ᠡᠨᠡ ᠵᠢᠷᠤᠭ ᠢ 1.39 ᠳ᠋ᠦᠩᠰᠢᠭᠤᠷ ᠳ᠋ᠣᠯᠯᠠᠷ ᠢᠶᠠᠷ ᠦᠨ᠎ᠡ ᠬᠠᠶᠠᠵᠤ ᠬᠤᠳᠠᠯᠳᠤᠪᠠ︕
ᠨᠡᠶᠢᠲᠡᠯᠡᠭᠰᠡᠨ ᠴᠠᠭ᠄
2023/11/16
       ᠨᠠᠰᠤ ᠨᠥᠭᠴᠢᠭᠰᠡᠨ ᠢᠰᠫᠠᠨᠢ ᠶᠢᠨ ᠵᠢᠷᠤᠭ ᠤᠨ ᠪᠠᠭᠰᠢᠳᠠᠨ ᠫᠢᠺᠠᠰᠤ᠋· ᠫᠠᠪᠯᠤ᠋ ᠶᠢᠨ ᠵᠢᠷᠤᠭ ︽ᠪᠠᠭᠤᠤ ᠴᠠᠭ ᠵᠡᠭᠦᠭᠰᠡᠨ ᠪᠦᠰᠡᠬᠦᠢ︾ ᠶᠢ 8 ᠤ ᠡᠳᠦᠷ ᠠᠮᠧᠷᠢᠺᠠ ᠶᠢᠨ ᠨᠢᠦ᠋ ᠶᠣᠷᠺ ᠲᠤ ᠦᠨ᠎ᠡ ᠬᠠᠶᠠᠵᠤ ᠬᠤᠳᠠᠯᠳᠤᠬᠤ ᠳᠤ 1.393 ᠳ᠋ᠦᠩᠰᠢᠭᠤᠷ ᠳ᠋ᠣᠯᠯᠠᠷ ᠢᠶᠠᠷ ᠮᠠᠶᠢᠮᠠᠶ ᠪᠦᠲᠦᠵᠠᠢ᠃ ᠡᠨᠡ ᠤᠳᠠᠭᠠᠨ ᠤ ᠦᠨ᠎ᠡ ᠬᠠᠶᠠᠵᠤ ᠬᠤᠳᠠᠯᠳᠤᠬᠤ ᠶᠢ ᠬᠠᠷᠢᠭᠤᠴᠠᠬᠰᠠᠨ Sotheby ᠦᠨ᠎ᠡ ᠬᠠᠶᠠᠵᠤ ᠬᠤᠳᠠᠯᠳᠤᠬᠤ ᠭᠠᠵᠠᠷ ᠤᠨ ᠬᠢᠨ ᠬᠡᠯᠡᠬᠦ ᠳᠡᠭᠡᠨ᠂ ᠡᠨᠡ ᠪᠣᠯ ᠡᠨᠡ ᠵᠢᠯ ᠤᠨ ᠪᠦᠬᠦ ᠪᠥᠮᠪᠥᠷᠴᠡᠭ ᠤᠨ ᠦᠨ᠎ᠡ ᠬᠠᠶᠠᠵᠤ ᠬᠤᠳᠠᠯᠳᠤᠬᠤ ᠬᠤᠷᠠᠯ ᠳᠡᠭᠡᠷ᠎ᠡ ᠠᠷᠠᠯᠵᠢᠶᠠᠯᠠᠭᠰᠠᠨ ᠦᠨ᠎ᠡ ᠪᠠᠷ ᠬᠠᠮᠤᠭ ᠥᠨᠳᠥᠷ ᠤᠷᠠᠯᠢᠭ ᠤᠨ ᠪᠦᠲᠦᠭᠡᠯ ᠪᠣᠯᠤᠨ᠎ᠠ ᠭᠡᠪᠡ᠃ 
20231116-1.jpg
        ᠡᠨᠡ ᠵᠢᠷᠤᠭ ᠢ 1932 ᠣᠨ ᠳᠤ ᠵᠤᠬᠢᠶᠠᠨ ᠪᠦᠳᠦᠭᠡᠪᠡ᠃ ᠦᠨ᠎ᠡ ᠬᠠᠶᠠᠵᠤ ᠬᠤᠳᠠᠯᠳᠤᠬᠤ ᠭᠠᠵᠠᠷ ᠤᠨ ᠰᠠᠭᠤᠭᠳᠠᠯᠴᠢ ᠪᠦᠯᠦᠭ ᠪᠠ ᠣᠲᠣ ᠦᠶ᠎ᠡ ᠶᠢᠨ ᠤᠷᠠᠯᠢᠭ ᠤᠨ ᠶᠠᠮᠤᠨ ᠤ ᠬᠠᠷᠢᠭᠤᠴᠠᠯᠭᠠᠲᠠᠨ ᠵᠦᠯᠢᠶᠠᠨ·ᠳ᠋ᠤᠽᠣᠨ ᠤ ᠬᠡᠯᠡᠬᠦ ᠳᠡᠭᠡᠨ᠂ ᠲᠡᠷᠡ ᠵᠢᠯ ᠪᠣᠯ ᠫᠢᠺᠠᠰᠤ᠋· ᠫᠠᠪᠯᠤ᠋ ᠶᠢᠨ ᠤᠷᠠᠯᠢᠭ ᠤᠨ ᠨᠢᠭᠡ ᠨᠠᠰᠤᠨ  ᠤ  ︽ᠭᠠᠶᠢᠬᠠᠮᠰᠢᠭᠲᠠᠶ ᠵᠢᠯ︾ ᠪᠤᠯᠤᠨ᠎ᠠ᠂ ᠲᠡᠷᠡ ᠶᠡᠭᠡ ᠣᠯᠠᠨ ᠪᠦᠲᠦᠭᠡᠯ ᠵᠣᠬᠢᠶᠠᠨ ᠪᠦᠲᠦᠭᠡᠵᠦ᠂ ᠤᠷᠠᠯᠢᠭ ᠤᠨ ᠲᠦᠪᠰᠢᠨ ᠨᠢ ᠰᠢᠨ᠎ᠡ ᠦᠨᠲᠦᠷᠯᠢᠭ ᠲᠤ ᠭᠦᠷᠦᠭᠰᠡᠨ ᠪᠠᠶᠢᠨ᠎ᠠ ᠬᠡᠵᠡᠢ᠃  ᠷᠦᠲ᠋ᠧᠷ ᠬᠤᠷᠢᠶᠠᠨ ᠤ ᠮᠡᠳᠡᠭᠡᠯᠡᠭᠰᠡᠨ ᠢᠶᠠᠷ᠂ ᠨᠡᠷ᠎ᠡ ᠪᠤᠷᠤᠭᠤᠯᠠᠭᠰᠠᠨ ᠨᠢᠭᠡᠨ ᠬᠤᠳᠠᠯᠳᠤᠨ ᠠᠪᠤᠭᠴᠢ ᠪᠤᠰᠤᠳ ᠬᠤᠶᠠᠷ ᠦᠷᠢᠰᠦᠯᠳᠦᠭᠴᠢ ᠪᠠᠨ ᠢᠯᠠᠵᠤ᠂ ᠡᠨᠡ ᠵᠢᠷᠤᠭ ᠢ ᠦᠨ᠎ᠡ ᠬᠠᠶᠠᠵᠤ ᠬᠤᠳᠠᠯᠳᠤᠨ ᠠᠪᠤᠬᠰᠠᠨ ᠪᠠᠶᠢᠨ᠎ᠠ ᠭᠡᠪᠡ᠃        ᠦᠨ᠎ᠡ ᠬᠠᠶᠠᠵᠤ ᠬᠤᠳᠠᠯᠳᠤᠬᠤ ᠭᠠᠵᠠᠷ ᠤᠨ ᠬᠢᠨ ᠡᠭᠦᠨ ᠠᠴᠠ ᠡᠮᠦᠨ᠎ᠡ ︽ᠪᠠᠭᠤᠤ ᠴᠠᠭ ᠵᠡᠭᠦᠭᠰᠡᠨ ᠪᠦᠰᠡᠭᠦᠢ︾ ᠶᠢᠨ ᠠᠷᠠᠯᠵᠢᠶᠠᠯᠠᠬᠤ ᠦᠨ᠎ᠡ ᠨᠢ ᠠᠳᠠᠭ ᠲᠠᠭᠠᠨ 1.2 ᠳ᠋ᠦᠩᠰᠢᠭᠤᠷ ᠳ᠋ᠣᠯᠯᠠᠷ ᠲᠤ ᠬᠦᠷᠬᠦ ᠪᠣᠯᠤᠮᠵᠢ ᠲᠠᠢ ᠭᠡᠵᠦ ᠵᠢᠱᠢᠵᠦ ᠪᠠᠶᠢᠪᠠ᠃ ᠡᠴᠦᠰ ᠤᠨ ᠦᠨ᠎ᠡ ᠨᠢ ᠡᠨᠡ ᠵᠢᠷᠤᠭ ᠢ ᠫᠢᠺᠠᠰᠤ᠋· ᠫᠠᠪᠯᠤ᠋ ᠶᠢᠨ ᠵᠢᠷᠤᠭ ᠤᠨ ᠳᠣᠲᠣᠷᠠᠬᠢ ᠦᠨ᠎ᠡ ᠬᠠᠶᠠᠵᠦ ᠬᠤᠳᠠᠯᠳᠤᠬᠤ ᠦᠨ᠎ᠡ ᠪᠠᠷ ᠬᠤᠶᠠᠳᠤᠭᠠᠷ ᠥᠨᠳᠥᠷ ᠪᠦᠲᠦᠭᠡᠯ ᠪᠣᠯᠭᠠᠵᠤ᠂ 2015 ᠣᠨ ᠳᠤ ᠵᠢᠶᠠᠱᠢᠳ᠋ ᠦᠨ᠎ᠡ ᠬᠠᠶᠠᠵᠦ ᠬᠤᠳᠠᠯᠳᠤᠬᠤ ᠭᠠᠵᠠᠷ ᠤᠨ 1.79 ᠳ᠋ᠦᠩᠰᠢᠭᠤᠷ ᠳ᠋ᠣᠯᠯᠠᠷ ᠢᠶᠠᠷ ᠦᠨ᠎ᠡ ᠬᠠᠶᠠᠵᠤ ᠬᠤᠳᠠᠯᠳᠤᠬᠰᠠᠨ ︽ᠠᠯᠵᠧᠷ ᠤᠨ ᠪᠦᠰᠡᠬᠦᠢ ︵O ᠬᠡᠪᠯᠡᠯ︶︾ ᠶᠢᠨ ᠳᠠᠷᠠᠭ᠎ᠠ ᠯᠠ ᠤᠷᠤᠭᠰᠠᠨ ᠪᠠᠶᠢᠨ᠎ᠠ᠃        ︽ᠪᠠᠭᠤᠤ ᠴᠠᠭ ᠵᠡᠭᠦᠭᠰᠡᠨ ᠪᠦᠰᠡᠬᠦᠢ︾ ᠪᠣᠯ ᠨᠢᠭᠡᠨᠳᠡ ᠨᠠᠰᠤ ᠪᠠᠷᠠᠭᠰᠠᠨ ᠠᠮᠧᠷᠢᠺᠠ ᠶᠢᠨ ᠬᠤᠷᠢᠶᠠᠨ ᠬᠠᠳᠠᠭᠠᠯᠠᠭᠴᠢ ᠡᠸ᠋ᠮᠢᠯᠢ· ᠹᠢᠱᠤᠷ· ᠯᠠᠨᠳᠣ᠋ ᠶᠢᠨ ᠬᠠᠳᠠᠭᠠᠯᠠᠮᠵᠢ ᠶᠢᠨ ᠪᠦᠳᠦᠭᠡᠯ ᠤᠨ ᠨᠢᠭᠡ ᠪᠣᠯᠤᠨ᠎ᠠ᠃ ᠲᠡᠷᠡ ᠠᠮᠧᠷᠢᠺᠠ  ᠶᠢᠨ ᠸᠧᠢᠢᠲᠨᠢ ᠤᠷᠠᠯᠢᠭ ᠤᠨ ᠮᠦᠽᠧᠶ ᠶᠢᠨ ᠬᠡᠷᠡᠭ ᠮᠡᠳᠡᠭᠴᠢᠳ ᠤᠨ ᠵᠥᠪᠯᠡᠯ ᠤᠨ ᠭᠡᠰᠢᠭᠦᠨ ᠤ ᠲᠤᠰᠢᠶᠠᠯ ᠢ ᠣᠷᠳᠣ ᠬᠤᠭᠤᠴᠠᠭ᠎ᠠ ᠪᠠᠷ ᠬᠠᠷᠢᠭᠤᠴᠠᠵᠤ ᠪᠠᠶᠢᠪᠠ᠂ ᠡᠨᠡ ᠵᠢᠯ ᠤᠨ 3 ᠰᠠᠷ᠎ᠠ ᠳᠤ 102 ᠨᠠᠰᠤᠲᠠᠶ ᠳᠠᠭᠠᠨ ᠨᠠᠰᠤ ᠪᠠᠷᠠᠪᠠ᠃   
ᠢᠷᠡᠯᠲᠡ᠄ ᠠᠷᠠᠳ ᠤᠨ ᠮᠤᠩᠭᠤᠯ ᠰᠦᠯᠵᠢᠶ᠎ᠡ