ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠷᠠᠳ ᠤᠨ ᠰᠣᠶᠣᠯ | ᠤᠷᠠᠯᠢᠭ ᠤᠨ ᠨᠤᠲᠤᠭ︾ ᠤᠨ ᠵᠢᠱᠢᠶ᠎ᠡ ᠦᠵᠡᠭᠦᠯᠭᠦ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠲᠦᠷᠦᠭᠦᠬᠡᠨ ᠾᠧᠪᠧᠢ ᠮᠤᠵᠢ ᠳᠤ ᠶᠠᠪᠤᠭᠳᠠᠵᠤ᠂ ᠮᠠᠨ ᠤ | ᠣᠷᠣᠨ ᠤ ᠬᠥᠯᠥᠨ ᠪᠤᠶᠢᠷ ᠬᠤᠲᠠ ᠶᠢᠨ ᠣᠯᠭᠤᠶᠠ ᠶᠢᠨ ᠮᠣᠳᠣᠨ ᠰᠡᠶᠢᠯᠦᠮᠡᠯ ᠪᠠ ᠬᠤᠰᠤᠨ ᠮᠣᠳᠣᠨ ᠤ ᠦᠢᠰᠦᠨ ᠤᠷᠠᠯᠠᠯ᠂ ᠲᠦᠩᠯᠢᠶᠣᠣ ᠬᠤᠲᠠ ᠶᠢᠨ ᠬᠤᠷᠴᠢᠨ | ᠲᠣᠭᠤᠷᠢᠭ ᠤᠨ ᠬᠡᠦᠬᠡᠳ ᠤᠨ ᠪᠠᠷ ᠵᠢᠷᠤᠭ᠂ ᠭᠦᠭᠡᠬᠤᠲᠠ ᠶᠢᠨ ᠬᠤᠷᠢᠨᠭᠡᠷ ᠰᠢᠶᠠᠨ ᠤ ᠴᠠᠭᠠᠰᠤᠨ ᠬᠠᠶᠢᠴᠢᠯᠠᠮᠠᠯ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ | ᠠᠨᠳᠠᠢ ᠪᠥᠵᠢᠭ 5 ᠲᠥᠷᠥᠯ ᠵᠦᠢᠯ ᠦᠵᠡᠭᠦᠯᠭᠡ ᠳᠤ ᠣᠷᠣᠯᠴᠠᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ | ᠲᠣᠰ ᠤᠳᠠᠭ᠎ᠠ ᠶᠢᠨ ᠠᠵᠢᠯᠯᠠᠭ᠎ᠠ ᠨᠢ ︽ᠠᠷᠠᠳ ᠤᠨ ᠤᠷᠠᠯᠢᠭ ᠬᠥᠳᠡᠭᠡ ᠲᠣᠰᠬᠤᠨ ᠢ ᠭᠡᠷᠡᠯᠲᠦᠭᠦᠯᠵᠦ ᠤᠯᠠᠮᠵᠢᠯᠠᠯᠲᠤ ᠰᠣᠶᠣᠯ ᠬᠥᠭᠵᠢᠯᠲᠡ ᠳᠤ ᠬᠦᠴᠦᠨ | ᠨᠡᠮᠡᠷᠢᠯᠡᠨᠡᠮ︾ ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠪᠡᠭᠡᠵᠢᠩ᠂ ᠲᠢᠶᠠᠨᠵᠢᠨ᠂ ᠥᠪᠥᠷ ᠮᠣᠩᠭᠤᠯ ᠵᠡᠷᠭᠡ 13 ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠶᠢᠨ ᠰᠢᠯᠢᠳᠡᠭ ᠰᠠᠶᠢᠨ ᠠᠷᠠᠳ ᠤᠨ ᠰᠣᠶᠣᠯ ᠤᠷᠠᠯᠢᠭ ᠤᠨ ᠦᠵᠡᠭᠦᠯᠭᠡ ᠶᠢᠨ ᠲᠥᠷᠥᠯ ᠵᠦᠢᠯ ᠪᠣᠯᠣᠨ ᠲᠣᠬᠯᠠᠯᠲᠠ ᠶᠢ | ᠲᠥᠪᠯᠡᠷᠡᠭᠦᠯᠵᠦ᠂ ᠠᠬᠤᠢ ᠳᠠᠯᠠᠪᠠᠢ ᠳᠤ ᠲᠦᠮᠡ ᠰᠢᠬᠠᠮ ᠬᠥᠮᠥᠨ ᠦᠵᠡᠭᠦᠯᠭᠡ ᠶᠢ ᠲᠣᠭᠤᠷᠢᠨ ᠦᠵᠡᠵᠦ᠂ 1300 ᠲᠦᠮᠡᠨ ᠬᠥᠮᠥᠨ ᠰᠢᠭᠤᠳ ᠨᠡᠪᠲᠡᠷᠡᠭᠦᠯᠭᠡ ᠶᠢ | ᠦᠵᠡᠵᠡᠢ᠃ | ᠣᠶᠢᠯᠠᠭᠠᠭᠰᠠᠨ ᠢᠶᠠᠷ᠂ 2021 ᠣᠨ ᠠᠴᠠ 2023 ᠣᠨ ᠪᠤᠯᠳᠠᠯ᠎ᠠ ᠮᠠᠨ ᠤ ᠣᠷᠣᠨ ᠤ 5 ᠬᠤᠰᠢᠭᠤ ᠰᠢᠶᠠᠨ ᠤᠷᠢᠳ ᠬᠤᠵᠢᠳ ︽ᠳᠤᠮᠳᠠᠳᠤ ᠤᠯᠤᠰ | ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠦᠨᠡᠯᠡᠭᠳᠡᠪᠡ᠃ ᠡᠨᠡ 5 ᠬᠤᠰᠢᠭᠤ ᠰᠢᠶᠠᠨ ᠨᠢ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠢ ᠮᠥᠷᠲᠡᠭᠡᠨ ᠥᠷᠭᠡᠨ ᠢᠶᠠᠷ ᠣᠷᠣᠯᠴᠠᠬᠰᠠᠨ ᠠᠷᠠᠳ ᠤᠨ ᠰᠣᠶᠣᠯ ᠤᠷᠠᠯᠢᠭ ᠲᠠᠢ ᠪᠣᠯᠬᠤᠷ ᠪᠦᠭᠦ ᠤᠯᠤᠰ ᠲᠤ | ᠨᠡᠯᠢᠶᠡᠳ ᠶᠡᠭᠡ ᠨᠡᠷ᠎ᠡ ᠨᠥᠯᠥᠭᠡ ᠲᠠᠢ ᠶᠤᠮ᠃ ᠡᠳᠡᠭᠡᠷ ᠭᠠᠵᠠᠷ ᠨᠢ ᠰᠢᠯᠢᠳᠡᠭ ᠰᠠᠶᠢᠨ ᠠᠷᠠᠳ ᠤᠨ ᠰᠣᠶᠣᠯ ᠤᠯᠠᠮᠵᠢᠯᠠᠯ ᠪᠠ ᠰᠣᠶᠣᠯ ᠤᠨ ᠡᠬᠢ ᠪᠠᠶᠠᠯᠢᠭ ᠢᠶᠠᠨ | ᠭᠦᠢᠴᠡᠳ ᠠᠰᠢᠭᠯᠠᠨ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠦᠨᠳᠦᠰᠦᠲᠡᠨ ᠤ ᠪᠠ ᠣᠷᠣᠨ ᠨᠤᠲᠤᠭ ᠤᠨ ᠣᠨᠴᠠᠯᠢᠭ ᠢᠶᠠᠷ ᠪᠢᠯᠬᠠᠮ᠎ᠠ ᠠᠷᠠᠳ ᠤᠨ | ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ᠂ ᠲᠣᠬᠯᠠᠯᠲᠠ᠂ ᠦᠵᠡᠭᠦᠯᠭᠡ᠂ ᠪᠣᠯᠪᠠᠰᠤᠷᠠᠯ ᠪᠠ ᠰᠣᠯᠢᠯᠴᠠᠭ᠎ᠠ ᠵᠡᠷᠭᠡ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠠᠷᠠᠳ ᠤᠨ ᠰᠣᠶᠣᠯ ᠤᠷᠠᠯᠢᠭ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ᠃ | | |