ᠬᠥᠯᠥᠨ ᠪᠤᠶᠢᠷ ᠬᠤᠳᠠ ᠤᠮᠠᠷᠠᠰᠢ ᠨᠡᠭᠡᠭᠡᠯᠲᠡ ᠬᠢᠬᠦ ︽ᠰᠢᠵᠢᠷ ᠠᠯᠳᠠᠨ ᠵᠠᠮ︾ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/11/24
       ︽ᠪᠢᠳᠡ ᠵᠢᠭᠤᠯᠴᠢᠯᠠᠯ ᠤᠨ ᠪᠦᠯᠭᠦᠮ ᠳᠤ ᠨᠡᠷ᠎ᠡ ᠮᠡᠳᠡᠭᠦᠯᠦᠭᠰᠡᠨ ᠤ ᠳᠠᠷᠠᠭ᠎ᠠ ᠡᠳᠦᠷ ᠨᠢ ᠨᠠᠭᠠᠰᠢ ᠮᠣᠷᠳᠠᠭᠰᠠᠨ ᠶᠤᠮ᠂ ᠵᠠᠮᠴᠢᠯᠠᠭᠴᠢ ᠪᠢᠳᠡᠨ ᠢ ᠳᠠᠭᠠᠭᠤᠯᠵᠤ ᠪᠣᠭᠤᠮᠲᠠ ᠪᠠᠷ ᠮᠠᠰᠢ ᠬᠤᠷᠳᠤᠨ ᠥᠩᠭᠡᠷᠡᠭᠦᠯᠪᠡ᠂ ᠠᠩᠬ᠎ᠠ ᠤᠳᠠᠭ᠎ᠠ ᠮᠠᠨᠵᠤᠤᠷ ᠲᠤ ᠢᠷᠡᠭᠰᠡᠨ ᠳᠡᠭᠡᠨ ᠦᠨᠡᠬᠡᠷ ᠪᠠᠶᠠᠷᠲᠠᠢ ᠪᠠᠶᠢᠨ᠎ᠠ︾ ᠭᠡᠵᠦ ᠣᠷᠣᠰ ᠤᠨ ᠢᠷᠺᠦ᠋ᠼᠺ  ᠠᠴᠠ ᠢᠷᠡᠭᠰᠡᠨ ᠵᠢᠭᠤᠯᠴᠢᠯᠠᠭᠴᠢ ᠸᠢᠯᠠ ᠰᠤᠷᠪᠤᠯᠵᠢᠯᠠᠬᠴᠢ ᠳᠤ ᠬᠡᠯᠡᠨ᠎ᠡ᠃ ᠲᠡᠷᠡ ᠡᠨᠡ ᠬᠤᠶᠠᠷ ᠡᠳᠦᠷ ᠵᠢᠭᠤᠯᠴᠢᠯᠠᠯ ᠤᠨ ᠪᠦᠯᠭᠦᠮ ᠢ ᠲᠠᠭᠠᠨ ᠤᠭᠰᠠᠷᠠᠭ᠎ᠠ ᠬᠡᠦᠬᠡᠯᠳᠡᠢ ᠶᠢᠨ ᠲᠠᠯᠠᠪᠠᠢ᠂ ︽ᠰᠢᠶᠦ᠋ᠩ ᠰᠢᠶᠣᠣ ᠮᠠᠨ︾ ᠵᠡᠷᠭᠡ ᠭᠠᠵᠠᠷ ᠣᠷᠣᠨ ᠤ ᠣᠨᠴᠠᠯᠢᠭ ᠲᠠᠢ ᠣᠯᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠯ᠎ᠠ᠃
11241.png
       9 ᠰᠠᠷ᠎ᠠ ᠶᠢᠨ 22 ᠤᠨ ᠡᠳᠦᠷ ᠮᠠᠨᠵᠤᠤᠷ ᠬᠢᠯᠢ ᠶᠢᠨ ᠪᠣᠭᠤᠮᠲᠠ ᠣᠷᠣᠰ ᠲᠤ ᠬᠦᠷᠬᠦ ᠪᠦᠯᠭᠦᠮ ᠨᠡᠶᠢᠳᠡ ᠶᠢᠨ ᠵᠢᠭᠤᠯᠴᠢᠯᠠᠯ ᠤᠨ ᠥᠯᠥ ᠸᠢᠰᠠᠯᠠᠬᠤ ᠲᠤᠬᠠᠶᠢᠯᠠᠭᠰᠠᠨ ᠠᠵᠢᠯ ᠢ ᠰᠡᠷᠭᠦᠭᠡᠵᠦ᠂ 10 ᠰᠠᠷ᠎ᠠ ᠶᠢᠨ 27 ᠤ ᠡᠳᠦᠷ ᠣᠷᠣᠰ ᠠᠴᠠ ᠳᠤᠮᠳᠠᠳᠤ ᠤᠯᠤᠰ ᠲᠤ ᠵᠢᠭᠤᠯᠴᠢᠯᠠᠬᠤ ᠳᠤ ᠥᠯᠥ ᠸᠢᠰᠠᠯᠠᠬᠤ ᠲᠤᠬᠠᠶᠢᠯᠠᠭᠰᠠᠨ ᠠᠵᠢᠯ ᠢ ᠰᠡᠷᠭᠦᠭᠡᠪᠡ᠃ ᠢᠩᠭᠢᠭᠡᠳ ᠳᠤᠮᠳᠠᠳᠤ ᠣᠷᠣᠰ ᠤᠨ ᠪᠦᠯᠭᠦᠮ ᠨᠡᠶᠢᠳᠡ ᠶᠢᠨ ᠵᠢᠭᠤᠯᠴᠢᠯᠠᠯ ᠤᠨ ᠬᠠᠷᠢᠯᠴᠠᠨ ᠥᠯᠥ ᠸᠢᠰᠠᠯᠠᠬᠤ ᠲᠤᠬᠠᠶᠢᠯᠠᠭᠰᠠᠨ ᠠᠵᠢᠯ ᠪᠦᠭᠦ ᠲᠠᠯ᠎ᠠ ᠪᠠᠷ ᠰᠡᠷᠭᠦᠭᠰᠡᠨ ᠪᠠᠶᠢᠨ᠎ᠠ᠃       ᠪᠦᠷᠢᠳᠬᠡᠯ ᠢ ᠦᠨᠳᠦᠰᠦᠯᠡᠪᠡᠯ᠂ ᠳᠤᠮᠳᠠᠳᠤ ᠣᠷᠣᠰ ᠤᠨ ᠪᠦᠯᠭᠦᠮ ᠨᠡᠶᠢᠳᠡ ᠶᠢᠨ ᠵᠢᠭᠤᠯᠴᠢᠯᠠᠯ ᠤᠨ ᠬᠠᠷᠢᠯᠴᠠᠨ ᠥᠯᠥ ᠸᠢᠰᠠᠯᠠᠬᠤ ᠲᠤᠬᠠᠶᠢᠯᠠᠭᠰᠠᠨ ᠠᠵᠢᠯ  ᠢ ᠰᠡᠷᠭᠦᠭᠡᠭᠰᠡᠨ ᠠᠴᠠ ᠨᠠᠭᠠᠰᠢ 11 ᠰᠠᠷ᠎ᠠ ᠶᠢᠨ 6 ᠤ ᠡᠳᠦᠷ ᠪᠤᠯᠲᠠᠯ᠎ᠠ᠂ ᠨᠡᠶᠢᠲᠡ 183 ᠪᠦᠯᠭᠦᠮ ᠤᠨ 2331 ᠬᠥᠮᠥᠨ ᠢ ᠭᠥᠯᠢᠶᠡᠨ ᠠᠪᠴᠠᠢ᠃ ᠡᠭᠦᠨ ᠳᠤ ᠳᠤᠮᠳᠠᠳᠤ ᠶᠢᠨ ᠬᠢᠯᠢ ᠠᠴᠠ ᠭᠠᠷᠬᠤ 59 ᠪᠦᠯᠭᠦᠮ ᠤᠨ 654 ᠬᠥᠮᠥᠨ᠂ ᠲᠤᠮᠳᠠᠳᠤ ᠶᠢᠨ ᠬᠢᠯᠢ ᠳᠤ ᠣᠷᠣᠬᠤ 124 ᠪᠦᠯᠭᠦᠮ ᠤᠨ 1677 ᠬᠥᠮᠥᠨ ᠪᠤᠶ᠃ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠤᠭᠤᠬᠢᠯᠠᠨ ᠳᠠᠪᠬᠢᠵᠤ᠂ ᠠᠴᠢᠶᠠᠨ ᠤ ᠮᠠᠰᠢᠨ ᠲᠡᠷᠭᠡ ᠨᠦᠭᠦᠳ ᠨᠠᠭᠠᠰᠢ ᠴᠠᠭᠠᠰᠢ ᠰᠦᠯᠵᠢᠯᠳᠦᠵᠦ᠂ ᠠᠵᠤ ᠠᠬᠤᠶᠢᠯᠠᠯ ᠤᠳ ᠤᠯᠠᠮ ᠠᠴᠠ ᠤᠯᠠᠮ ᠬᠥᠭᠵᠢᠨ ᠪᠤᠵᠠᠭᠠᠶᠢᠷᠠᠨ᠎ᠠ᠃ ᠮᠠᠨᠵᠤᠤᠷ ᠤᠨ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠤᠨ ᠬᠢᠯᠢ ᠶᠢᠨ ᠪᠣᠭᠤᠮᠲᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤ ᠬᠠᠰᠢᠶᠠᠲᠤ ᠬᠢᠯᠢ ᠶᠢᠨ ᠪᠣᠭᠤᠮᠲᠠ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠬᠢᠯᠢ ᠶᠢᠨ ᠪᠣᠭᠤᠮᠲᠠ ᠁ ᠬᠥᠯᠥᠨ ᠪᠤᠶᠢᠷ ᠤᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠭᠠᠳᠠᠭᠠᠳᠤ ᠨᠡᠭᠡᠭᠡᠯᠲᠡ ᠶᠢᠨ ᠬᠢᠯᠢ ᠶᠢᠨ ᠪᠣᠭᠤᠮᠲᠠ ᠴᠡᠭ ᠱᠤᠭᠤᠮ ᠢᠶᠠᠷ ᠬᠤᠯᠪᠣᠯᠳᠤᠨ᠂ ᠤᠮᠠᠷᠠᠰᠢ ᠨᠡᠭᠡᠭᠡᠯᠲᠡ ᠬᠢᠬᠦ︽ᠰᠢᠵᠢᠷ ᠠᠯᠳᠠᠨ ᠵᠠᠮ︾ ᠪᠣᠯᠵᠤ ᠳᠤᠷᠠᠶᠢᠨ᠎ᠠ᠃       ᠡᠨᠡ ᠵᠢᠯ ᠤᠨ 1 - 10 ᠰᠠᠷ᠎ᠠ ᠳᠤ᠂ ᠮᠠᠨᠵᠤᠤᠷ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠠᠸᠠᠷ ᠤᠨ ᠬᠡᠮᠵᠢᠶ᠎ᠡ 1879.2 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 40.4% ᠪᠠᠷ ᠨᠡᠮᠡᠭᠳᠡᠪᠡ᠃ ᠡᠭᠦᠨ ᠳᠤ᠂ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠠᠸᠠᠷ ᠤᠨ ᠬᠡᠮᠵᠢᠶ᠎ᠡ 1757.3 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35.7% ᠪᠠᠷ ᠨᠡᠮᠡᠭᠳᠡᠪᠡ; ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠠᠸᠠᠷ ᠤᠨ ᠬᠡᠮᠵᠢᠶ᠎ᠡ 121.9 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 183.8% ᠪᠠᠷ ᠨᠡᠮᠡᠭᠳᠡᠪᠡ᠃ ᠬᠢᠯᠢ ᠶᠢᠨ ᠪᠣᠭᠤᠮᠲᠠ ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 4191 ᠴᠤᠪᠤᠭ᠎ᠠ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠡᠢ᠃       ᠡᠨᠡ ᠵᠢᠯ ᠤᠨ 1 ᠰᠠᠷ᠎ᠠ ᠶᠢᠨ 19 ᠤ ᠡᠳᠦᠷ ᠲᠤ ᠪᠠᠷᠠᠭᠠᠨ ᠤ ᠲᠡᠭᠡᠭᠡᠪᠦᠷᠢ ᠶᠢᠨ ᠬᠢᠯᠢ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠵᠦ᠂ 2 ᠰᠠᠷ᠎ᠠ ᠶᠢᠨ 27 ᠤ ᠡᠳᠦᠷ ᠲᠤ ᠠᠶᠠᠨᠴᠢᠳ ᠤᠨ ᠵᠥᠭᠡᠭᠡᠪᠦᠷᠢ ᠶᠢᠨ ᠬᠢᠯᠢ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠭᠰᠡᠨ ᠠᠴᠠ ᠨᠠᠭᠠᠰᠢ ᠠᠷᠤ ᠬᠠᠰᠢᠶᠠᠲᠤ ᠬᠢᠯᠢ ᠶᠢᠨ ᠪᠣᠭᠤᠮᠲᠠ ᠪᠠᠷ ᠣᠷᠣᠵᠤ ᠭᠠᠷᠤᠭᠰᠠᠨ ᠪᠠᠷᠠᠭ᠎ᠠ ᠲᠠᠸᠠᠷ ᠪᠠ ᠠᠶᠠᠨᠴᠢᠨ ᠦᠷᠭᠦᠯᠵᠢᠯᠡᠨ ᠨᠡᠮᠡᠭᠳᠡᠭᠰᠡᠨ ᠪᠠᠶᠢᠨ᠎ᠠ᠃ 11 ᠰᠠᠷ᠎ᠠ ᠶᠢᠨ 6 ᠤ ᠨᠢᠭᠡ ᠯᠡ ᠡᠳᠦᠷ ᠲᠤ ᠬᠢᠯᠢ  ᠪᠠᠷ ᠣᠷᠣᠵᠤ ᠭᠠᠷᠤᠭᠰᠠᠨ ᠠᠶᠠᠨᠴᠢᠨ ᠳᠠᠷᠤᠢ 2862 ᠬᠥᠮᠥᠨ ᠤᠳᠠᠭ᠎ᠠ ᠶᠢ ᠳᠠᠪᠠᠵᠤ᠂ ᠠᠷᠤ ᠬᠠᠰᠢᠶᠠᠲᠤ ᠬᠢᠯᠢ ᠶᠢᠨ ᠪᠣᠭᠤᠮᠲᠠ ᠶᠢ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃       11 ᠰᠠᠷ᠎ᠠ ᠶᠢᠨ 12 ᠤᠨ ᠡᠳᠦᠷ᠂︽ᠨᠢᠭᠡ ᠪᠦᠰᠡ ᠨᠢᠭᠡ ᠵᠠᠮ︾ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ ᠰᠣᠷᠪᠤᠯᠵᠢᠯᠠᠭ᠎ᠠ ᠶᠢᠨ ᠪᠦᠯᠭᠦᠮ ᠤᠨ ᠬᠢᠨ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠬᠢᠯᠢ ᠶᠢᠨ ᠪᠣᠭᠤᠮᠲᠠ ᠳᠤ ᠬᠦᠷᠴᠦ ᠢᠷᠡᠪᠡ᠃       ᠡᠪᠦᠳᠦᠭ ᠪᠣᠭᠤᠮᠲᠠ ᠶᠢᠨ ᠳᠡᠳ᠋ ᠳᠠᠷᠤᠭ᠎ᠠ ᠰᠢᠶᠥ᠋ᠡᠭ ᠲᠢᠶᠧ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠡᠪᠦᠳᠦᠭ ᠪᠣᠭᠤᠮᠲᠠ 2020 ᠣᠨ ᠤ 11 ᠰᠠᠷ᠎ᠠ  ᠶᠢᠨ 18 ᠤ ᠡᠳᠦᠷ ᠪᠠᠶᠢᠭᠤᠯᠤᠭᠳᠠᠵᠤ᠂ ᠬᠢᠯᠢ ᠶᠢᠨ ᠪᠣᠭᠤᠮᠲᠠ ᠶᠢᠨ ᠭᠡᠯᠪᠡᠷᠢ ᠶᠢᠨ ᠪᠣᠭᠤᠮᠲᠠ ᠳᠤ ᠬᠠᠷᠢᠶᠠᠯᠠᠭᠳᠠᠵᠤ᠂ ᠡᠪᠦᠳᠦᠭ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠪᠠ᠃ ᠪᠣᠭᠤᠮᠲᠠ ᠶᠢᠨ ᠭᠤᠣᠯ ᠪᠤᠯᠬᠤ ᠲᠤᠬᠠᠶᠢᠯᠠᠭᠰᠠᠨ ᠠᠵᠢᠯ ᠪᠣᠯ ᠳ᠋ᠠᠴᠢᠩ ᠴᠢᠯᠠᠭᠤᠨ ᠲᠣᠰᠣᠨ ᠤ ᠺᠤᠮᠫᠠᠨᠢ ᠶᠢᠨ ᠮᠣᠩᠭᠤᠯ ᠤᠯᠤᠰ ᠤᠨ︽ᠲᠠᠮᠰᠠᠭ︾ᠲᠥᠷᠥᠯ ᠵᠦᠢᠯ ᠤᠨ ᠨᠡᠭᠡᠭᠡᠨ ᠲᠠᠲᠠᠭᠰᠠᠨ ᠴᠢᠯᠠᠭᠤᠨ ᠲᠣᠰᠣ ᠶᠢ ᠤᠷᠤᠭᠤᠯᠬᠤ ᠳᠤ ᠦᠢᠯᠡᠴᠢᠯᠡᠬᠦ ᠶᠠᠪᠤᠳᠠᠯ ᠪᠣᠯᠣᠨ᠎ᠠ᠃ ᠡᠨᠡ ᠵᠢᠯ  ᠤᠨ ᠳᠡᠭᠡᠷ᠎ᠡ ᠬᠠᠭᠠᠰ ᠵᠢᠯ ᠳᠤ᠂ ᠡᠪᠦᠳᠦᠭ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ 29.7 ᠲᠦᠮᠡᠨ ᠲᠣᠨ ᠬᠦᠷᠴᠦ᠂ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠬᠡᠮᠵᠢᠶ᠎ᠡ 11.5 ᠳ᠋ᠦᠩᠰᠢᠭᠤᠷ ᠲᠥᠭᠦᠷᠢᠭ ᠲᠤ ᠭᠦᠷᠴᠡᠶ; ᠬᠢᠯᠢ ᠪᠠᠷ ᠣᠷᠣᠭᠤᠯᠵᠤ ᠭᠠᠷᠭᠠᠬᠤ ᠲᠡᠭᠡᠭᠡᠪᠦᠷᠢ ᠶᠢᠨ ᠬᠡᠷᠡᠭᠰᠡᠯ ᠢ 1.7 ᠲᠦᠮᠡᠨ ᠤᠳᠠᠭ᠎ᠠ ᠬᠢᠨᠠᠨ ᠬᠠᠮᠢᠶᠠᠷᠴᠤ᠂ ᠬᠢᠯᠢ ᠪᠠᠷ ᠣᠷᠣᠵᠤ ᠭᠠᠷᠬᠤ ᠬᠥᠮᠥᠰ ᠢ 1.4 ᠲᠦᠮᠡᠨ ᠬᠥᠮᠥᠨ ᠤᠳᠠᠭ᠎ᠠ ᠬᠢᠨᠠᠨ ᠬᠠᠮᠢᠶᠠᠷᠪᠠ; ᠨᠡᠶᠢᠳᠡ 1.4 ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢᠯᠠᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠡᠨᠡ ᠵᠢᠯ ᠤᠨ 1 - 10 ᠰᠠᠷ᠎ᠠ ᠳᠤ ᠡᠪᠦᠳᠦᠭ ᠬᠢᠯᠢ ᠶᠢᠨ ᠪᠣᠭᠤᠮᠲᠠ ᠪᠠᠷ ᠲᠠᠮᠵᠢᠨ ᠬᠢᠯᠢ ᠪᠠᠷ ᠣᠷᠣᠵᠤ ᠭᠠᠷᠤᠭᠰᠠᠨ ᠬᠥᠮᠥᠨ 3.2 ᠲᠦᠮᠡᠨ ᠬᠥᠮᠥᠨ ᠤᠳᠠᠭ᠎ᠠ᠂ ᠲᠡᠷᠭᠡ ᠬᠥᠰᠬᠡ 3 ᠲᠦᠮᠡᠨ ᠤᠳᠠᠭ᠎ᠠ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠠᠸᠠᠷ ᠤᠨ ᠶᠡᠷᠦᠩᠬᠡᠢ ᠬᠡᠮᠵᠢᠶ᠎ᠡ 50.96 ᠲᠦᠮᠡᠨ ᠲᠣᠨ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠲᠠᠸᠠᠷ 49.33 ᠲᠦᠮᠡᠨ ᠲᠣᠨ᠂ ᠭᠠᠳᠠᠭᠠᠳᠤ  ᠳᠤ ᠭᠠᠷᠭᠠᠭᠰᠠᠨ ᠪᠠᠷᠠᠭ᠎ᠠ ᠲᠠᠸᠠᠷ 1.63 ᠲᠦᠮᠡᠨ ᠲᠣᠨ ᠳᠤ ᠬᠦᠷᠴᠡᠢ᠃       ᠠᠵᠤ ᠠᠬᠤᠢ ᠰᠡᠷᠭᠦᠵᠦ᠂ ᠬᠥᠯᠥᠨ ᠪᠤᠶᠢᠷ ᠤᠨ ᠡᠯ᠎ᠡ ᠬᠢᠯᠢ ᠶᠢᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠬᠥᠭᠵᠢᠯᠲᠡ︽ᠲᠦᠷᠭᠡᠨ ᠤ ᠵᠠᠮ︾ ᠳᠤ ᠣᠷᠣᠯ᠎ᠠ᠃ ᠬᠥᠯᠥᠨ ᠪᠤᠶᠢᠷ ᠬᠤᠳᠠ ᠴᠦ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠥᠭᠵᠢᠯᠲᠡ ᠶᠢᠨ ᠪᠣᠭᠤᠮᠲᠠ ᠰᠢᠪᠲᠤᠯᠤᠯᠲᠠ  ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠠᠵᠤ ᠦᠢᠯᠡᠰ  ᠤᠨ ᠴᠤᠭᠯᠠᠷᠠᠯ ᠢ ᠪᠦᠷᠢᠯᠳᠦᠭᠦᠯᠬᠦ ᠳᠡᠭᠡᠷ᠎ᠡ ᠬᠦᠴᠦ ᠲᠠᠯᠪᠢᠵᠤ᠂ ᠣᠷᠣᠰ ᠪᠠ ᠮᠣᠩᠭᠤᠯ ᠤᠯᠤᠰ ᠯᠤᠭ᠎ᠠ ᠶᠢᠨ ᠬᠢᠯᠢ ᠶᠢᠨ ᠪᠣᠭᠤᠮᠲᠠ ᠶᠢᠨ ᠳᠠᠪᠠᠭᠤᠯᠢᠭ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ᠂ ᠪᠦᠭᠦ ᠬᠤᠲᠠ ᠶᠢᠨ ᠬᠢᠯᠢ ᠶᠢᠨ ᠪᠣᠭᠤᠮᠲᠠ ᠶᠢᠨ ᠬᠠᠮᠢᠶ᠎ᠠ ᠪᠦᠬᠦᠢ ᠠᠵᠤ ᠦᠢᠯᠡᠰ ᠤᠨ ᠪᠦᠯᠦᠭᠵᠢᠯ ᠢ ᠨᠠᠷᠢᠨ ᠬᠢᠨᠠᠮᠠᠭᠠᠢ ᠡᠮᠬᠢᠯᠡᠵᠦ᠂ ︽ᠨᠡᠪᠲᠡᠷᠡᠬᠦ ᠵᠠᠮ ᠤᠨ ᠠᠵᠤ ᠠᠬᠤᠢ︾ ᠠᠴᠠ ︽ᠬᠢᠯᠢ ᠶᠢᠨ ᠪᠣᠭᠤᠮᠲᠠ ᠶᠢᠨ ᠠᠵᠤ ᠠᠬᠤᠢ︾ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠴᠢᠷᠮᠠᠶᠢᠨ ᠠᠬᠢᠭᠤᠯᠵᠤ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ