ᠤᠷᠢᠶᠠᠩᠬᠠᠨ ᠤ᠂ ᠶᠤᠨᠳᠤᠨ | ᠪᠠᠷᠭᠤ ᠨᠤᠲᠤᠭᠳᠠᠢ ᠮᠠᠯ ᠡᠵᠦ ᠠᠬᠤᠢ ᠶᠢᠨ ᠡᠷᠳᠡᠮᠳᠡᠨ ᠨᠠᠮᠵᠢᠯᠰᠦ᠋ᠷᠦᠩ | — ᠨᠠᠮᠵᠢᠯᠰᠦᠷᠦᠩ ᠤᠨ ︽ᠲᠠᠪᠤᠨ ᠡᠷᠳᠡᠨᠢ ᠴᠤᠪᠤᠷᠠᠯ︾ ᠨᠤᠮ ᠢ ᠤᠩᠰᠢᠭᠠᠳ | | | ᠨᠠᠮᠵᠢᠯᠰᠦ᠋ᠷᠦᠩ ᠪᠤᠯ ᠬᠦᠯᠦᠨ ᠪᠤᠶᠢᠷ ᠠᠶᠢᠮᠠᠭ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠪᠡᠭᠡᠳᠦ ᠬᠦᠬᠡ ᠬᠤᠶᠠᠳᠤᠭᠠᠷ ᠰᠤᠮᠤᠨ ᠤ ᠬᠦᠮᠦᠨ᠂ | 1951 ᠤᠨ ᠤ ᠴᠠᠭᠠᠭᠴᠢᠨ ᠲᠠᠤᠯᠠᠢ ᠵᠢᠯ ᠤᠨ ᠬᠠᠪᠤᠷ᠂ ᠪᠠᠷᠭᠤ ᠨᠤᠲᠤᠭ ᠤᠨ ᠲᠠᠯᠠᠩᠭᠤᠳ ᠬᠠᠯᠠ ᠶᠢᠨ ᠬᠤᠤᠱᠠᠩ ᠤᠪᠤᠭᠳᠤ ᠲᠡᠮᠦᠷ ᠤᠨ ᠤᠳᠬᠠᠨ ᠬᠦᠪᠡᠭᠦᠨ | ᠪᠤᠯᠤᠨ ︿ᠨᠦᠬᠡᠳᠦ ᠶᠢᠨ ᠮᠠᠭᠤ ᠬᠤᠳᠳᠤᠭ﹀ ᠭᠡᠮᠡᠬᠦ ᠭᠠᠵᠠᠷ ᠲᠦᠷᠦᠵᠡᠢ᠃ ᠲᠡᠷᠡ ᠪᠠᠭ᠎ᠠ ᠠᠴᠠ ᠪᠠᠨ ᠪᠠᠷᠭᠤ ᠨᠤᠲᠤᠭ ᠤᠨ ᠢᠶᠠᠨ ᠪᠠᠶᠢᠭᠠᠯᠢ ᠤᠷᠴᠢᠨ᠂ ᠨᠡᠭᠦᠳᠡᠯ | ᠮᠠᠯᠵᠢᠯ ᠤᠨ ᠢᠶᠠᠨ ᠬᠦᠷᠦᠰᠦᠨ᠎ᠡ ᠦᠰᠴᠤ ᠪᠤᠶᠢᠵᠢᠨ᠂ ᠨᠡᠭᠦᠳᠡᠯ ᠮᠠᠯᠵᠢᠯ ᠤᠨ ᠤᠢ ᠤᠬᠠᠭᠠᠨ ᠢᠶᠠᠷ ᠲᠤᠷᠨᠢᠵᠦ᠂ ᠡᠴᠢᠭᠡ ᠡᠬᠡ ᠶᠢᠨ ᠢᠶᠠᠨ ᠡᠬᠡᠯ ᠪᠤᠷᠤᠭᠵᠢᠭᠤᠨ | ᠠᠮᠢᠳᠤᠷᠠᠯ ᠤᠨ ᠰᠤᠷᠳᠠᠯ ᠬᠦᠮᠦᠵᠢᠯ ᠢ ᠭᠦᠨᠴᠡ ᠲᠠᠢ ᠭᠦᠷᠳᠡᠵᠦ᠂ ᠠᠵᠢᠯᠴᠢ ᠬᠦᠳᠡᠯᠮᠦᠷᠢᠴᠢ ᠮᠠᠯ ᠨᠤᠲᠤᠭ ᠲᠠᠭᠠᠨ ᠬᠠᠶᠢᠷ᠎ᠠ ᠰᠡᠳᠭᠢᠯᠭᠡ ᠲᠠᠢ ᠪᠤᠯᠵᠦ ᠬᠦᠮᠦᠵᠢᠭᠰᠡᠨ | ᠪᠠᠶᠢᠨ᠎ᠡ᠃ ᠲᠡᠷᠡ ᠪᠤᠳᠠᠳᠤ ᠠᠬᠤᠢ ᠠᠮᠢᠳᠤᠷᠠᠯ ᠳᠤ ᠭᠦᠨᠵᠡᠭᠡᠶᠢᠷᠡᠭᠰᠡᠨ ᠪᠠ ᠰᠤᠷᠤᠯᠭ᠎ᠠ ᠰᠤᠶᠤᠯ ᠢ ᠬᠦᠬᠡᠬᠡᠭᠰᠡᠨ᠂ ᠤᠯᠠᠨ ᠠᠵᠢᠯ ᠤᠨ ᠪᠠᠶᠢᠷᠢ ᠶᠢᠨ ᠲᠠᠪᠳᠠᠯᠳᠠ ᠢᠶᠠᠷ | ᠲᠠᠮᠵᠢᠵᠦ᠂ ᠨᠡᠭᠦᠳᠡᠯ ᠮᠠᠯᠵᠢᠯ ᠤᠨ ᠰᠤᠶᠤᠯ ᠤᠨ ᠰᠢᠨᠵᠢᠯᠡᠬᠦ ᠤᠬᠠᠭᠠᠨᠴᠢ ᠲᠠᠯ᠎ᠠ ᠶᠢ ᠪᠦᠬᠦ ᠲᠠᠯ᠎ᠠ ᠪᠠᠷ ᠡᠵᠡᠮᠰᠢᠭᠰᠡᠨ᠂ ᠲᠠᠯ᠎ᠠ ᠨᠤᠲᠤᠭ ᠢᠶᠠᠨ ᠭᠦᠨᠵᠡᠭᠡᠢ ᠤᠶᠢᠯᠠᠭᠠᠳᠠᠭ᠂ | ᠮᠤᠩᠭᠤᠯ ᠵᠠᠩ ᠦᠢᠯᠡ ᠪᠠᠨ ᠨᠡᠪᠳᠡᠷᠬᠡᠢ ᠮᠡᠳᠡᠳᠡᠭ᠂ ᠰᠢᠨᠵᠢᠯᠡᠬᠦ ᠮᠡᠷᠭᠡᠵᠢᠯ ᠢ ᠡᠵᠡᠮᠰᠢᠭᠰᠡᠨ ᠤᠶᠤᠨ ᠤ ᠪᠠᠶᠠᠯᠢᠭ ᠲᠠᠢ ᠬᠦᠮᠦᠨ ᠪᠤᠯᠤᠨ ᠴᠢᠳᠠᠪᠠ᠃ ᠲᠡᠭᠦᠨ ᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 70 ᠵᠢᠯ ᠤᠨ ᠤᠢ ᠳᠤ ᠵᠤᠷᠢᠭᠤᠯᠤᠭᠰᠠᠨ ︽ᠠᠳᠤᠭᠤ ᠡᠷᠳᠡᠨᠢ︾᠂ ︽ᠦᠬᠡᠷ ᠡᠷᠳᠡᠨᠢ︾᠂ ︽ᠬᠤᠨᠢ ᠡᠷᠳᠡᠨᠢ︾᠂ | ︽ᠢᠮᠠᠭ᠎ᠠ ᠡᠷᠳᠡᠨᠢ︾᠂ ︽ᠲᠡᠮᠡᠭᠡ ᠡᠷᠳᠡᠨᠢ︾ ᠭᠡᠬᠦ ᠲᠠᠪᠤᠨ ᠡᠷᠳᠡᠨᠢ ᠴᠤᠪᠤᠷᠠᠯ ᠨᠤᠮ ᠢᠶᠠᠨ ᠭᠠᠷᠭᠠᠭᠰᠠᠨ ᠲᠤᠮᠤᠬᠠᠨ ᠪᠦᠳᠦᠭᠡᠯ ᠨᠢ ᠡᠭᠦᠨ ᠢ ᠭᠡᠷᠡᠴᠢᠯᠡᠨ | ᠬᠠᠷᠠᠭᠤᠯᠵᠦ ᠪᠠᠶᠢᠬᠤ ᠶᠤᠮ᠃ | ᠮᠠᠯᠴᠢᠨ ᠬᠦᠮᠦᠨ ᠮᠢᠩᠭᠠᠨ ᠤᠬᠠᠭᠠᠨ ᠲᠠᠢ ᠭᠡᠳᠡᠭ ᠮᠡᠷᠭᠡᠨ ᠦᠬᠡ ᠪᠤᠯ ᠨᠡᠭᠦᠳᠡᠯ ᠮᠠᠯᠵᠢᠯ ᠤᠨ ᠤᠯᠠᠮᠵᠢᠯᠠᠯᠳᠤ ᠰᠤᠶᠤᠯ ᠤᠨ ᠦᠷᠭᠡᠨ ᠬᠠᠨᠠᠭᠠᠷ ᠢ ᠵᠢᠭᠠᠭᠰᠠᠨ | ᠦᠬᠡ ᠪᠠᠶᠢᠭ᠎ᠠ ᠶᠤᠮ᠃ ᠨᠡᠭᠦᠳᠡᠯ ᠮᠠᠯᠵᠢᠯ ᠢᠶᠠᠨ ᠬᠦᠨᠵᠡᠭᠡᠢ ᠮᠡᠳᠡᠳᠡᠭ ᠬᠦᠮᠦᠨ ᠪᠤᠯ ᠰᠠᠶ᠋ᠢ ᠪᠠᠶᠢᠭᠠᠯᠢ ᠤᠷᠴᠢᠨ ᠠᠮᠢ ᠠᠬᠤᠢ ᠶᠢᠨ ᠡᠷᠬᠢᠮ ᠨᠠᠨᠳᠢᠨ ᠪᠠᠶᠢᠳᠠᠭ ᠪᠠ | ᠲᠡᠭᠦᠨ ᠳᠤ ᠬᠡᠷᠬᠢᠨ ᠵᠤᠬᠢᠴᠠᠵᠦ ᠴᠢᠳᠠᠳᠠᠭ ᠦᠨᠳᠦᠰᠦᠨ ᠵᠢᠮ᠎ᠡ ᠶᠤᠰᠤ ᠶᠢ ᠤᠶᠢᠯᠠᠭᠠᠳᠠᠭ ᠬᠦᠮᠦᠨ ᠪᠠᠶᠢᠭ᠎ᠠ ᠶᠤᠮ᠃ ᠡᠨᠡ ᠬᠦᠮᠦᠨ ᠤ ᠨᠢᠭᠡ ᠪᠤᠯ ᠪᠠᠷᠭᠤ | ᠨᠤᠲᠤᠭ ᠤᠨ ᠰᠤᠳᠤᠨ ᠡᠷᠳᠡᠮᠳᠡᠨ ᠨᠠᠮᠵᠢᠯᠰᠦ᠋ᠷᠦᠩ ᠭᠤᠸᠠᠢ ᠪᠤᠯᠤᠨ᠎ᠠ᠃ ᠨᠡᠭᠦᠳᠡᠯ ᠮᠠᠯᠵᠢᠯ ᠤᠨ ᠠᠭᠤᠤ ᠰᠤᠶᠤᠯ ᠮᠠᠨᠢ ᠡᠳᠦᠷ ᠢᠷᠡᠬᠦᠶ᠎ᠡ ᠲᠠᠯᠳᠠᠷᠢᠨ ᠤᠳᠴᠤ | ᠪᠠᠶᠢᠭ᠎ᠠ ᠡᠨᠡᠬᠦ ᠴᠠᠭ ᠮᠦᠴᠡ ᠳᠤ ᠲᠠᠪᠤᠨ ᠬᠤᠰᠢᠭᠤ ᠮᠠᠯ ᠤᠨ ᠤᠨᠴᠠᠯᠢᠭ ᠰᠢᠨᠵᠢ᠂ ᠡᠭᠦᠰᠦᠯ ᠭᠠᠷᠪᠠᠯᠢ᠂ ᠮᠠᠯ ᠤᠨ ᠴᠤᠭᠴᠠ ᠪᠦᠳᠦᠴᠡ ᠶᠢᠨ ᠨᠡᠷ᠎ᠡ ᠲᠠᠭᠤᠳᠠᠯᠭ᠎ᠠ᠂ | ᠢᠳᠡᠰᠢᠯᠡᠬᠦ ᠡᠪᠡᠰᠦ ᠤᠷᠭᠤᠮᠠᠯ᠂ ᠠᠰᠢᠭ ᠰᠢᠮ᠎ᠡ᠂ ᠵᠠᠩ ᠦᠢᠯᠡ ᠵᠡᠷᠭᠡ ᠤᠯᠠᠨ ᠬᠠᠷᠠᠭᠠᠰᠤ ᠠᠴᠠ ᠵᠠᠳᠠᠯᠤᠨ ᠲᠠᠨᠢᠯᠴᠠᠭᠤᠯᠵᠦ᠂ ᠪᠠᠰᠠ ᠲᠠᠪᠤᠨ ᠬᠤᠰᠢᠭᠤ ᠮᠠᠯ ᠤᠨ | ᠪᠡᠯᠴᠢᠭᠡᠷ ᠲᠤ ᠵᠤᠬᠢᠴᠠᠬᠤ ᠴᠢᠳᠠᠮᠵᠢ ᠵᠢᠴᠢ ᠬᠠᠷᠢᠯᠴᠠᠨ ᠨᠦᠬᠦᠴᠡᠯᠳᠦᠬᠦ ᠵᠢᠮ᠎ᠠ ᠶᠤᠰᠤ ᠵᠡᠷᠭᠡ ᠲᠠᠯ᠎ᠠ ᠪᠠᠷ ᠬᠦᠨᠴᠡᠳᠡᠢ ᠰᠤᠳᠤᠯᠭ᠎ᠠ ᠬᠢᠭᠰᠡᠨ ᠨᠢ ᠴᠠᠭ ᠲᠠᠭᠠᠨ ᠮᠠᠰᠢ | ᠲᠤᠬᠢᠷᠠᠵᠦ ᠪᠠᠶᠢᠬᠤ ᠶᠤᠮ᠃ ᠡᠨᠡᠬᠦ ᠲᠤᠮᠤᠬᠠᠨ ᠪᠦᠳᠦᠭᠡᠯ ᠨᠢ ᠮᠠᠨ ᠤ ᠦᠪᠦᠷ ᠮᠤᠩᠭᠤᠯ ᠤᠨ ᠮᠠᠯ ᠠᠵᠦ ᠠᠬᠤᠢ ᠶᠢᠨ ᠬᠦᠭᠵᠢᠯᠳᠡ ᠶᠢᠨ ᠲᠡᠤᠬᠡᠨ ᠬᠠᠭᠤᠳᠠᠰᠤᠨ ᠳᠤ | ᠨᠢᠭᠡᠨ ᠬᠢᠯᠠᠰ ᠴᠢᠭ ᠪᠤᠯᠤᠨ ᠲᠤᠷᠠᠶᠢᠯᠠ᠃ ᠮᠦᠨᠴᠦ ᠮᠠᠯ ᠠᠵᠦ ᠠᠬᠤᠢ ᠳᠤ ᠰᠤᠨᠢᠷᠬᠠᠯ ᠲᠠᠢ ᠡᠷᠳᠡᠮᠳᠡᠨ ᠮᠡᠷᠭᠡᠳ᠂ ᠵᠠᠯᠠᠭᠤ ᠪᠠᠭᠠᠴᠦᠳ ᠲᠤ ᠭᠠᠷ ᠠᠪᠤᠯᠭ᠎ᠠ ᠶᠢᠨ | ᠨᠤᠮ ᠪᠤᠯᠵᠦ ᠲᠠᠭᠠᠷᠠᠨ᠎ᠠ᠃ | ᠦᠪᠦᠷ ᠮᠤᠩᠭᠤᠯ ᠤᠷᠤᠨ ᠪᠤᠯ ᠠᠳᠤᠭᠤ᠂ ᠦᠬᠡᠷ᠂ ᠬᠤᠨᠢ᠂ ᠢᠮᠠᠭ᠎ᠠ᠂ ᠲᠡᠮᠡᠭᠡ ᠭᠡᠬᠦ ᠲᠠᠪᠤᠨ ᠡᠷᠳᠡᠨᠢ ᠤᠷᠤᠰᠢᠭᠰᠠᠨ ᠪᠠᠶᠠᠯᠢᠭ ᠤᠷᠤᠨ ᠪᠤᠯᠬᠤ ᠶᠤᠮ᠃ | ᠲᠠᠪᠤᠨ ᠬᠤᠰᠢᠭᠤ ᠮᠠᠯ ᠢ ᠦᠩᠭᠡᠷᠡᠭᠰᠡᠨ ᠳᠤ ᠮᠠᠯᠴᠢᠨ ᠠᠶᠢᠯ ᠡᠷᠦᠬᠡ ᠪᠦᠬᠦᠨ ᠡᠵᠡᠩᠨᠡᠨ ᠮᠠᠯᠵᠢᠵᠦ ᠪᠠᠶᠢᠳᠠᠭ ᠪᠠ ᠭᠠᠵᠠᠷ ᠤᠷᠤᠨ ᠤ ᠪᠠᠶᠢᠭᠠᠯᠢ ᠶᠢᠨ ᠤᠷᠴᠢᠨ | ᠪᠠᠶᠢᠳᠠᠯ ᠳᠠᠭᠠᠨ ᠵᠤᠬᠢᠴᠠᠭᠰᠠᠨ ᠤᠨᠴᠠᠯᠢᠭᠳᠦ ᠲᠠᠩ ᠬᠤᠰᠢᠭᠤ ᠮᠠᠯ ᠢ ᠭᠤᠤᠯᠯᠠᠭᠤᠯᠤᠨ ᠪᠤᠰᠤᠳ ᠮᠠᠯ ᠢᠶᠠᠷ ᠢᠶᠠᠨ ᠲᠡᠳ᠋ᠯᠡᠭᠦᠯᠦᠨ ᠡᠵᠡᠩᠨᠡᠨ ᠮᠠᠯᠵᠢᠳᠠᠭ ᠲᠠᠪᠤᠨ | ᠡᠷᠳᠡᠨᠢ ᠶᠢᠨ ᠤᠷᠤᠨ ᠢ ᠪᠦᠷᠢᠯᠳᠦᠭᠦᠯᠦᠭᠰᠡᠨ ᠤᠯᠠᠮᠵᠢᠯᠠᠯ ᠲᠠᠢ ᠶᠤᠮ᠃ ᠲᠡᠷᠡ᠂ ᠭᠠᠵᠠᠷ ᠤᠷᠤᠨ ᠤ ᠪᠠᠶᠢᠭᠠᠯᠢ ᠶᠢᠨ ᠤᠷᠭᠤᠮᠠᠯ ᠤᠨ ᠤᠨᠴᠠᠯᠢᠭ ᠠᠴᠠ ᠪᠤᠯᠵᠦ ᠶᠠᠮᠠᠷ | ᠬᠤᠰᠢᠭᠤ ᠮᠠᠯ ᠢᠶᠠᠷ ᠭᠤᠤᠯᠯᠠᠨ ᠮᠠᠯᠵᠢᠬᠤ ᠪᠠᠷ ᠲᠤᠭᠳᠠᠭᠠᠭᠳᠠᠳᠠᠭ ᠭᠡᠵᠦ ᠦᠵᠡᠪᠡ᠃ ᠡᠨᠡ ᠪᠤᠯ ᠲᠠᠪᠤᠨ ᠬᠤᠰᠢᠭᠤ ᠮᠠᠯ ᠪᠤᠯᠤᠨ ᠪᠠᠶᠢᠭᠠᠯᠢ ᠪᠡᠯᠴᠢᠭᠡᠷ ᠤᠨ ᠠᠮᠢ | ᠠᠬᠤᠢ ᠶᠢᠨ ᠬᠠᠷᠢᠴᠠᠭ᠎ᠠ ᠶᠢ ᠨᠢᠳᠦᠨ ᠳᠤ ᠦᠵᠡᠭᠳᠡᠯ᠎ᠡ ᠲᠤᠰᠬᠠᠭᠰᠠᠨ ᠪᠠᠶᠢᠨ᠎ᠠ᠃ ᠵᠢᠱᠢᠶᠡᠯᠡᠪᠡᠯ᠄ ᠠᠯᠠᠱᠠ ᠨᠤᠲᠤᠭ ᠲᠤ ᠲᠡᠮᠡᠭᠡ ᠭᠤᠤᠯᠯᠠᠵᠦ᠂ ᠢᠮᠠᠭ᠎ᠠ ᠲᠡᠳ᠋ᠯᠡᠬᠦ᠂ | ᠰᠦᠨᠢᠳ ᠨᠤᠲᠤᠭ ᠲᠤ ᠰᠤᠨᠢᠳ ᠬᠤᠨᠢ ᠭᠤᠤᠯᠯᠠᠵᠦ ᠭᠤᠪᠢ ᠶᠢᠨ ᠬᠦᠷᠡᠩ ᠲᠡᠮᠡᠭᠡ ᠲᠡᠳ᠋ᠯᠡᠬᠦ᠂ ᠤᠷᠳᠤᠰ ᠲᠤ ᠨᠠᠷᠢᠨ ᠨᠤᠤᠰᠤᠳᠤ ᠢᠮᠠᠭ᠎ᠠ ᠭᠤᠤᠯᠯᠠᠬᠤ᠂ ᠪᠠᠷᠭᠤ | ᠪᠤᠶᠤ ᠦᠵᠦᠮᠦᠴᠢᠨ ᠠᠪᠠᠭ᠎ᠠ ᠨᠤᠲᠤᠭ ᠢᠶᠠᠷ ᠬᠤᠨᠢ ᠪᠠᠷ ᠭᠤᠤᠯ ᠪᠤᠯᠭᠠᠵᠦ ᠲᠠᠪᠤᠨ ᠬᠤᠰᠢᠭᠤ ᠮᠠᠯ ᠢ ᠵᠡᠷᠭᠡᠪᠡᠷ ᠮᠠᠯᠵᠢᠬᠤ ᠵᠡᠷᠭᠡ ᠲᠡᠤᠬᠡᠨ ᠤᠯᠠᠮᠵᠢᠯᠠᠯ ᠢᠶᠠᠨ | ᠬᠠᠳᠠᠭᠠᠯᠠᠵᠦ ᠪᠠᠶᠢᠬᠤ ᠪᠦᠭᠡᠳ ᠲᠡᠷᠡ ᠨᠢ ᠪᠠᠶᠢᠭᠠᠯᠢ ᠶᠢᠨ ᠭᠠᠵᠠᠷ ᠵᠦᠢ ᠶᠢᠨ ᠪᠠᠶᠢᠷᠢᠰᠢᠯ ᠪᠤᠯᠤᠨ ᠤᠷᠭᠤᠮᠠᠯ ᠤᠨ ᠲᠦᠷᠦᠯ ᠵᠦᠢᠯ ᠤᠨ ᠤᠨᠴᠠᠯᠢᠭ ᠢᠶᠠᠷ | ᠲᠤᠭᠳᠠᠭᠠᠭᠳᠠᠭᠰᠠᠨ ᠮᠤᠩᠭᠤᠯ ᠮᠠᠯᠵᠢᠯ ᠤᠨ ᠰᠢᠨᠵᠢᠯᠡᠬᠦ ᠤᠬᠠᠭᠠᠨᠴᠢ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠶᠢᠭ᠎ᠠ ᠶᠤᠮ᠃ ᠮᠦᠨᠴᠦ ᠭᠠᠵᠠᠷ ᠤᠷᠤᠨ ᠤ | ᠮᠠᠯᠵᠢᠯ ᠤᠨ ᠤᠨᠴᠠᠯᠢᠭ ᠢ ᠲᠤᠰᠬᠠᠭᠰᠠᠨ ᠢᠶᠠᠷ ᠦᠯᠦ ᠪᠠᠷᠠᠮ ᠬᠤᠵᠢᠮ ᠤᠨ ᠮᠠᠯ ᠠᠵᠦ ᠠᠬᠤᠢ ᠶᠢᠨ ᠬᠦᠭᠵᠢᠯᠳᠡ ᠴᠤ ᠡᠨᠡᠬᠦ ᠮᠠᠯᠵᠢᠯ ᠤᠨ ᠤᠯᠠᠮᠵᠢᠯᠠᠯᠳᠤ ᠰᠠᠭᠤᠷᠢ ᠶᠢ | ᠬᠦᠨᠳᠦᠳᠭᠡᠵᠦ᠂ ᠭᠠᠵᠠᠷ ᠤᠷᠤᠨ ᠤ ᠤᠨᠴᠠᠯᠢᠭᠳᠦ ᠠᠰᠢᠭ ᠰᠢᠮ᠎ᠡ ᠵᠢᠴᠢ ᠡᠳ᠋ᠰᠢᠭᠦᠯᠦᠨ ᠪᠤᠯᠪᠠᠰᠤᠷᠠᠭᠤᠯᠤᠯᠳᠠ ᠶᠢᠨ ᠠᠷᠭ᠎ᠠ ᠵᠠᠮ ᠢ ᠰᠦᠪᠡᠭᠴᠢᠯᠡᠵᠦ᠂ | ᠢᠷᠡᠭᠡᠳᠦᠢ ᠶᠢᠨ ᠮᠠᠯ ᠠᠵᠦ ᠠᠬᠤᠢ ᠶᠢᠨ ᠬᠦᠭᠵᠢᠯᠳᠡ ᠶᠢ ᠰᠢᠯᠤᠭᠤᠳᠬᠠᠬᠤ ᠴᠢᠬᠤᠯᠠᠳᠠᠢ ᠭᠡᠵᠦ ᠪᠢ ᠦᠵᠡᠳᠡᠭ᠃ | ᠲᠡᠷᠡ ᠪᠠᠰᠠ ᠬᠦᠮᠦᠨ — ᠮᠠᠯ — ᠪᠠᠶᠢᠭᠠᠯᠢ ᠶᠢᠨ ᠬᠠᠷᠢᠯᠴᠠᠨ ᠵᠤᠬᠢᠴᠠᠯᠳᠤᠬᠤ ᠡᠶᠡᠷᠬᠦ ᠬᠠᠷᠢᠴᠠᠭ᠎ᠠ ᠶᠢ ᠰᠤᠳᠤᠯᠵᠦ᠂ ︽ᠨᠡᠬᠦᠳᠡᠯᠴᠢᠨ ᠤ ᠰᠤᠶᠤᠯ ᠳᠤ᠂ | ᠲᠠᠪᠤᠨ ᠬᠤᠰᠢᠭᠤ ᠮᠠᠯ ᠢ ᠬᠦᠮᠦᠨ ᠲᠦᠷᠦᠯᠬᠢᠳᠡᠨ ᠤ ᠲᠤᠲᠤᠨᠤ ᠬᠠᠨᠢ᠂ ᠠᠮᠢᠳᠤᠷᠠᠯ ᠤᠨ ᠴᠢᠬᠤᠯᠠ ᠡᠬᠢ ᠰᠤᠷᠪᠤᠯᠵᠢ᠂ ᠬᠦᠮᠦᠨ ᠤ ᠬᠦᠨᠳᠦᠳᠭᠡᠯ ᠬᠠᠶᠢᠷ᠎ᠠ | ᠬᠠᠯᠠᠮᠵᠢ ᠶᠢ ᠤᠯᠵᠦ᠂ ᠪᠠᠶᠢᠭᠠᠯᠢᠯᠢᠭ ᠡᠬᠢ ᠪᠠᠶᠠᠯᠢᠭ ᠢ ᠡᠷᠬᠡ ᠲᠡᠭᠰᠢ ᠪᠠᠷ ᠡᠳ᠋ᠯᠡᠬᠦ ᠶᠤᠰᠤᠳᠠᠢ ᠭᠡᠵᠦ ᠦᠵᠡᠳᠡᠭ︾ ᠬᠡᠮᠡᠨ ᠲᠡᠮᠳᠡᠭᠯᠡᠵᠡᠢ᠃ ᠮᠠᠨ ᠤ ᠤᠯᠠᠮᠵᠢᠯᠠᠯᠳᠤ | ᠨᠡᠭᠦᠳᠡᠯ ᠮᠠᠯᠵᠢᠯ ᠰᠤᠶᠤᠯ ᠪᠤᠯ ᠲᠠᠪᠤᠨ ᠬᠤᠰᠢᠭᠤ ᠮᠠᠯ ᠢᠶᠠᠨ ᠪᠠᠶᠢᠭᠠᠯᠢ ᠶᠢᠨ ᠪᠡᠯᠴᠢᠭᠡᠷ ᠲᠠᠢ ᠪᠠᠨ ᠵᠤᠬᠢᠴᠠᠭᠤᠯᠤᠨ ᠮᠠᠯᠵᠢᠳᠠᠭ ᠲᠡᠯᠡᠬᠡᠢ ᠳᠤ ᠬᠤᠤᠰ ᠦᠭᠡᠢ | ᠦᠢᠯᠡᠳᠪᠦᠷᠢᠯᠡᠯ ᠤᠨ ᠠᠷᠭ᠎ᠠ ᠮᠠᠶ᠋ᠢᠭ ᠪᠤᠯᠬᠤ ᠶᠤᠮ᠃ ︽ᠨᠡᠭᠦᠳᠡᠯᠴᠢᠳ᠂ ᠮᠠᠯ ᠰᠦᠷᠦᠭ ᠲᠤ ᠠᠮᠢᠳᠤᠷᠠᠯ ᠤᠨ ᠡᠷᠬᠡ ᠲᠡᠭᠰᠢ ᠤᠷᠴᠢᠨ ᠨᠦᠬᠦᠴᠡᠯ ᠢ ᠤᠯᠭᠤᠬᠤ ᠶᠢᠨ | ᠲᠦᠯᠦᠭᠡ ᠡᠪᠡᠰᠦᠨ ᠤ ᠰᠤᠷᠭᠤᠭ᠂ ᠤᠰᠤᠨ ᠤ ᠲᠤᠩᠭᠠᠯᠠᠭ ᠢ ᠲᠠᠭᠠᠵᠦ ᠦᠷᠭᠦᠯᠵᠢ ᠨᠡᠭᠦᠳᠡᠯᠯᠠᠨ ᠶᠠᠪᠤᠳᠠᠭ ᠠᠴᠠ ᠪᠠᠶᠢᠭᠠᠯᠢ ᠠᠬᠤᠢ ᠲᠠᠯᠬᠢᠭᠳᠠᠯ ᠡᠪᠳᠡᠯᠡᠭᠡ ᠳᠤ | ᠤᠴᠠᠷᠠᠬᠤ ᠦᠭᠡᠢ᠂ ᠦᠪᠡᠷ ᠢ ᠪᠠᠨ ᠲᠠᠰᠤᠷᠠᠯᠳᠠ ᠦᠭᠡᠢ ᠰᠡᠷᠭᠦᠭᠡᠨ ᠰᠢᠮ᠎ᠡ ᠲᠡᠵᠢᠭᠡᠯ ᠨᠦᠬᠦᠪᠦᠷᠢᠯᠡᠵᠦ᠂ ᠤᠷᠤᠰᠢᠨ ᠲᠤᠭᠳᠠᠨᠢᠬᠤ ᠲᠡᠩᠴᠡᠭᠦᠷᠢᠰᠢᠯ ᠢᠶᠠᠨ ᠠᠯᠳᠠᠬᠤ | ᠦᠭᠡᠢ ᠪᠠᠶᠢᠵᠦ ᠴᠢᠳᠠᠳᠠᠭ︾ ᠭᠡᠵᠦ ᠲᠡᠷᠡ ᠪᠠᠷ ᠲᠤᠲᠤᠷᠬᠠᠶᠢᠯᠠᠨ ᠲᠤᠰᠢᠶᠠᠵᠠᠢ᠃ ᠨᠡᠭᠦᠳᠡᠯ ᠮᠠᠯᠵᠢᠯ ᠤᠨ ᠤᠷᠳᠤ ᠲᠡᠤᠬᠡᠨ ᠬᠤᠭᠤᠴᠠᠭᠠᠨ ᠳᠤ ᠮᠠᠯ ᠰᠦᠷᠦᠭ ᠪᠤᠯᠤᠨ | ᠪᠠᠶᠢᠭᠠᠯᠢ ᠪᠠᠯᠴᠢᠭᠡᠷ ᠤᠨ ᠬᠤᠭᠤᠷᠤᠨᠳᠤ ᠶᠡᠷᠦ ᠠᠴᠠ ᠰᠦᠬᠡᠷᠬᠦ ᠬᠠᠷᠢᠴᠠᠭ᠎ᠠ ᠡᠭᠦᠰᠴᠤ ᠦᠩᠭᠡᠷᠡᠭᠰᠡᠨ ᠦᠭᠡᠢ ᠶᠤᠮ᠃ ᠤᠴᠢᠷ ᠨᠢ ᠨᠡᠭᠦᠳᠡᠯᠴᠢᠳ ᠪᠠᠶᠢᠭᠠᠯᠢ ᠶᠢᠨ | ᠤᠷᠭᠤᠮᠠᠯ ᠤᠨ ᠵᠢᠮ᠎ᠡ ᠶᠤᠰᠤ ᠶᠢ ᠬᠦᠨᠳᠦᠳᠭᠡᠨ ᠦᠵᠡᠳᠡᠭ ᠢᠶᠠᠷ ᠨᠡᠭᠦᠳᠡᠯᠯᠠᠨ ᠮᠠᠯᠵᠢᠬᠤ᠂ ᠤᠳᠤᠷᠯᠠᠨ ᠶᠠᠪᠤᠬᠤ ᠵᠡᠷᠭᠡ ᠠᠷᠭ᠎ᠠ ᠬᠡᠯᠪᠡᠷᠢ ᠶᠢ ᠢᠮᠠᠭᠳᠠ ᠪᠠᠷᠢᠮᠳᠠᠯᠠᠳᠠᠭ | ᠠᠵᠠᠢ᠃ ᠰᠠᠭᠤᠷᠢᠰᠢᠯ ᠮᠠᠯᠵᠢᠯ ᠪᠤᠯ ᠶᠠᠭ ᠡᠭᠦᠨ ᠤ ᠡᠰᠡᠷᠬᠦ ᠦᠢᠯᠡᠳᠦᠯ ᠲᠠᠢ ᠪᠠᠶᠢᠳᠠᠭ ᠢᠶᠠᠷ ᠪᠡᠯᠴᠢᠭᠡᠷ ᠨᠤᠲᠤᠭ ᠲᠠᠵᠢᠷᠰᠢᠬᠤ᠂ ᠤᠷᠭᠤᠮᠠᠯ ᠤᠨ ᠲᠦᠷᠦᠯ ᠵᠦᠢᠯ | ᠴᠦᠭᠡᠷᠡᠬᠦ ᠵᠡᠷᠭᠡ ᠶᠠᠪᠤᠳᠠᠯ ᠵᠦᠩᠳᠡᠭᠡᠨ ᠤᠷᠤᠰᠢᠵᠦ ᠪᠠᠶᠢᠬᠤ ᠶᠢ ᠤᠳᠤ ᠶᠢᠨ ᠮᠠᠯᠵᠢᠯ ᠤᠨ ᠪᠠᠶᠢᠳᠠᠯ ᠠᠴᠠ ᠬᠦᠨᠵᠡᠭᠡᠢ ᠤᠶᠢᠯᠠᠭᠠᠵᠦ ᠪᠤᠯᠤᠨ᠎ᠠ᠃ | ᠵᠤᠬᠢᠶᠠᠭᠴᠢ ᠭᠤᠸᠠᠢ ᠶᠢᠨ ᠪᠠᠰᠠ ᠨᠢᠭᠡᠨ ᠦᠵᠡᠯᠳᠡ ᠪᠤᠯ ᠲᠠᠪᠤᠨ ᠬᠤᠰᠢᠭᠤ ᠮᠠᠯ ᠤᠨ ᠬᠠᠷᠢᠯᠴᠠᠨ ᠵᠤᠬᠢᠴᠠᠯᠳᠤᠬᠤ᠂ ᠬᠠᠷᠢᠯᠴᠠᠨ ᠲᠦᠰᠢᠯᠴᠡᠬᠦ | ᠬᠠᠷᠢᠴᠠᠭ᠎ᠠ ᠶᠢ ᠬᠦᠨᠴᠡᠳᠡᠢ ᠰᠤᠳᠤᠯᠤᠭᠰᠠᠨ ᠪᠠᠶᠢᠨ᠎ᠠ᠃ ᠲᠡᠷᠡ᠂ ᠲᠠᠪᠤᠨ ᠬᠤᠰᠢᠭᠤ ᠮᠠᠯ ᠢᠵᠢᠯ ᠲᠦᠷᠦᠯ ᠤᠨ ᠮᠠᠯ ᠰᠦᠷᠦᠭ ᠤᠨ ᠲᠤᠲᠤᠭᠠᠳᠤ ᠳᠠᠭᠠᠨ ᠬᠠᠷᠢᠯᠴᠠᠨ | ᠲᠦᠰᠢᠯᠴᠡᠵᠦ᠂ ᠬᠠᠷᠢᠯᠴᠠᠨ ᠦᠢᠯᠡᠴᠢᠯᠡᠨ᠂ ᠬᠠᠮᠳᠤ ᠪᠠᠷ ᠤᠷᠤᠰᠢᠳᠠᠭ ᠢᠶᠠᠷ ᠦᠯᠦ ᠪᠠᠷᠠᠮ ᠢᠵᠢᠯ ᠪᠤᠰᠤ ᠲᠦᠷᠦᠯ ᠤᠨ ᠮᠠᠯ ᠰᠦᠷᠦᠭ ᠤᠨ ᠬᠤᠭᠤᠷᠤᠨᠳᠤ ᠪᠠᠨ ᠴᠤ | ᠬᠠᠷᠢᠯᠴᠠᠨ ᠲᠦᠰᠢᠯᠴᠡᠵᠦ᠂ ᠬᠠᠷᠢᠯᠴᠠᠨ ᠦᠢᠯᠡᠴᠢᠯᠡᠨ᠂ ᠬᠠᠮᠳᠤ ᠪᠠᠷ ᠤᠷᠤᠰᠢᠵᠦ ᠠᠮᠢᠳᠤᠷᠠᠳᠠᠭ ᠭᠡᠵᠦ ᠦᠵᠡᠪᠡ᠃ ᠮᠠᠨ ᠤ ᠡᠪᠦᠭᠡ ᠲᠡᠭᠡᠳᠦ ᠶᠢᠨ ᠵᠤᠬᠢᠶᠠᠭᠰᠠᠨ | ᠲᠠᠪᠤᠨ ᠬᠤᠰᠢᠭᠤ ᠮᠠᠯ ᠤᠨ ᠰᠤᠶᠤᠯ ᠲᠠᠷᠤᠢ ᠨᠡᠭᠦᠳᠡᠯ ᠮᠠᠯᠵᠢᠯ ᠤᠨ ᠰᠤᠶᠤᠯ ᠪᠤᠯ ᠤᠳᠠᠭᠠᠨ ᠤᠨ ᠵᠢᠯ ᠢ ᠦᠩᠭᠡᠷᠡᠭᠰᠡᠨ ᠮᠠᠰᠢ ᠰᠢᠨᠵᠢᠯᠡᠬᠦ ᠤᠬᠠᠭᠠᠨᠴᠢ᠂ ᠪᠠᠶᠢᠭᠠᠯᠢ | ᠠᠮᠢ ᠠᠬᠤᠢ᠂ ᠮᠠᠯ ᠠᠵᠦ ᠠᠬᠤᠢ᠂ ᠨᠡᠭᠦᠳᠡᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠶᠢ ᠪᠦᠬᠦ ᠲᠠᠯ᠎ᠠ ᠪᠠᠷ ᠬᠠᠷᠠᠭᠠᠯᠵᠠᠭᠰᠠᠨ ᠡᠯᠪᠡᠭ ᠪᠠᠶᠠᠯᠢᠭ | ᠰᠤᠶᠤᠯ ᠤᠨ ᠠᠭᠤᠯᠭ᠎ᠠ ᠶᠢ ᠬᠠᠮᠤᠷᠠᠭᠰᠠᠨ ᠪᠠᠶᠢᠭ᠎ᠠ ᠶᠤᠮ᠃ ᠲᠠᠪᠤᠨ ᠬᠤᠰᠢᠭᠤ ᠮᠠᠯ ᠤᠨ ᠬᠠᠷᠢᠯᠴᠠᠨ ᠦᠢᠯᠡᠴᠢᠯᠡᠨ᠂ ᠬᠠᠷᠢᠯᠴᠠᠨ ᠲᠦᠰᠢᠯᠴᠡᠬᠦ ᠶᠠᠪᠤᠳᠠᠯ ᠨᠢ | ᠪᠡᠯᠴᠢᠭᠡᠷ ᠤᠨ ᠠᠮᠢ ᠠᠬᠤᠢ ᠶᠢ ᠠᠰᠢᠭᠯᠠᠬᠤ ᠳᠤ ᠲᠦᠢᠯ ᠤᠨ ᠴᠢᠬᠤᠯᠠ ᠦᠢᠯᠡᠳᠦᠯ ᠢ ᠦᠵᠡᠭᠦᠯᠳᠡᠭ ᠮᠠᠯᠵᠢᠯ ᠤᠨ ᠵᠢᠮ᠎ᠡ ᠶᠤᠰᠤ ᠶᠢ ᠴᠤ ᠪᠦᠳᠦᠭᠡᠯᠴᠢ ᠪᠠᠷ | ᠢᠯᠡᠷᠡᠭᠦᠯᠦᠭᠰᠡᠨ ᠪᠠᠶᠢᠨ᠎ᠠ᠃ ᠮᠡᠯ ᠠᠵᠦ ᠠᠬᠤᠢ ᠪᠠᠨ ᠰᠢᠨ᠎ᠡ ᠬᠠᠷᠠᠭᠠᠰᠤ ᠠᠴᠠ᠂ ᠰᠢᠨ᠎ᠡ ᠦᠵᠡᠯᠳᠡ ᠪᠠᠷ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠬᠤ ᠶᠠᠪᠤᠳᠠᠯ ᠪᠤᠯ | ᠮᠠᠨ ᠤ ᠤᠷᠤᠨ ᠤ ᠴᠢᠬᠤᠯᠠᠴᠢᠯᠠᠵᠦ ᠰᠤᠳᠤᠯᠤᠭᠤᠰᠢᠳᠠᠢ ᠪᠠᠴᠢᠮ ᠰᠡᠳᠦᠪ ᠪᠤᠯᠵᠦ ᠪᠠᠶᠢᠨ᠎ᠠ᠃ ᠮᠤᠩᠭᠤᠯ ᠦᠨᠳᠦᠰᠦᠳᠡᠨ ᠨᠢ ᠦᠪᠡᠷ ᠤᠨ ᠰᠢᠯᠢᠳᠡᠭ ᠰᠤᠶᠤᠯ ᠤᠨ | ᠰᠠᠭᠤᠷᠢᠨ ᠲᠡᠭᠡᠷ᠎ᠡ᠂ ᠦᠪᠡᠷ ᠤᠨ ᠦᠨᠳᠦᠰᠦᠳᠡᠨ ᠤ ᠤᠨᠴᠠᠯᠢᠭ ᠲᠠᠭᠠᠨ ᠲᠤᠬᠢᠷᠠᠭᠰᠠᠨ ᠬᠦᠭᠵᠢᠯᠳᠡ ᠶᠢᠨ ᠶᠢᠨ ᠵᠠᠮ ᠮᠦᠷ ᠢ ᠰᠤᠳᠤᠯᠤᠨ ᠨᠡᠭᠡᠭᠡᠵᠦ᠂ ᠰᠠᠷᠠᠭᠤᠯ | ᠲᠠᠷᠳᠡᠩ ᠵᠠᠮ ᠢᠶᠠᠨ ᠤᠯᠵᠦ᠂ ᠵᠠᠬ᠎ᠠ ᠲᠡᠯᠭᠡᠭᠦᠷ ᠤᠨ ᠤᠷᠤᠨ ᠵᠠᠢ ᠪᠠᠨ ᠡᠵᠡᠯᠡᠬᠦ ᠪᠤᠯ ᠮᠠᠨ ᠤ ᠬᠠᠮᠳᠤ ᠶᠢᠨ ᠬᠠᠷᠠᠯᠳᠠ ᠪᠠᠶᠢᠬᠤ ᠶᠤᠰᠤᠳᠠᠢ᠃ ᠬᠠᠷᠢᠨ ᠦᠪᠡᠷ ᠤᠨ | ᠰᠢᠯᠢᠳᠡᠭ ᠰᠤᠶᠤᠯ ᠤᠨ ᠦᠷᠡᠭᠳᠡᠯ ᠢᠶᠠᠷ ᠬᠠᠷᠢ ᠶᠢᠨ ᠰᠤᠶᠤᠯ ᠢ ᠬᠦᠯᠢᠶᠡᠵᠦ ᠬᠦᠭᠵᠢᠨ᠎ᠡ ᠭᠡᠳᠡᠭ ᠪᠤᠯ ᠪᠠᠶᠢᠵᠦ ᠪᠤᠯᠤᠰᠢ ᠦᠭᠡᠢ ᠶᠠᠪᠤᠳᠠᠯ ᠶᠤᠮ᠃ | ᠨᠠᠮᠵᠢᠯᠰᠦᠷᠦᠩ ᠭᠤᠸᠠᠢ ᠶᠢᠨ ᠲᠤᠰ ᠵᠤᠬᠢᠶᠠᠯ ᠪᠦᠳᠦᠭᠡᠯ ᠢᠶᠠᠷ ᠠᠪᠴᠤ ᠬᠡᠯᠡᠭᠭᠰᠡᠨ ᠴᠤ᠂ ᠮᠠᠨ ᠤ ᠤᠯᠤᠰ ᠲᠤ ᠡᠶᠢᠮᠦᠷᠬᠦ ᠨᠡᠭᠦᠳᠡᠯ ᠮᠠᠯᠵᠢᠯ ᠢᠶᠠᠨ ᠨᠠᠷᠢᠨ | ᠪᠦᠭᠡᠳ ᠰᠢᠰᠲ᠋ᠧᠮ ᠲᠠᠢ ᠲᠠᠨᠢᠯᠴᠠᠭᠤᠯᠤᠭᠰᠠᠨ ᠵᠤᠬᠢᠶᠠᠯ ᠪᠦᠳᠦᠭᠡᠯ ᠬᠠᠷᠠᠬᠠᠨ ᠮᠠᠰᠢ ᠬᠤᠪᠤᠷ ᠪᠠᠶᠢᠭ᠎ᠠ ᠶᠤᠮ᠃ ᠵᠤᠬᠢᠶᠠᠭᠴᠢ ᠮᠠᠨᠢ ᠡᠨᠡ ᠲᠠᠯ᠎ᠠ ᠪᠠᠷ ᠮᠠᠰᠢ ᠶᠡᠭᠡ | ᠤᠶᠤᠨ ᠤ ᠬᠦᠳᠡᠯᠮᠦᠷᠢ ᠵᠠᠷᠤᠴᠠᠭᠤᠯᠤᠭᠰᠠᠨ ᠳᠤ ᠪᠢ ᠲᠤᠩ ᠶᠡᠭᠡ ᠲᠠᠯᠠᠷᠬᠠᠵᠦ ᠪᠠᠶᠢᠬᠤ ᠶᠢᠨ ᠬᠠᠮᠳᠤ ᠲᠤᠰ ᠤᠬᠤᠷ ᠦᠬᠦᠯᠡᠯ ᠢ ᠪᠢᠴᠢᠵᠦ ᠦᠵᠦᠮᠦᠴᠢᠨ | ᠮᠠᠯᠴᠢᠳ ᠢᠶᠠᠨ ᠲᠦᠯᠦᠭᠡᠯᠡᠨ ᠮᠠᠨᠳᠤᠴᠢᠯᠡᠯ ᠲᠡᠪᠰᠢᠭᠦᠯᠵᠦ ᠪᠠᠶᠢᠨ᠎ᠠ᠃ | |