠡᠷᠦᠭᠡ︾ᠪᠣᠯᠤᠭᠰᠠᠨ ᠤ ᠬᠤᠪᠢ ᠳᠤ ᠲᠡᠷᠡ ᠵᠢᠯ ᠪᠣᠯᠭᠠᠨ ᠤ ᠡᠨᠡ ᠬᠤᠭᠤᠴᠠᠭᠠᠨ ᠳᠤ ᠬᠢᠯᠢ ᠶᠢᠨ ᠱᠤᠭᠤᠮ ᠢ ᠲᠠᠭᠠᠨ ᠶᠠᠪᠤᠵᠤ᠂ ᠵᠠᠮ ᠲᠠᠨᠢᠬᠤ ᠦᠭᠡᠢ ᠬᠥᠮᠥᠰ ᠲᠤ ᠵᠠᠮ ᠵᠢᠭᠠᠨ ᠥᠭᠴᠦ᠂ ᠰᠠᠨᠠᠭᠠᠨ ᠳᠤ ᠦᠭᠡᠢ ᠪᠠᠷ ᠬᠢᠯᠢ ᠳᠠᠪᠠᠭ᠋ᠤ ᠠᠴᠠ ᠨᠢ ᠰᠡᠷᠭᠡᠶᠢᠯᠡᠳᠡᠭ᠃       ᠴᠡᠯᠮᠡᠭ ᠤᠨ ᠲᠦᠷᠦᠭᠰᠡᠨ ᠨᠤᠲᠤᠭ ᠪᠠᠶᠠᠨ᠋ᠣ᠋ᠪᠣᠭ᠎ᠠ ᠭᠠᠴᠠᠭ᠎ᠠ ᠨᠢ ᠰᠤᠨᠤᠯᠵᠠᠨ ᠮᠢᠷᠠᠯᠵᠠᠬᠤ ᠭᠤᠣᠯ ᠭᠤᠷᠤᠬ᠎ᠠ᠂ ᠳᠠᠪᠤᠰᠤ ᠬᠤᠵᠢᠷᠲᠤ ᠰᠢᠯᠢ ᠶᠢᠨ ᠲᠡᠨᠵᠢ ᠲᠠᠢ ᠥᠨᠢᠷ ᠪᠠᠶᠠᠯᠢᠭ ᠨᠤᠲᠤᠭ ᠶᠤᠮ᠃ ᠮᠣᠩᠭᠤᠯ ᠤᠯᠤᠰ ᠲᠠᠢ ᠬᠠᠯᠬ᠎ᠠ ᠭᠤᠣᠯ ᠢᠶᠠᠷ ᠬᠢᠯᠢ ᠵᠠᠭᠠᠭᠯᠠᠵᠤ᠂ ᠨᠤᠲᠤᠭ ᠠᠭᠤᠳᠠᠮ ᠬᠥᠮᠥᠨ ᠴᠥᠭᠡᠨ ᠪᠣᠯᠬᠤᠷ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠬᠥᠮᠥᠨ ᠮᠠᠯ ᠤᠨ ᠬᠢᠯᠢ ᠳᠠᠪᠠᠭ᠋ᠤ ᠪᠠ ᠭᠠᠳᠠᠭᠠᠳᠤ ᠬᠠᠷᠢᠯᠴᠠᠭᠠᠨ ᠤ ᠭᠡᠨᠡᠳᠲᠡ ᠶᠢᠨ ᠬᠡᠷᠡᠭ ᠭᠠᠷᠬᠤ ᠠᠴᠠ ᠰᠡᠷᠭᠡᠶᠢᠯᠡᠬᠦ ᠴᠢᠬᠤᠯᠠ ᠬᠠᠮᠠᠭᠠᠯᠠᠯᠲᠠ ᠶᠢᠨ ᠣᠷᠣᠨ ᠪᠣᠯᠣᠭᠰᠠᠭᠠᠷ ᠢᠷᠡᠵᠡᠢ᠃ ᠴᠡᠯᠮᠡᠭ ᠢ ᠲᠠᠰᠢᠭᠤᠷ ᠡᠷᠭᠢᠭᠦᠯᠵᠦ᠂ ᠲᠤᠭᠤᠯ ᠬᠠᠷᠢᠭᠤᠯᠵᠤ ᠡᠬᠢᠯᠡᠭᠰᠡᠨ ᠠᠴᠠ ᠠᠪᠤ ᠨᠢ ᠦᠷᠭᠦᠯᠵᠢ ᠲᠡᠭᠦᠨ ᠳᠤ︽ᠬᠡᠦᠬᠡᠳ ᠤᠨ ᠨᠢᠳᠦ ᠬᠤᠷᠴᠠ ᠪᠠᠶᠢᠳᠠᠭ᠂ ᠵᠠᠪᠠᠯ ᠲᠣᠮᠣᠴᠤᠤᠯ ᠢ ᠬᠠᠪᠰᠤᠷᠤᠨ᠂ ᠬᠢᠯᠢ ᠶᠢᠨ ᠱᠤᠭᠤᠮ ᠳᠡᠭᠡᠷᠡᠬᠢ ᠦᠬᠡᠷ ᠬᠤᠨᠢ ᠪᠠ ᠲᠠᠨᠢᠯ ᠪᠤᠰᠤ ᠬᠥᠮᠥᠨ ᠢ ᠢᠯᠡᠭᠦᠬᠡᠨ ᠠᠩᠬᠠᠷᠬᠤ ᠬᠡᠷᠡᠭᠲᠡᠢ︾ ᠭᠡᠵᠦ ᠰᠠᠨᠠᠭᠤᠯᠳᠠᠭ ᠪᠣᠯᠬᠤᠷ ᠬᠢᠯᠢ ᠬᠢᠵᠠᠭᠠᠷ ᠢ ᠰᠠᠬᠢᠨ ᠬᠠᠮᠠᠭᠠᠯᠠᠨ᠎ᠠ ᠭᠡᠬᠦ ᠪᠠᠲᠤ ᠵᠣᠷᠢᠯᠲᠠ ᠴᠡᠯᠮᠡᠭ ᠤᠨ ᠰᠡᠳᠬᠢᠯ ᠳᠤ ᠬᠠᠳᠠᠩᠰᠢᠵᠤ᠂ ᠵᠠᠯᠠᠭᠤ ᠽᠠᠨᠳᠠᠨ ᠨᠠᠰᠤᠨ ᠳᠠᠭᠠᠨ ᠭᠠᠴᠠᠭᠠᠨ ᠤ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠨ ᠪᠣᠯᠵᠤ ᠪᠠᠶᠢᠭᠰᠠᠨ ᠪᠥᠭᠡᠳ 2012 ᠣᠨ ᠳᠤ ︽ᠤᠯᠠᠭᠠᠨ ᠪᠠᠬᠢᠯᠡᠯᠲᠡ ᠶᠢᠨ ᠡᠷᠦᠭᠡ︾ ᠪᠤᠯᠬᠤ ᠪᠠᠷ ᠨᠡᠷ᠎ᠡ ᠮᠡᠳᠡᠭᠦᠯᠵᠡᠢ᠃ 20 ᠺᠢᠯᠣᠮᠧᠲᠷ ᠤᠨ ᠣᠷᠳᠦ ᠬᠢᠯᠢ ᠴᠠᠭᠳᠠᠬᠤ ᠵᠠᠮ ᠳᠡᠭᠡᠷ᠎ᠡ ᠴᠡᠯᠮᠡᠭ ᠰᠠᠯᠬᠢ ᠪᠣᠷᠣᠭᠠᠨ᠂ ᠴᠠᠰᠤ ᠰᠢᠭᠤᠷᠭᠠᠨ ᠢ ᠬᠠᠶᠢᠬᠤᠷᠤᠯ ᠦᠭᠡᠢ ᠴᠠᠭᠳᠠᠭᠰᠠᠭᠠᠷ ᠨᠢᠭᠡᠨᠲᠡ ᠠᠷᠪᠠᠨ ᠵᠢᠯ ᠤᠨ ᠨᠢᠭᠤᠷ ᠢ ᠦᠵᠡᠯ᠎ᠡ᠃ ᠡᠨᠡ ᠬᠤᠭᠤᠴᠠᠭᠠᠨ ᠳᠤ ᠲᠡᠭᠦᠨ ᠤ ᠰᠠᠬᠢᠨ ᠬᠠᠮᠠᠭᠠᠯᠠᠵᠤ ᠪᠠᠶᠢᠭ᠎ᠠ ᠬᠢᠯᠢ ᠶᠢᠨ ᠬᠠᠮᠢᠶᠠᠷᠤᠯᠲᠠ ᠶᠢᠨ ᠬᠡᠰᠡᠭ ᠲᠤ ᠬᠥᠮᠥᠨ ᠮᠠᠯ ᠬᠢᠯᠢ ᠳᠠᠪᠠᠭᠰᠠᠨ ᠬᠡᠷᠡᠭ ᠶᠡᠷᠦ ᠠᠴᠠ ᠭᠠᠷᠤᠭᠰᠠᠨ ᠦᠭᠡᠢ᠃       ᠬᠢᠯᠢ ᠴᠠᠭᠳᠠᠵᠤ ᠶᠠᠪᠤᠬᠤ ᠵᠠᠭᠤᠷ᠎ᠠ᠂ ᠦᠳᠡ ᠶᠢᠨ ᠬᠤᠭᠤᠯᠠᠨ ᠤ ᠴᠠᠭ ᠪᠤᠯᠬᠤ ᠳᠤ ᠠᠭᠠᠷᠤᠤᠯ ᠢᠶᠠᠨ ᠵᠠᠵᠢᠯᠵᠤ ᠪᠠᠶᠢᠭᠰᠠᠨ ᠲᠡᠷᠡ ᠡᠮᠦᠨᠡᠰᠢ ᠵᠢᠭᠠᠵᠤ᠂ ᠲᠠᠭᠠᠵᠦ  ᠶᠠᠪᠤᠭᠰᠠᠨ ᠰᠤᠷᠪᠤᠯᠵᠢᠯᠠᠬᠴᠢ ᠳᠤ᠄︽ᠠᠳᠡ ᠤᠤᠯ ᠨᠢ ᠵᠠᠮ ᠪᠠᠶᠢᠭᠰᠠᠨ ᠦᠭᠡᠢ᠂ ᠭᠡᠪᠡᠴᠦ ᠬᠡᠳᠦᠨ ᠦᠶ᠎ᠡ ᠶᠢᠨ︿ᠤᠯᠠᠭᠠᠨ ᠪᠠᠬᠢᠯᠡᠯᠲᠡ ᠶᠢᠨ ᠡᠷᠦᠭᠡ﹀ ᠶᠢᠨ  ᠬᠢᠨ ᠵᠢᠯ ᠤᠨ ᠲᠦᠷᠪᠡᠨ ᠤᠯᠠᠷᠢᠯ ᠳᠤ ᠬᠠᠯᠠᠭᠤᠨ ᠬᠦᠢᠲᠡᠨ ᠢ ᠢᠯᠭᠠᠯ ᠦᠭᠡᠢ ᠨᠠᠭᠠᠰᠢ ᠴᠠᠭᠠᠰᠢ ᠶᠠᠪᠤᠭᠰᠠᠭᠠᠷ ᠪᠠᠶᠢᠭᠠᠳ ᠡᠶᠢᠮᠦ ᠨᠢᠭᠡᠨ ᠵᠤᠷᠪᠤᠰ ᠵᠠᠮ ᠭᠠᠷᠴᠠᠢ︾ ᠭᠡᠵᠦ ᠪᠢᠯᠡ᠃ ︽ᠤᠯᠠᠭᠠᠨ ᠪᠠᠬᠢᠯᠡᠯᠲᠡ ᠶᠢᠨ ᠡᠷᠦᠭᠡ︾ᠪᠣᠯᠣᠨ᠎ᠠ ᠭᠡᠵᠦ ᠵᠦᠳᠡᠷᠡᠯᠲᠡᠢ ᠠᠵᠢᠯ᠃ ᠬᠢᠯᠢ ᠴᠠᠭᠳᠠᠬᠤ ᠵᠠᠮ ᠳᠠᠬᠢ ᠡᠩᠬᠦᠯ ᠳᠤᠩᠬᠤᠯ ᠰᠢᠷᠣᠢ ᠶᠢᠨ ᠵᠠᠮ᠂ ᠲᠡᠷᠭᠡᠳᠡᠭᠦᠷ ᠦᠩᠭᠢᠨᠡᠬᠦ ᠰᠢᠮᠠᠭᠤᠯ ᠪᠠᠲᠠᠭᠠᠨ᠎ᠠ᠂ ᠰᠢᠪᠠᠷ ᠱᠠᠯᠴᠢᠭ ᠲᠠᠢ ᠨᠠᠮᠤᠭ ᠭᠠᠵᠠᠷ᠂ ᠲᠡᠭ ᠠᠴᠠ ᠳᠣᠷᠣᠭᠰᠢ ᠭᠤᠴᠢ ᠳᠥᠴᠢᠨ ᠭᠷᠡᠳᠦ᠋ᠰ ᠤᠨ ᠬᠦᠢᠲᠡᠨ ᠵᠡᠷᠭᠡ ᠬᠦᠴᠢᠷ ᠪᠡᠷᠬᠡᠰᠢᠶᠡᠯ ᠤᠯᠠᠨ ᠪᠠᠶᠢᠭᠰᠠᠨ ᠴᠤ ᠴᠡᠯᠮᠡᠭ ᠪᠣᠯᠣᠨ ᠦᠶ᠎ᠡ ᠦᠶ᠎ᠡ ᠶᠢᠨ  ᠬᠠᠮᠠᠭᠠᠯᠠᠭᠴᠢᠳ ᠬᠢᠯᠢ ᠪᠠᠨ ᠰᠠᠬᠢᠨ᠎ᠠ ᠭᠡᠰᠡᠨ ᠠᠮᠠᠯᠳᠠᠯᠭ᠎ᠠ ᠪᠠᠨ ᠪᠡᠶᠡᠯᠡᠭᠦᠯᠵᠦ᠂ ᠪᠡᠷᠬᠡ ᠬᠠᠲᠠᠭᠤᠵᠢᠯᠲᠠᠢ ᠣᠷᠴᠢᠨ ᠳᠤ ᠬᠢᠯᠢ ᠶᠢᠨ ᠱᠤᠭᠤᠮ ᠢ ᠬᠥᠯ ᠤᠨ ᠠᠯᠬᠤᠭ᠎ᠠ ᠪᠠᠷ ᠬᠡᠮᠵᠢᠵᠦ᠂ ᠪᠠᠷᠭᠤ ᠶᠢᠨ ᠮᠠᠯᠴᠢᠳ ᠤᠨ ᠡᠬᠡ ᠤᠯᠤᠰ ᠲᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠭ᠎ᠠ ᠪᠠᠨ ᠪᠢᠴᠢᠭᠯᠡᠭᠰᠡᠭᠡᠷ ᠢᠷᠡᠵᠡᠢ᠃       ᠬᠢᠯᠢ ᠴᠠᠭᠳᠠᠬᠤ ᠵᠠᠮ ᠠᠴᠠ ᠪᠠᠭᠤᠮᠠᠭᠴᠠ᠂ ᠴᠡᠯᠮᠡᠭ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠳᠠᠭᠠᠨ ᠳᠠᠪᠬᠢᠭ᠎ᠠ ᠪᠠᠷ ᠬᠦᠷᠴᠦ᠂ ᠵᠢᠭᠠᠨ ᠵᠢᠯᠣᠭᠤᠳᠤᠭᠴᠢ ᠳᠠᠭᠠᠨ ᠥᠨᠥᠳᠥᠷ ᠤᠨ ᠬᠢᠯᠢ ᠴᠠᠭᠳᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠠᠷᠢᠭᠤᠴᠠᠯᠭ᠎ᠠ ᠶᠢᠨ ᠣᠷᠣᠨ ᠤ ᠠᠷᠠᠳ ᠤᠨ ᠴᠠᠭᠳᠠᠭ᠎ᠠ ᠲᠠᠢ ᠬᠠᠮᠲᠤ ᠪᠠᠷ ᠲᠠᠯ᠎ᠠ ᠨᠤᠲᠤᠭ ᠤᠨ 110 ᠵᠢᠯᠤᠭᠤᠳᠬᠤ ᠲᠠᠰᠤᠭ ᠤᠨ ᠲᠣᠮᠣ ᠳᠡᠯᠭᠡᠴᠡ ᠳᠡᠭᠡᠷᠡᠬᠢ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠵᠢᠷᠤᠭ ᠳᠦᠷᠰᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠨᠠᠭᠠᠰᠢ᠂ ᠡᠪᠦᠳᠦᠭ ᠲᠣᠮᠢᠯᠠᠭᠰᠠᠨ ᠰᠠᠯᠪᠤᠷᠢ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠬᠢᠯᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠬᠢᠯᠢ ᠶᠢᠨ ᠬᠠᠮᠢᠶᠠᠷᠤᠯᠲᠠ ᠶᠢᠨ ᠠᠵᠢᠯ ᠤᠨ ᠳᠤᠲᠠᠭᠳᠠᠯ ᠢ ᠨᠥᠬᠦᠪᠦᠷᠢᠯᠡᠬᠦ ᠶᠢᠨ ᠬᠠᠮᠲᠤ ᠤᠯᠠᠨ ᠲᠦᠮᠡᠨ ᠤ ᠳᠠᠪᠠᠭᠤᠯᠢᠭ ᠢ ᠪᠠᠳᠠᠷᠠᠭᠤᠯᠵᠤ᠂ ︽ᠤᠯᠠᠭᠠᠨ ᠪᠠᠬᠢᠯᠡᠯᠲᠡ ᠶᠢᠨ ᠡᠷᠦᠭᠡ︾ ᠶᠢᠨ ᠡᠩᠨᠡᠭᠡ ᠶᠢ ᠲᠡᠭᠦᠯᠳᠡᠷᠵᠢᠭᠦᠯᠵᠦ᠂ ᠪᠠᠷᠭᠤ ᠶᠢᠨ ᠲᠠᠯ᠎ᠠ ᠶᠢᠨ ᠥᠷᠥᠴᠡᠨ ᠳᠤ ᠬᠢᠯᠢ ᠶᠢᠨ ᠬᠠᠮᠢᠶᠠᠷᠤᠯᠲᠠ ᠶᠢᠨ ᠠᠮᠤᠷ ᠲᠦᠪᠰᠢᠨ ᠤ ᠲᠣᠣᠷ ᠢ ᠰᠦᠯᠵᠢᠨ ᠪᠠᠬᠢᠵᠢᠭᠦᠯᠵᠡᠢ᠃      ᠴᠡᠯᠮᠡᠭ ᠤᠨ ᠬᠢᠨ︽ᠤᠯᠠᠭᠠᠨ ᠪᠠᠬᠢᠯᠡᠯᠲᠡ ᠶᠢᠨ ᠡᠷᠦᠭᠡ︾ᠪᠤᠯᠬᠤ ᠪᠠᠷ ᠪᠠᠷᠠᠬᠤ ᠦᠭᠡᠢ ᠪᠠᠰᠠ ᠲᠠᠯ᠎ᠠ ᠨᠤᠲᠤᠭ ᠤᠨ 110 ᠤᠨ︽ᠮᠣᠩᠭᠤᠯ ᠭᠡᠷ ᠤᠨ ᠬᠠᠷᠠᠭᠤᠯ ᠤᠨ ᠭᠠᠵᠠᠷ︾ ᠤᠨ  ᠠᠯᠪᠠ ᠶᠢ ᠳᠠᠪᠬᠤᠷ ᠬᠠᠷᠢᠭᠤᠴᠠᠵᠤ ᠪᠠᠶᠢᠨ᠎ᠠ᠃ ᠬᠢᠯᠢ ᠶᠢᠨ ᠱᠤᠭᠤᠮ ᠢᠶᠠᠷ ᠲᠠᠷᠬᠠᠭᠰᠠᠨ︽ᠮᠣᠩᠭᠤᠯ ᠭᠡᠷ ᠤᠨ ᠬᠠᠷᠠᠭᠤᠯ ᠤᠨ ᠭᠠᠵᠠᠷ︾ ᠨᠢ ᠬᠢᠯᠢ ᠶᠢᠨ ᠬᠠᠮᠠᠭᠠᠯᠠᠯᠲᠠ ᠶᠢᠨ ᠨᠢᠭᠡᠳᠦᠭᠡᠷ ᠹᠷᠤᠨᠲ ᠢᠶᠠᠷ ᠭᠤᠣᠯᠯᠠᠭᠰᠠᠨ︽ᠴᠠᠭᠳᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ ᠲᠣᠣᠷ︾ ᠢ ᠨᠢᠭᠲᠠ ᠰᠦᠯᠵᠢᠵᠦ᠂ ᠰᠠᠭᠤᠷᠢᠨ ᠭᠠᠵᠠᠷ ᠤᠨ ᠬᠠᠮᠢᠶᠠᠷᠤᠯᠲᠠ ᠡᠵᠡᠮᠳᠡᠯ᠂ ᠰᠤᠷᠠᠭ ᠵᠠᠩᠭᠢ ᠶᠢ ᠤᠷᠢᠳᠴᠢᠯᠠᠨ ᠰᠡᠷᠡᠮᠵᠢᠯᠡᠭᠦᠯᠭᠦ᠂ ᠲᠦᠷᠭᠡᠨ ᠲᠤᠰᠬᠠᠯ ᠭᠠᠷᠭᠠᠬᠤ ᠵᠡᠷᠭᠡ ᠲᠠᠯ᠎ᠠ ᠪᠠᠷ ᠲᠠᠯ᠎ᠠ ᠨᠤᠲᠤᠭ ᠤᠨ110 ᠬᠡᠷᠡᠭ ᠮᠡᠳᠡᠭᠦᠯᠬᠦ ᠴᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠤᠳᠤ ᠪᠤᠯᠬᠤ ᠳᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠵᠢᠭᠤᠷᠠᠯᠳᠤᠭᠠᠨ ᠢ ᠰᠢᠢᠳᠪᠦᠷᠢᠯᠡᠬᠦ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠤᠯᠠᠨ ᠲᠠᠯ᠎ᠠ ᠳᠤ ᠣᠷᠣᠯᠠᠵᠤ ᠪᠣᠯᠣᠰᠢ ᠦᠭᠡᠢ ᠴᠢᠬᠤᠯᠠ ᠦᠢᠯᠡᠳᠦᠯ ᠦᠵᠡᠭᠦᠯᠭᠦ ᠪᠣᠯᠤᠭᠰᠠᠨ ᠪᠠᠶᠢᠨ᠎ᠠ᠃       ᠨᠢᠭᠡ ᠡᠳᠦᠷ ᠤᠨ ᠠᠵᠢᠯ ᠢᠶᠠᠨ ᠳᠠᠭᠤᠰᠬᠠᠭᠠᠳ᠂ ᠴᠡᠯᠮᠡᠭ ᠪᠠᠰᠠ ᠶᠠᠭᠠᠷᠠᠤᠬᠠᠨ ᠭᠡᠷ ᠲᠡᠭᠡᠨ ᠬᠠᠷᠢᠵᠤ᠂ ᠬᠠᠳᠤᠯᠠᠩ ᠪᠣᠷᠳᠣᠭᠠᠨ ᠳᠠᠭᠠᠨ ᠶᠠᠭᠠᠷᠠᠵᠤ ᠡᠬᠢᠯᠡᠯ᠎ᠡ᠃ ᠰᠣᠷᠪᠤᠯᠵᠢᠯᠠᠭ᠎ᠠ ᠳᠤᠮᠳᠠ ᠴᠡᠯᠮᠡᠭ  ᠮᠠᠯᠴᠢᠨ ᠬᠥᠮᠥᠨ ᠪᠣᠯᠤᠭᠰᠠᠨ ᠤ ᠬᠤᠪᠢ ᠳᠤ ᠨᠤᠲᠤᠭ ᠤᠨ ᠵᠣᠨ ᠣᠯᠠᠨ ᠤ ᠪᠠᠨ ᠠᠮᠤᠷ ᠠᠮᠤᠭᠤᠯᠠᠩ᠂ ᠡᠬᠡ ᠤᠯᠤᠰ ᠤᠨ ᠬᠢᠯᠢ ᠬᠢᠵᠠᠭᠠᠷ ᠣᠷᠣᠨ ᠢ ᠪᠠᠲᠤᠯᠠᠨ ᠬᠠᠮᠠᠭᠠᠯᠠᠬᠤ ᠦᠢᠯᠡᠰ ᠲᠤ ᠥᠪᠡᠷ ᠤᠨ ᠥᠴᠥᠬᠡᠨ ᠬᠦᠴᠦ ᠪᠠᠨ ᠡᠷᠭᠦᠵᠦ ᠴᠢᠳᠠᠭᠰᠠᠨ ᠳᠠᠭᠠᠨ ᠬᠢᠵᠠᠭᠠᠯᠠᠰᠢ ᠦᠭᠡᠢ ᠣᠮᠣᠭᠰᠢᠳᠠᠭ ᠭᠡᠵᠦ ᠪᠢᠯᠡ᠃   
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ