ᠬᠥᠯᠥᠨ ᠪᠤᠶᠢᠷ ᠤᠨ ᠬᠤᠨᠢᠨ ᠮᠢᠬ᠎ᠠ ᠶᠢ ᠠᠩᠬ᠎ᠠ ᠤᠳᠠᠭ᠎ᠠ ᠰᠢᠶᠠᠩᠭᠠᠩ ᠳᠤ ᠬᠠᠩᠭᠠᠪᠠ
ᠨᠡᠶᠢᠲᠡᠯᠡᠭᠰᠡᠨ ᠴᠠᠭ᠄
2023/11/24
       ᠮᠠᠨᠵᠤᠤᠷ ᠪᠣᠭᠤᠮᠲᠠ ᠶᠢᠨ 20 ᠤ ᠡᠳᠦᠷ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠬᠥᠯᠥᠨ ᠪᠤᠶᠢᠷ ᠤᠨ ᠲᠤᠬᠠᠢ ᠶᠢᠨ ᠭᠠᠵᠠᠷ ᠤᠨ ᠨᠢᠭᠡᠨ ᠢᠳᠡᠭᠡᠨ ᠤ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠵᠦ ᠪᠣᠯᠪᠠᠰᠤᠷᠠᠭᠤᠯᠤᠭᠰᠠᠨ 1.9 ᠲᠣᠨ ᠬᠦᠨᠳᠦ᠂ ᠠᠷᠠᠳ ᠤᠨ ᠵᠣᠭᠤᠰ ᠢᠶᠠᠷ 15.33 ᠲᠦᠮᠡᠨ ᠲᠥᠭᠦᠷᠢᠭ ᠤᠨ ᠦᠷᠳᠡᠭ ᠪᠦᠬᠦᠢ ᠬᠥᠯᠳᠡᠭᠡᠭᠰᠡᠨ ᠬᠤᠨᠢᠨ ᠮᠢᠬᠠᠨ ᠤ ᠦᠢᠯᠡᠳᠬᠦᠨ ᠢ ᠰᠢᠶᠠᠩᠭᠠᠩ ᠤᠷᠤᠭᠤ ᠲᠡᠭᠡᠭᠡᠪᠦᠷᠢᠯᠡᠵᠦ ᠡᠬᠢᠯᠡᠭᠰᠡᠨ ᠪᠠᠶᠢᠨ᠎ᠠ᠃       ᠡᠨᠡ ᠨᠢ ᠬᠥᠯᠥᠨ ᠪᠤᠶᠢᠷ ᠣᠷᠣᠨ ᠤ ᠬᠤᠨᠢᠨ ᠮᠢᠬ᠎ᠠ ᠶᠢ ᠰᠢᠶᠠᠩᠭᠠᠩ ᠳᠤ ᠬᠠᠩᠭᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃       ᠬᠥᠯᠥᠨ ᠪᠤᠶᠢᠷ ᠤᠨ ᠥᠪᠡᠷᠮᠢᠴᠡ ᠪᠠᠶᠢᠭᠠᠯᠢ ᠶᠢᠨ ᠣᠷᠴᠢᠨ ᠲᠣᠭᠤᠷᠢᠨ᠂ ᠠᠭᠤᠷ ᠠᠮᠢᠰᠬᠤᠯ ᠪᠠ ᠨᠡᠭᠦᠳᠡᠯ ᠮᠠᠯᠵᠢᠯ ᠤᠨ ᠲᠡᠦᠬᠡ ᠠᠴᠠ ᠪᠣᠯᠵᠤ᠂ ᠲᠠᠯ᠎ᠠ ᠨᠤᠲᠤᠭ ᠤᠨ ᠬᠤᠨᠢᠨ ᠮᠢᠬ᠎ᠠ ᠨᠢ ᠤᠭᠤᠷᠠᠭ ᠶᠡᠬᠡᠲᠡᠢ᠂ ᠥᠭᠡᠬᠦ ᠪᠠᠭᠠᠲᠠᠢ᠂ ᠬᠠᠷ᠎ᠠ ᠮᠢᠬᠠᠨ ᠤ ᠨᠣᠷᠮ᠎ᠠ ᠥᠨᠳᠥᠷ᠂ ᠮᠢᠬᠠᠨ ᠤ ᠴᠢᠨᠠᠷ ᠰᠢᠨ᠎ᠡ ᠰᠣᠷᠭᠤᠭ᠂ ᠰᠢᠩᠭᠡᠭ ᠦᠨᠦᠷ ᠦᠭᠡᠢ ᠵᠡᠷᠭᠡ ᠳᠠᠪᠠᠭᠤᠯᠢᠭ ᠴᠢᠨᠠᠷ ᠲᠠᠢ ᠪᠠᠶᠢᠵᠤ᠂ ᠨᠠᠷᠠᠲᠦ ᠪᠠᠶᠢᠭᠠᠯᠢᠯᠢᠭ ᠪᠣᠬᠢᠷᠳᠤᠯ ᠦᠭᠡᠢ ᠢᠳᠡᠭᠡᠨ ᠪᠣᠯᠤᠭᠰᠠᠨ ᠤ ᠬᠤᠪᠢ ᠳᠤ ︽ᠬᠥᠯᠥᠨ ᠪᠤᠶᠢᠷ ᠤᠨ ᠬᠤᠨᠢᠨ ᠮᠢᠬ᠎ᠠ︾ ᠨᠢ ᠨᠢᠭᠡᠨᠲᠡ ᠲᠣᠰ ᠭᠠᠵᠠᠷ ᠤᠨ ᠥᠪᠡᠷᠮᠢᠴᠡ ᠣᠨᠴᠠᠯᠢᠭ ᠲᠠᠢ ᠨᠡᠷ᠎ᠡ ᠶᠢᠨ ᠬᠠᠭᠤᠳᠠᠰᠤ ᠪᠣᠯᠵᠤ᠂ ᠪᠦᠭᠦ ᠤᠯᠤᠰ ᠲᠤ ᠠᠯᠳᠠᠷᠰᠢᠭᠰᠠᠨ ᠪᠠᠶᠢᠨ᠎ᠠ᠃       ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠪ᠊ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ ᠠᠵᠤ ᠠᠬᠤᠶᠢᠯᠠᠯ ᠮᠢᠬᠠᠨ ᠤ ᠲᠥᠷᠥᠯ ᠤᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ ᠬᠥᠭᠵᠢᠬᠦ ᠶᠢ ᠰᠦᠪᠡᠭᠴᠢᠯᠡᠵᠦ᠂ ᠰᠢᠶᠠᠩᠭᠠᠩ ᠣᠣᠮᠧᠨ ᠤ ᠵᠠᠬ᠎ᠠ ᠳᠡᠯᠭᠡᠭᠦᠷ ᠢ ᠴᠢᠷᠮᠠᠶᠢᠨ ᠨᠡᠭᠡᠭᠡᠪᠡ᠃ ᠡᠨᠡ ᠤᠳᠠᠭ᠎ᠠ ᠶᠢᠨ ᠰᠢᠶᠠᠩᠭᠠᠩ ᠳᠤ ᠶᠠᠪᠤᠭᠤᠯᠤᠭᠰᠠᠨ ᠬᠤᠨᠢᠨ ᠮᠢᠬ᠎ᠠ ᠪᠣᠯ ᠺᠤᠮᠫᠠᠨᠢ ᠪᠠᠶᠢᠭᠤᠯᠤᠭᠳᠠᠭᠰᠠᠨ ᠠᠴᠠ ᠨᠠᠭᠠᠰᠢᠬᠢ ᠠᠩᠬᠠᠳᠠᠭᠴᠢ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠪᠣᠯᠣᠨ᠎ᠠ᠂ ᠡᠨᠡ ᠨᠢ ᠰᠢᠶᠠᠩᠭᠠᠩ ᠤᠨ ᠵᠠᠬ᠎ᠠ ᠳᠡᠯᠭᠡᠭᠦᠷ ᠢ ᠨᠡᠭᠡᠭᠡᠭᠰᠡᠨ ᠢᠶᠠᠷ ᠪᠠᠷᠠᠬᠤ ᠦᠭᠡᠢ᠂ ᠨᠡᠩ ᠴᠤ ᠠᠵᠤ ᠠᠬᠤᠶᠢᠯᠠᠯ ᠤᠨ ᠭᠠᠳᠠᠭᠰᠢ ᠴᠢᠭᠯᠡᠭᠦᠯᠦᠭᠰᠡᠨ ᠬᠥᠭᠵᠢᠯᠲᠡ ᠳᠤ ᠢᠲᠡᠭᠡᠯ ᠬᠠᠩᠭᠠᠵᠠᠢ᠃       ᠮᠠᠨᠵᠤᠤᠷ ᠪᠣᠭᠤᠮᠲᠠ ᠶᠢᠨ ᠬᠠᠷᠢᠶ᠎ᠠ ᠬᠠᠶᠢᠯᠠᠷ ᠪᠣᠭᠤᠮᠲᠠ ᠶᠢᠨ ᠳᠡᠳ᠋ ᠳᠠᠷᠤᠭ᠎ᠠ ᠸᠠᠩ ᠯᠦ ᠢ᠄︽ᠡᠨᠡ ᠵᠢᠯ ᠠᠴᠠ ᠨᠠᠭᠠᠰᠢ᠂ ᠬᠠᠷᠢᠶ᠎ᠠ ᠣᠷᠣᠨ ᠤ ᠣᠨᠴᠠᠯᠢᠭᠲᠤ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠷᠡᠭᠴᠡᠭᠡ ᠲᠦᠷᠭᠡᠨ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠂ ᠲᠤᠰ ᠤᠳᠠᠭ᠎ᠠ ᠬᠥᠯᠥᠨ ᠪᠤᠶᠢᠷ ᠤᠨ ᠬᠤᠨᠢᠨ ᠮᠢᠬ᠎ᠠ  ᠶᠢ ᠠᠩᠬ᠎ᠠ ᠤᠳᠠᠭ᠎ᠠ ᠰᠢᠶᠠᠩᠭᠠᠩ ᠳᠤ ᠬᠠᠩᠭᠠᠭᠰᠠᠨ ᠨᠢ ᠲᠣᠳᠣᠷᠬᠠᠢ ᠭᠡᠷᠡᠴᠢ ᠶᠢᠨ ᠨᠢᠭᠡ ᠪᠣᠯᠣᠨ᠎ᠠ︾ ᠭᠡᠪᠡ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ