ᠡᠪᠡᠰᠥᠨ ᠬᠦᠷᠥᠮᠡᠯ ᠤᠨ ᠠᠵᠤ ᠥᠢᠯᠡᠰ ᠪᠠᠶᠠᠵᠢᠯ ᠤᠨ ᠵᠠᠮ ᠢ ᠬᠦᠲᠦᠯᠦᠯ᠎ᠡ
ᠨᠡᠶᠢᠲᠡᠯᠡᠭᠰᠡᠨ ᠴᠠᠭ᠄
2023/11/16
       ︽ᠪᠢᠳᠡ ᠤᠷᠢᠳᠠᠪᠠᠷ ᠤᠬᠢᠶᠠᠭᠰᠠᠨ ᠡᠷᠳᠡᠨᠢ ᠰᠢᠰᠢ ᠶᠢᠨ ᠨᠠᠪᠴᠢ ᠪᠠᠨ 3 — 5 ᠮᠢᠨᠦ᠋ᠲ ᠬᠠᠲᠠᠭᠠᠵᠤ ᠪᠠᠶᠢᠭᠠᠳ ᠰᠠᠶ᠋ᠢ ᠵᠢᠮᠢᠰ ᠤᠨ ᠰᠠᠭᠰᠤ ᠭᠦᠷᠦᠨ᠎ᠡ᠂ ᠣᠯᠠᠨ ᠢᠶᠠᠷ ᠢᠶᠠᠨ ᠨᠠᠭᠠᠰᠢ ᠪᠠᠨ ᠬᠠᠷᠠᠭᠠᠴᠢ᠂ ᠳᠤᠭᠤᠷᠢᠭᠤᠯᠵᠤ ᠪᠠᠶᠢᠭᠠᠳ ᠨᠢᠬᠳᠠ ᠪᠦᠭᠡᠳ ᠴᠢᠩᠭ᠎ᠠ ᠭᠦᠷᠦᠨ᠎ᠡ᠁︾ ᠣᠶᠢᠷ᠎ᠠ ᠳᠤ᠂ ᠰᠤᠷᠪᠤᠯᠵᠢᠯᠠᠭᠴᠢ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠢᠯᠡᠷ ᠪᠠᠯᠭᠠᠰᠤᠨ ᠤ ᠤᠯᠠᠭᠠᠨ ᠭᠡᠷᠡᠯ ᠭᠠᠴᠠᠭᠠᠨ ᠤ ᠳᠠᠷᠢᠶᠠᠴᠢᠨ ᠪᠦᠰᠡᠬᠦᠢ ᠴᠠᠩ ᠱᠢ ᠶᠤᠸᠠᠢ ᠶᠢᠨ ᠭᠡᠷ ᠲᠤ ᠬᠦᠷᠬᠦ ᠳᠤ᠂ ᠲᠡᠷᠡ ᠭᠠᠴᠠᠭᠠᠨ ᠤ ᠪᠦᠰᠡᠬᠦᠶᠢᠴᠤᠳ ᠲᠤ ᠡᠪᠡᠰᠦᠨ ᠭᠦᠷᠦᠮᠡᠯ ᠤᠨ ᠤᠷ᠎ᠠ ᠮᠡᠷᠭᠡᠵᠢᠯ ᠢ ᠨᠠᠷᠢᠨ ᠨᠢᠮᠪᠠᠶ ᠵᠢᠭᠠᠵᠤ ᠥᠭᠴᠦ ᠪᠠᠶᠢᠯ᠎ᠠ᠃ ᠲᠡᠭᠦᠨ ᠤ ᠭᠡᠷ ᠲᠤᠨᠢ ᠤᠷᠤᠪᠠᠯ ᠡᠪᠡᠰᠦᠨ ᠮᠠᠯᠠᠭᠠᠶ᠂ ᠵᠢᠵᠢᠭ ᠰᠠᠭᠰᠤ᠂ ᠴᠢᠷᠥᠬᠦᠯ ᠱᠠᠬᠠᠢ᠂ ᠵᠢᠮᠢᠰ ᠤᠨ ᠰᠠᠭᠰᠤ ᠪᠠ ᠣᠯᠪᠣᠭ ᠵᠡᠷᠭᠡ ᠶᠠᠩᠵᠤ ᠪᠦᠷᠢ ᠶᠢᠨ ᠨᠠᠷᠢᠯᠢᠭ ᠰᠠᠶᠢᠬᠠᠨ ᠡᠪᠡᠰᠦᠨ ᠭᠦᠷᠦᠮᠡᠯ ᠤᠨ ᠪᠦᠲᠦᠭᠡᠯ ᠢ ᠲᠠᠯᠪᠢᠵᠤ ᠪᠠᠶᠢᠭ᠎ᠠ ᠨᠢ ᠮᠠᠰᠢ ᠭᠤᠶᠣ ᠬᠠᠷᠠᠭᠳᠠᠨ᠎ᠠ᠃
20231116-2.jpg
       ᠤᠳᠥ ᠪᠤᠯ ᠶᠠᠭ ᠳᠠᠷᠢᠶ᠎ᠠ ᠲᠦᠮᠥᠰᠥ ᠤᠷᠤᠭᠤᠯᠵᠤ ᠪᠠᠶᠢᠭ᠎ᠠ ᠴᠠᠭ᠂ ᠣᠯᠠᠩᠬᠢ ᠭᠠᠵᠠᠷ ᠲᠤ ᠡᠷᠳᠡᠨᠢ ᠰᠢᠰᠢ ᠶᠢᠨ ᠨᠠᠪᠴᠢ᠂ ᠡᠰᠢ ᠰᠦᠷᠡᠯ ᠨᠢ ᠲᠠᠷᠢᠶᠠᠯᠠᠩ ᠤᠨ ᠦᠢᠯᠡᠳᠪᠦᠷᠢᠯᠡᠯ ᠤᠨ ᠶᠠᠪᠤᠴᠠ ᠳᠠᠬᠢ ᠬᠠᠶᠠᠭᠳᠠᠮᠠᠯ ᠪᠣᠳᠠᠰ ᠲᠤ ᠪᠠᠭᠲᠠᠨ᠎ᠠ᠃ ᠵᠢᠯ ᠪᠦᠷᠢ ᠶᠢᠨ ᠨᠠᠮᠤᠷ ᠤᠨ ᠬᠤᠷᠢᠶᠠᠯᠲᠠ ᠶᠢᠨ ᠦᠶ᠎ᠡ ᠳᠤ ᠴᠠᠩ ᠱᠢ ᠶᠤᠸᠠᠢ ᠪᠦᠷ ᠲᠠᠷᠢᠶᠠᠨ ᠳᠠᠭᠠᠨ ᠣᠴᠢᠵᠤ ᠨᠠᠷᠢᠨ ᠨᠢᠮᠪᠠᠶ ᠰᠢᠯᠢᠨ ᠰᠤᠩᠭᠤᠬᠤ ᠪᠠᠷ ᠳᠠᠮᠵᠢᠨ ᠰᠢᠯᠢᠳᠡᠭ ᠪᠦᠳᠥᠨ ᠡᠷᠳᠡᠨᠢ ᠰᠢᠰᠢ ᠶᠢᠨ ᠨᠠᠪᠴᠢ ᠶᠢ ᠳᠡᠬᠦᠵᠤ ᠠᠪᠴᠢᠷᠠᠳᠠᠭ᠂ ᠡᠲᠡᠭᠡᠷ ᠡᠷᠳᠡᠨᠢ ᠰᠢᠰᠢ ᠶᠢᠨ ᠨᠠᠪᠴᠢ ᠨᠢ ᠲᠡᠭᠦᠨ ᠤ ᠤᠷᠠᠨ ᠮᠡᠷᠭᠡᠵᠢᠯ ᠢᠶᠠᠷ ︽ᠤᠷᠠᠯᠢᠭ ᠤᠨ ᠪᠦᠲᠦᠭᠡᠯ︾ ᠪᠤᠯᠳᠠᠭ ᠪᠠᠶᠢᠨ᠎ᠠ᠃  ᠴᠠᠩ ᠱᠢ ᠶᠤᠸᠠᠢ ᠶᠢᠨ ᠬᠠᠳᠠᠮ ᠠᠪᠤ ᠡᠵᠢ ᠨᠢ ᠮᠦᠨᠴᠤ ᠭᠠᠷ ᠤᠷᠠᠨ ᠬᠦᠮᠥᠨ᠂ ᠴᠠᠩ ᠱᠢ ᠶᠤᠸᠠᠢ ᠳᠡᠳᠡᠨ ᠤ ᠡᠪᠡᠰᠥᠨ ᠬᠦᠷᠥᠮᠡᠯ ᠤᠨ ᠥᠢᠯᠡᠳᠬᠦᠨ ᠬᠢᠬᠦ᠂ ᠤᠷᠠᠨ ᠬᠠᠳᠬᠤᠮᠠᠯ ᠤᠷᠤᠯᠳᠤᠬᠤ ᠶᠢ ᠨᠢ ᠦᠷᠬᠦᠯᠵᠢ ᠦᠵᠡᠳᠡᠭ ᠪᠦᠭᠡᠳ ᠲᠤᠰᠠ ᠳᠡᠮ ᠪᠤᠯᠵᠤ ᠪᠠᠶᠢᠪᠠ᠃ ᠤᠳᠠᠭᠠᠨ ᠳᠠᠭᠠᠨ ᠳᠡᠷᠡ ᠡᠪᠡᠰᠥᠨ ᠬᠦᠷᠥᠮᠡᠯ ᠤᠨ ᠮᠡᠷᠭᠡᠵᠢᠯ ᠢ ᠨᠢ ᠰᠤᠷᠴᠤ ᠡᠵᠡᠮᠰᠢᠨ᠂ ᠦᠪᠡᠰᠥᠪᠡᠨ ᠲᠦᠬᠦᠮᠭᠡᠨ ᠬᠦᠷᠥᠮᠡᠯ ᠰᠠᠭᠰᠥ᠂ ᠤᠯᠪᠤᠭ ᠵᠡᠷᠭᠡ ᠶᠢ ᠬᠢᠵᠤ ᠪᠠᠶᠢᠭᠰᠠᠨ ᠠᠴᠠ ᠪᠠᠨ ᠰᠡᠭᠦᠯᠡᠷ ᠨᠢ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠡᠪᠡᠰᠦᠨ ᠭᠦᠷᠦᠮᠡᠯ ᠤᠨ ᠪᠣᠯᠪᠠᠰᠤᠷᠠᠯ ᠤᠨ ᠠᠩᠭᠢ ᠳᠤ ᠤᠷᠤᠯᠴᠠᠬᠤ ᠪᠠᠷ ᠳᠠᠮᠵᠢᠨ ᠡᠪᠡᠰᠦᠨ ᠭᠦᠷᠦᠮᠡᠯ ᠤᠨ ᠮᠡᠷᠭᠡᠵᠢᠯ ᠢ ᠨᠡᠩ ᠰᠢᠰᠲ᠋ᠧᠮ ᠲᠠᠢ ᠡᠵᠡᠮᠰᠢᠭᠰᠡᠨ ᠪᠠᠶᠢᠨ᠎ᠠ᠃ 
20231116-3.jpg
       ᠡ᠊ᠨᠡ ᠵᠢᠯ ᠤᠨ 5 ᠰᠠᠷ᠎ᠠ ᠳᠤ᠂ ᠴᠠᠩ ᠱᠢ ᠶᠤᠸᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨ ᠳᠠᠷᠢᠶᠠᠴᠢᠳ ᠤᠨ ᠭᠠᠷ ᠤᠷᠠᠯᠠᠯ ᠤᠨ ᠲᠤᠰᠬᠠᠶ ᠬᠤᠷᠰᠢᠶ᠎ᠠ ᠶᠢ ᠪᠠᠶᠢᠭᠤᠯᠵᠤ᠂ ᠤᠶᠢᠷ᠎ᠠ ᠬᠠᠪᠢ ᠶᠢᠨ 200 ᠭᠠᠷᠤᠢ ᠳᠠᠷᠢᠶᠠᠴᠢᠨ ᠪᠦᠰᠡᠬᠦᠶᠢᠴᠤᠳ ᠢᠶᠠᠨ ᠳᠠᠭᠠᠭᠤᠯᠤᠨ ᠦᠢᠯᠡᠰ ᠪᠤᠰᠬᠠᠬᠤ ᠵᠠᠮ ᠢᠶᠠᠷ ᠵᠠᠮᠨᠠᠭᠰᠠᠨ ᠶᠤᠮ᠃  ᠤᠳᠥ ᠤᠯᠠᠭᠠᠨ ᠭᠡᠷᠡᠯ ᠭᠠᠴᠠᠭᠠᠨ ᠳᠤ ᠰᠤᠯᠠ ᠰᠡᠯᠡᠬᠦᠥ ᠴᠠᠭ ᠢᠶᠠᠷ ᠢᠶᠠᠨ ᠡᠪᠡᠰᠥᠨ ᠬᠦᠷᠥᠮᠡᠯ ᠤᠨ ᠥᠢᠯᠡᠳᠬᠦᠨ ᠬᠢᠵᠤ ᠤᠷᠤᠯᠭ᠎ᠠ ᠪᠠᠨ ᠨᠡᠮᠡᠭᠳᠡᠬᠦᠯᠵᠤ ᠪᠠᠶᠢᠭ᠎ᠠ ᠬᠦᠮᠥᠨ ᠤᠯᠠᠮ ᠢᠶᠠᠷ ᠤᠯᠠᠰᠢᠷᠠᠯ᠎ᠠ᠃ ᠤᠳᠥ ᠴᠠᠩ ᠱᠢ ᠶᠤᠸᠠᠢ ᠡᠳᠥᠷ ᠪᠦᠷᠢ ᠸᠢᠴᠠᠲ ᠵᠡᠷᠭᠡ ᠲᠠᠪᠴᠠᠩ ᠢᠶᠠᠷ ᠳᠡᠮᠵᠢᠨ᠂ ᠬᠦᠭᠡᠬᠤᠳᠠ᠂ ᠬᠦᠯᠥᠨ ᠪᠤᠶᠢᠷ᠂ ᠡᠷᠢᠶᠡᠨ ᠬᠤᠳᠠ᠂ ᠭᠢᠷᠢᠨ᠂ ᠬᠠᠷᠠᠮᠥ᠋ᠷᠡᠨ ᠮᠤᠵᠢ ᠵᠡᠷᠭᠡ ᠭᠠᠵᠠᠷ ᠤᠳ ᠢᠶᠠᠷ ᠥᠢᠯᠡᠳᠬᠦᠨ ᠢᠶᠠᠨ ᠪᠤᠷᠤᠯᠠᠭᠤᠯᠤᠨ᠂ ᠵᠢᠯ ᠪᠦᠷᠢ ᠶᠢᠨ ᠴᠡᠪᠡᠷ ᠤᠷᠤᠯᠭ᠎ᠠ ᠨᠢ 5 ᠲᠦᠮᠡ ᠭᠠᠷᠤᠶ ᠲᠥᠭᠦᠷᠢᠭ ᠲᠤᠯᠤᠭᠰᠠᠨ ᠪᠠᠶᠢᠨ᠎ᠠ᠃ 
20231116-4.jpg
       ︽ᠪᠢ ᠦᠡᠭᠭᠡᠷᠡᠭᠰᠡᠨ ᠳᠤ ᠡᠮᠥᠨᠡᠳᠥ ᠬᠤᠰᠢᠭᠤᠨ ᠤ ᠨᠡᠳᠥᠭᠡᠷ ᠪᠠᠯᠭᠠᠰᠥ ᠵᠡᠷᠭᠡ ᠭᠠᠵᠠᠷ ᠢᠶᠠᠷ ᠤᠷᠢᠭᠳᠠᠵᠤ ᠡᠪᠡᠰᠥᠨ ᠬᠦᠷᠥᠮᠡᠯ ᠤᠨ ᠮᠡᠷᠭᠡᠵᠢᠯ ᠵᠢᠭᠠᠵᠤ ᠪᠠᠶᠢᠪᠠ᠂ ᠡ᠊ᠨᠡ ᠵᠢᠯ ᠠᠴᠠ ᠡᠬᠢᠯᠡᠨ ᠦᠪᠠᠷ ᠤᠨ ᠲᠤᠰᠬᠠᠢ ᠬᠤᠷᠰᠢᠶ᠎ᠠ ᠳᠠᠭᠠᠨ ᠪᠤᠯᠪᠠᠰᠤᠷᠠᠯ ᠤᠨ ᠠᠩᠬᠢ ᠡᠷᠬᠢᠯᠡᠵᠤ᠂ ᠤᠶᠢᠷ᠎ᠠ ᠬᠠᠪᠢ ᠶᠢᠨ ᠳᠠᠷᠢᠶᠠᠴᠢᠨ ᠪᠦᠰᠡᠬᠦᠶᠢᠴᠤᠳ ᠢ ᠴᠤᠭᠯᠠᠭᠤᠯᠥᠨ ᠡᠪᠡᠰᠥᠨ ᠬᠦᠷᠥᠮᠡᠯ ᠤᠨ ᠮᠡᠷᠭᠡᠵᠢᠯ ᠢ ᠰᠤᠷᠭᠠᠬᠤ ᠪᠠᠷ ᠲᠦᠯᠥᠪᠯᠡᠵᠤ ᠪᠠᠶᠢᠨ᠎ᠠ᠃ ᠤᠳᠥ ᠮᠠᠨ ᠤ ᠬᠢᠭᠰᠡᠨ ᠤᠯᠪᠤᠭ᠂ ᠴᠢᠷᠥᠬᠦᠯ ᠱᠠᠬᠠᠢ ᠪᠠ ᠵᠢᠵᠢᠭ ᠰᠠᠭᠰᠥ ᠵᠠᠬ᠎ᠠ ᠳᠡᠯᠭᠡᠬᠦᠷ ᠲᠤ ᠪᠤᠷᠤᠯᠠᠭᠤᠯᠭ᠎ᠠ ᠮᠠᠰᠢ ᠰᠠᠶᠢᠨ ᠪᠠᠶᠢᠨ᠎ᠠ᠂ ᠪᠢᠳᠡ ᠤᠷᠤᠯᠭ᠎ᠠ ᠪᠠᠨ ᠨᠡᠮᠡᠭᠳᠡᠬᠦᠯᠬᠦ ᠶᠢᠨ ᠬᠠᠮᠳᠥ ᠥᠢᠯᠡᠳᠬᠦᠨ ᠤ ᠪᠠᠨ ᠴᠢᠨᠠᠷ ᠢ ᠪᠠᠳᠤᠯᠠᠬᠤ ᠨᠢ ᠨᠡᠩ ᠴᠢᠬᠤᠯᠠ᠂ ᠳᠡᠶᠢᠮᠥ ᠠᠴᠠ ᠪᠤᠯᠪᠠᠰᠤᠷᠠᠯ ᠬᠦᠷᠳᠡᠭᠡᠬᠦ ᠶᠠᠪᠤᠴᠠ ᠳᠤ ᠥᠢᠯᠡᠳᠬᠦᠨ ᠢᠶᠠᠨ ᠬᠡᠷᠬᠢᠨ ᠴᠢᠩᠭ᠎ᠠ ᠨᠢᠮᠪᠠᠢ ᠰᠠᠶᠢᠬᠠᠨ ᠬᠢᠬᠦ ᠶᠢ ᠭᠤᠤᠯᠳᠠᠯᠭ᠎ᠠ ᠲᠠᠢ ᠵᠢᠭᠠᠬᠤ ᠪᠤᠯᠤᠨ᠎ᠠ︾ ᠭᠡᠵᠤ ᠴᠠᠩ ᠱᠢ ᠶᠤᠸᠠᠢ ᠢᠳᠡᠭᠡᠯ ᠲᠠᠢ ᠶᠠᠷᠢᠯ᠎ᠠ᠃         ︽ᠡᠪᠡᠰᠦᠨ ᠭᠦᠷᠦᠮᠡᠯ ᠤᠨ ᠮᠡᠷᠭᠡᠵᠢᠯ ᠢ ᠰᠤᠷᠤᠯᠴᠠᠬᠤ ᠪᠠ ᠥᠢᠯᠡᠳᠪᠤᠷᠢᠯᠡᠬᠦ ᠳᠤ ᠲᠦᠬᠦᠬᠡᠢ ᠮᠠᠲ᠋ᠧᠷᠢᠶᠠᠯ ᠤᠨ ᠥᠪᠡᠷ ᠤᠨ ᠥᠷᠲᠡᠭ ᠪᠠᠷᠤᠭ ᠬᠡᠷᠡᠭᠰᠡᠬᠦ ᠥᠬᠡᠶ᠂ ᠬᠥᠳᠡᠭᠡ ᠲᠣᠰᠬᠤᠨ ᠤ ᠭᠠᠵᠠᠷ ᠪᠣᠯᠭᠠᠨ ᠳᠤ ᠬᠠᠷᠠᠭᠳᠠᠬᠤ ᠡᠷᠳᠡᠨᠢ ᠰᠢᠰᠢ ᠶᠢᠨ ᠨᠠᠪᠴᠢ ᠵᠡᠷᠭᠡ ᠶᠢ ᠠᠰᠢᠭᠯᠠᠨ ᠬᠠᠶᠠᠭᠳᠠᠮᠠᠯ ᠡᠳ᠋ ᠢ ᠡᠷᠳᠡᠨᠢ ᠪᠣᠯᠭᠠᠵᠤ ᠪᠣᠯᠤᠨ᠎ᠠ᠂ ᠡᠪᠡᠰᠥᠨ ᠬᠦᠷᠥᠮᠡᠯ ᠤᠨ ᠠᠵᠤ ᠥᠢᠯᠡᠰ ᠪᠤᠯ ᠪᠣᠬᠢᠷᠲᠤᠯ ᠥᠬᠡᠶ ᠠᠵᠤ ᠦᠢᠯᠡᠰ ᠮᠥᠨ᠃ ᠲᠠᠷᠠᠭᠠᠴᠢ ᠪᠠᠷ ᠮᠠᠨ ᠤ ᠭᠠᠴᠠᠭ᠎ᠠ ᠡᠪᠡᠰᠦᠨ ᠭᠦᠷᠦᠮᠡᠯ ᠤᠨ ᠠᠵᠤ ᠥᠢᠯᠡᠰ ᠢ ᠲᠤᠬᠠᠶ ᠶᠢᠨ ᠭᠠᠵᠠᠷ ᠤᠨ ᠰᠢᠨ᠎ᠡ ᠪᠠᠷ ᠬᠥᠭᠵᠢᠭᠰᠡᠨ ᠤᠨᠴᠠᠯᠢᠭᠳᠤ ᠠᠵᠤ ᠦᠢᠯᠡᠰ ᠪᠣᠯᠭᠠᠨ ᠬᠥᠭᠵᠢᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠭᠡᠨ᠎ᠡ᠃ ᠨᠡᠩ ᠤᠯᠠᠨ ᠡᠮᠡᠭᠲᠡᠶᠢᠴᠦᠳ ᠢ ᠲᠠᠶᠢᠴᠢᠯᠠᠨ ᠡᠪᠡᠰᠦᠨ ᠭᠦᠷᠦᠮᠡᠯ ᠤᠨ ᠤᠷ᠎ᠠ ᠮᠡᠷᠭᠡᠵᠢᠯ ᠢ ᠰᠤᠷᠤᠯᠴᠠᠭᠤᠯᠵᠤ᠂ ᠵᠢᠵᠢᠭ ᠡᠪᠡᠰᠦᠨ ᠭᠦᠷᠦᠮᠡᠯ ᠢ ᠲᠤᠮᠤ ᠠᠵᠤ ᠥᠢᠯᠡᠰ ᠪᠤᠯᠭᠠᠵᠤ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠬᠦᠴᠥᠨ ᠨᠡᠮᠡᠷᠢᠯᠡᠨ᠎ᠡ︾ ᠭᠡᠵᠦ ᠤᠯᠠᠭᠠᠨ ᠭᠡᠷᠡᠯ ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠠᠢ ᠪᠠ ᠶᠢᠨ ᠬᠡᠯᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ