ᠴᠢᠩᠭ᠎ᠠ ᠠᠳᠬᠤᠵᠤ ᠲᠦᠷᠭᠡᠨ ᠠᠵᠢᠯᠯᠠᠪᠠᠯ ᠰᠠᠶ᠋ᠢ ᠬᠤᠷᠳᠤᠴᠠ ᠶᠢ ᠲᠦᠷᠭᠡᠳᠬᠡᠨ ᠪᠣᠳᠠᠲᠠᠢ ᠨᠠᠶᠢᠳᠠᠪᠤᠷᠢᠵᠢᠭᠤᠯᠵᠤ ᠴᠢᠳᠠᠨ᠎ᠠ
ᠨᠡᠶᠢᠲᠡᠯᠡᠭᠰᠡᠨ ᠴᠠᠭ᠄
2023/11/29
       ᠭᠤᠣᠯ ᠰᠡᠳᠦᠪᠲᠦ ᠨᠠᠮ ᠤᠨ ᠡᠳᠦᠷ᠂ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪᠲᠦ ᠲᠠᠶᠢᠯᠤᠮᠵᠢ ᠁ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠤ ᠶᠠᠪᠤᠳᠠᠯ ᠪᠣᠯᠭᠠᠨ ᠬᠤᠪᠢᠷᠠᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠬᠦᠴᠦ ᠪᠠᠨ ᠲᠥᠪᠯᠡᠷᠡᠭᠦᠯᠦᠨ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠶᠠᠮᠠᠷᠪᠠ ᠵᠢᠷᠤᠭ ᠲᠥᠰᠥᠪ ᠨᠢ ︽ᠠᠵᠢᠯᠯᠠᠬᠤ︾ ᠠᠴᠠ ᠰᠠᠯᠪᠠᠯ ᠴᠥᠮ ᠬᠡᠢ ᠬᠤᠭᠤᠰᠤᠨ ᠵᠦᠢᠯ ᠪᠤᠯᠬᠤ ᠶᠤᠮ; ᠶᠠᠮᠠᠷᠪᠠ ᠠᠵᠠ ᠲᠣᠭᠢᠶᠠᠯ ᠨᠢ ᠪᠣᠳᠠᠲᠠᠢ ᠠᠵᠢᠯᠯᠠᠵᠤ ᠳᠠᠷᠤᠢ ᠲᠦᠷᠭᠡᠨ ᠬᠥᠳᠡᠯᠦᠯᠴᠡᠬᠦ ᠦᠭᠡᠢ ᠪᠣᠯ ᠲᠠᠯᠠᠭᠠᠷᠳᠠᠬᠤ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ᠂ ᠪᠦᠭᠦ ᠨᠠᠮ ᠢᠶᠠᠷ ᠢᠶᠠᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠭ᠎ᠠ ᠵᠠᠩᠭᠢᠯᠠᠭ᠎ᠠ ᠶᠢᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠨᠢ ᠥᠪᠥᠷ ᠮᠣᠩᠭᠤᠯ ᠤᠨ ᠬᠥᠭᠵᠢᠯᠲᠡ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠠᠴᠠ ᠪᠠᠶᠢᠷᠢ ᠲᠣᠭᠲᠠᠭᠠᠯᠲᠠ ᠣᠯᠬᠤ᠂ ᠡᠭᠦᠷᠭᠡ ᠡᠷᠢᠬᠦ᠂ ᠰᠡᠳᠬᠢᠴᠡ ᠡᠷᠢᠬᠦ᠂ ᠠᠷᠭ᠎ᠠ ᠬᠡᠮᠵᠢᠶ᠎ᠡ ᠡᠷᠢᠬᠦ ᠳᠡᠭᠡᠨ ᠴᠢᠳᠠᠮᠠᠭᠠᠢ ᠪᠠᠶᠢᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠨᠳᠠᠰᠤ  ᠪᠠᠨ ᠴᠢᠩᠭᠠᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠭᠤᠶᠢᠪᠢᠰᠢ ᠦᠭᠡᠢ ᠡᠷᠡᠰ ᠰᠢᠭᠤᠷᠬᠠᠢ ᠪᠠᠷ  ᠪᠠᠲᠤᠲᠠᠢ ᠬᠡᠷᠡᠭᠵᠢᠭᠦᠯᠵᠦ ᠪᠣᠳᠠᠲᠠᠢ ᠠᠵᠢᠯᠯᠠᠪᠠᠯ ᠰᠠᠶ᠋ᠢ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ ᠴᠢᠳᠠᠨ᠎ᠠ᠃       ︽ᠲᠠᠪᠤᠨ ᠶᠡᠭᠡ ᠡᠭᠦᠷᠭᠡ︾ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ ᠁ ᠠᠯᠢ ᠨᠢ ᠴᠦ ᠭᠡᠳ ᠭᠢᠯᠪᠠᠷᠬᠠᠨ ᠢᠶᠠᠷ ᠳᠠᠷᠡ ᠳᠣᠣᠷ᠎ᠠ  ᠪᠠᠨ ᠪᠡᠶᠡᠯᠡᠭᠳᠡᠴᠢᠬᠡᠬᠦ ᠪᠢᠰᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠶᠡᠭᠡ ᠪᠠᠷ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠦᠷᠭᠡᠨ ᠴᠡᠭᠴᠡᠯᠡᠨ ᠵᠠᠰᠠᠵᠤ᠂ ᠲᠣᠭᠲᠠᠭᠠᠭᠰᠠᠨ ᠶᠠᠪᠤᠳᠠᠯ ᠢ ᠱᠠᠯᠠᠪᠳᠠᠨ ᠬᠢᠵᠦ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃       ᠮᠡᠳᠡᠬᠦ ᠨᠢ ᠬᠢᠬᠦ ᠶᠢᠨ ᠡᠭᠢᠯᠡᠯᠲᠡ᠂ ᠬᠢᠬᠦ ᠨᠢ ᠮᠡᠳᠡᠬᠦ ᠶᠢᠨ ᠪᠡᠶᠡᠯᠡᠭᠳᠡᠯ ᠶᠤᠮ᠃ ᠰᠠᠭᠤᠵᠤ ᠲᠣᠭᠲᠠᠬᠤ ᠦᠭᠡᠢ᠂ ᠬᠦᠯᠢᠶᠡᠵᠦ ᠳᠡᠶᠢᠯᠭᠦ ᠦᠭᠡᠢ᠂ ᠤᠳᠠᠭᠠᠰᠢᠷᠠᠭᠤᠯᠵᠤ ᠪᠤᠯᠬᠤ ᠦᠭᠡᠢ ᠪᠠᠴᠢᠮ ᠲᠤᠯᠭᠠᠮ ᠪᠤᠳᠤᠯ ᠲᠠᠢ ᠪᠠᠶᠢᠵᠤ᠂ ︽ᠡᠷᠲᠡᠯᠡᠬᠦ︾ ᠣᠪᠣᠷ ᠪᠠᠶᠢᠳᠠᠯ᠂ ︽ᠲᠡᠷᠢᠭᠦᠨ ᠳᠤ ᠣᠷᠣᠬᠤ ᠪᠠᠷ ᠴᠢᠷᠮᠠᠶᠢᠬᠤ︾ ᠣᠪᠣᠷ ᠪᠠᠶᠢᠳᠠᠯ᠂ ︽ᠡᠷᠡᠮᠡᠬᠡᠶᠢᠯᠡᠨ ᠤᠷᠤᠭᠰᠢᠯᠠᠬᠤ︾ ᠣᠪᠣᠷ ᠪᠠᠶᠢᠳᠠᠯ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠬᠤᠷᠳᠤᠴᠠ ᠪᠠᠨ ᠤᠳᠠᠭᠠᠰᠢᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠠᠵᠠ ᠲᠣᠭᠢᠶᠠᠯ ᠢ ᠠᠮᠵᠢᠨ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠪᠠᠯ᠂ ᠪᠢᠳᠠ ᠠᠵᠢᠯ ᠦᠢᠯᠡᠰ ᠢᠶᠠᠨ ᠬᠥᠭᠵᠢᠭᠦᠯᠦᠨ ᠮᠠᠨᠳᠤᠭᠤᠯᠵᠤ ᠴᠢᠳᠠᠬᠤ ᠨᠢ ᠯᠠᠪᠲᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ