ᠠᠰᠠᠷ ᠤᠨ ᠵᠠᠬ᠎ᠠ ᠳᠡᠯᠭᠡᠭᠦᠷ ᠤᠨ ᠲᠤᠬᠠᠢ ᠴᠢᠮᠡᠭᠡ︕ ᠡᠨᠡ ᠬᠦ ᠨᠢᠭᠡᠳᠦᠭᠡᠷ ᠳᠡᠰ ᠤᠨ ᠬᠤᠲᠠ ᠶᠢᠨ ᠬᠢᠨ ᠶᠡᠭᠡ ᠬᠡᠮᠵᠢᠶ᠎ᠡ ᠪᠠᠷ ᠪᠠᠭᠤᠷᠠᠭᠤᠯᠪᠠ
ᠨᠡᠶᠢᠲᠡᠯᠡᠭᠰᠡᠨ ᠴᠠᠭ᠄
2023/11/28
       ᠰᠤᠷᠪᠤᠯᠵᠢᠯᠠᠭᠴᠢ 11 ᠰᠠᠷ᠎ᠠ ᠶᠢᠨ 22 ᠤᠨ ᠡᠳᠦᠷ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭ᠋ᠬᠰᠠᠨ ᠢᠶᠠᠷ᠂ ᠱᠧᠨᠵᠧᠨ ᠬᠤᠲᠠ ᠶᠢᠨ ᠬᠢᠨ ᠮᠠᠷᠭᠠᠰᠢ ᠠᠴᠠ ᠡᠬᠢᠯᠡᠨ ᠬᠤᠶᠠᠳᠤᠭᠠᠷ ᠢᠵᠢ ᠣᠷᠣᠨ ᠰᠠᠭᠤᠴᠠ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠳᠤ ᠲᠣᠬᠢᠷᠠᠭᠤᠯᠤᠯᠲᠠ ᠬᠢᠬᠦ ᠪᠠᠷ ᠪᠤᠢ᠃ ᠬᠤᠶᠠᠳᠤᠭᠠᠷ ᠢᠵᠢ ᠣᠷᠣᠨ ᠰᠠᠭᠤᠴᠠ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠤᠤᠯ ᠤᠨ ᠡᠩ ᠤᠨ ᠣᠷᠣᠨ ᠰᠠᠭᠤᠴᠠ ᠶᠢᠨ 70% ᠪᠠᠶᠢᠬᠰᠠᠨ ᠪᠠ ᠡᠩ ᠤᠨ ᠪᠤᠰᠤ ᠣᠷᠣᠨ ᠰᠠᠭᠤᠴᠠ ᠶᠢᠨ 80% ᠪᠠᠶᠢᠭᠰᠠᠨ ᠠᠴᠠ ᠨᠢ ᠨᠢᠭᠡᠳᠦᠯᠳᠡᠢ ᠪᠠᠷ 40% ᠪᠣᠯᠭᠠᠨ ᠲᠣᠬᠢᠷᠠᠭᠤᠯᠬᠤ ᠪᠤᠯᠤᠨ᠎ᠠ᠃ ᠲᠣᠰ ᠤᠳᠠᠭᠠᠨ ᠤ ᠲᠣᠬᠢᠷᠠᠭᠤᠯᠤᠯᠲᠠ ᠨᠢ ᠰᠠᠭᠤᠭᠠᠯᠢ ᠠᠷᠠᠳ ᠤᠨ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠬᠤ ᠪᠠᠯᠠ ᠮᠥᠩᠭᠦ ᠶᠢᠨ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠬᠰᠠᠨ ᠨᠢ᠂ ᠵᠠᠶᠢᠯᠠᠰᠢ ᠥᠬᠡᠶ ᠬᠡᠷᠡᠭᠴᠡᠭᠡᠳᠡᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠠᠰᠢᠭᠲᠠᠶ ᠶᠤᠮ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ