ᠰᠢᠯᠢ ᠶᠢᠨ ᠭᠤᠣᠯ ᠠᠶᠢᠮᠠᠭ ᠤᠨ ᠮᠥᠩᠭᠦᠨ ᠡᠪᠦᠯ ᠤᠨ ᠨᠠᠭᠠᠳᠤᠮ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/12/11
       ᠰᠤᠷᠪᠤᠯᠵᠢᠯᠠᠬᠴᠢ ᠣᠶᠢᠷ᠎ᠠ ᠳᠤ ᠬᠤᠷᠠᠯᠳᠤᠭᠰᠠᠨ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠰᠬᠠᠢ ᠲᠠᠯᠠᠪᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ ᠤᠨ ︽ᠮᠥᠩᠭᠦᠨ ᠡᠪᠦᠯ ᠤᠨ ᠲᠠᠯ᠎ᠠ ᠨᠤᠲᠤᠭ·ᠬᠦᠰᠡᠯ ᠬᠤᠷᠤᠶᠢᠯᠠᠭᠰᠠᠨ ᠮᠣᠷᠢᠨ ᠤᠷᠤᠯᠳᠤᠭᠠᠨ︾ ᠰᠡᠳᠦᠪᠲᠦ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ 2023 ᠣᠨ ᠤ 11 ᠰᠠᠷ᠎ᠠ ᠶᠢᠨ ᠳᠤᠮᠳᠠᠴᠢ ᠠᠴᠠ 2024 ᠣᠨ ᠤ 3 ᠰᠠᠷ᠎ᠠ ᠶᠢᠨ ᠳᠤᠮᠳᠠᠴᠢ ᠭᠦᠷᠲᠡᠯ᠎ᠡ ᠶᠠᠪᠤᠭᠳᠠᠬᠤ ᠪᠣᠯᠣᠨ᠎ᠠ᠃       ᠡᠨᠡ ᠵᠢᠯ ᠤᠨ ᠮᠥᠩᠭᠦᠨ ᠡᠪᠦᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠳᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠢ ᠣᠨᠴᠠᠯᠠᠨ ᠳᠤᠷᠠᠳᠤᠭᠤᠰᠢᠲᠠᠢ ᠶᠤᠮ᠃ ᠲᠣᠰ ᠤᠷᠤᠯᠳᠤᠭᠠᠨ 2023 ᠣᠨ ᠤ 11 ᠰᠠᠷ᠎ᠠ ᠶᠢᠨ 25 ᠤ ᠡᠳᠦᠷ ᠠᠴᠠ 2024 ᠣᠨ ᠤ 1 ᠰᠠᠷ᠎ᠠ ᠶᠢᠨ 28 ᠤ ᠡᠳᠦᠷ ᠪᠤᠯᠲᠠᠯ᠎ᠠ ᠶᠠᠪᠤᠭᠳᠠᠨ᠎ᠠ᠃ ᠤᠷᠤᠯᠳᠤᠭᠠᠨ ᠳᠤ ᠭᠠᠴᠠᠭ᠎ᠠ᠂ ᠰᠤᠮᠤ ᠪᠠᠯᠭᠠᠰᠤ᠂ ᠬᠤᠰᠢᠭᠤ ᠰᠢᠶᠠᠨ ᠬᠤᠲᠠ ︵ᠲᠣᠭᠤᠷᠢᠭ︶ ᠵᠢᠴᠢ ᠠᠶᠢᠮᠠᠭ ᠤᠨ ᠲᠠᠰ ᠭᠡᠬᠦ ᠳᠥᠷᠪᠡᠨ ᠳᠡᠰ ᠤᠨ ᠤᠷᠤᠯᠳᠤᠭᠠᠨ ᠲᠣᠬᠢᠷᠠᠭᠤᠯᠵᠤ᠂ ᠤᠷᠤᠯᠳᠤᠭᠠᠨ ᠤ ᠲᠥᠷᠥᠯ ᠳᠤ 15 ᠺᠢᠯᠣᠮᠧᠲᠷ ᠤᠨ ᠮᠣᠩᠭᠤᠯ ᠮᠣᠷᠢᠨ ᠤ ᠤᠷᠤᠯᠳᠤᠭᠠᠨ᠂ 6000 ᠮᠧᠲᠷ ᠤᠨ ᠪᠦᠯᠭᠦᠮ ᠨᠢᠭᠡᠴᠢ ᠶᠢᠨ ᠬᠦᠴᠦ ᠵᠠᠯᠭᠠᠬᠤ ᠤᠷᠤᠯᠳᠤᠭᠠᠨ ︵ᠮᠣᠷᠢᠨ ᠤ ᠡᠭᠦᠯᠳᠡᠷ ᠢᠯᠭᠠᠬᠤ ᠦᠭᠡᠢ︶ ᠭᠡᠬᠦ ᠬᠤᠶᠠᠷ ᠵᠦᠢᠯ ᠪᠤᠶ᠃ ᠭᠠᠴᠠᠭ᠎ᠠ᠂ ᠰᠤᠮᠤ᠂ ᠬᠤᠰᠢᠭᠤ ᠰᠢᠶᠠᠨ ᠳᠤ ᠴᠥᠮ ᠤᠷᠤᠯᠳᠤᠭᠠᠨ ᠤ ᠲᠠᠯᠠᠪᠠᠶ ᠲᠣᠬᠢᠷᠠᠭᠤᠯᠵᠤ᠂ ᠠᠶᠢᠮᠠᠭ ᠤᠨ ᠱᠠᠲᠤᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠭᠠᠵᠠᠷ ᠢ ᠰᠢᠯᠢᠩᠬᠤᠲᠠ ᠶᠢᠨ ᠮᠣᠳᠣᠨ ᠮᠠᠯᠵᠢᠯ ᠤᠨ ᠲᠠᠯᠠᠪᠠᠶ ᠶᠢᠨ ᠮᠠᠯᠴᠢᠳ ᠤᠨ ᠤᠯᠠᠮᠵᠢᠯᠠᠯᠲᠤ ᠨᠠᠭᠠᠳᠤᠮ ᠤᠨ ᠦᠵᠡᠮᠵᠢ ᠶᠢᠨ ᠣᠷᠣᠨ ᠳᠤ ᠬᠢᠬᠦ ᠪᠠᠷ ᠪᠣᠯᠪᠠ᠃       ᠨᠠᠭᠠᠳᠤᠮ ᠤᠨ ᠬᠤᠷᠠᠯ ᠪᠣᠯ ᠲᠠᠯ᠎ᠠ ᠨᠤᠲᠤᠭ ᠤᠨ ᠠᠷᠠᠳ ᠤᠯᠠᠨ ᠤ ᠬᠠᠮᠤᠭ ᠤᠨ ᠴᠢᠬᠤᠯᠠ ᠵᠤᠭ᠎ᠠ ᠴᠡᠩᠭᠡᠯ ᠤᠨ ᠬᠥᠳᠡᠯᠭᠡᠭᠡᠨ ᠤ ᠨᠢᠭᠡ ᠪᠣᠯᠣᠨ᠎ᠠ᠃ ᠡᠶᠢᠨ ᠬᠦ ᠲᠣᠰ ᠤᠳᠠᠭᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ᠂ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠴᠤᠤᠷᠢᠶᠠᠲᠤᠭᠰᠠᠨ ᠪᠥᠭᠡᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠵᠦ᠂ ᠰᠢᠯᠢ ᠶᠢᠨ ᠭᠤᠣᠯ ᠠᠶᠢᠮᠠᠭ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠡᠬᠢ ᠪᠠᠶᠠᠯᠢᠭ ᠢ ᠪᠦᠭᠦ ᠲᠠᠯ᠎ᠠ ᠪᠠᠷ ᠠᠭᠤᠳᠠᠯᠬᠤ ᠶᠢ ᠵᠣᠷᠢᠵᠤ᠂ 2023 ᠣᠨ ᠤ 11 ᠰᠠᠷ᠎ᠠ ᠶᠢᠨ 25 ᠤ ᠡᠳᠦᠷ ᠠᠴᠠ 2024 ᠣᠨ ᠤ 3 ᠰᠠᠷ᠎ᠠ ᠶᠢᠨ 11 ᠤ ᠡᠳᠦᠷ ᠪᠤᠯᠲᠠᠯ᠎ᠠ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠨᠠᠭᠠᠳᠤᠮ ᠤᠨ ᠰᠢᠷᠢᠰ ᠠᠵᠢᠯᠯᠠᠭ᠎ᠠ ᠶᠢ ᠡᠬᠢᠯᠡᠨ ᠶᠠᠪᠤᠭᠳᠠᠭᠤᠯᠤᠨ᠎ᠠ᠂ ᠠᠵᠢᠯᠯᠠᠭ᠎ᠠ ᠳᠤ 11 ᠵᠦᠢᠯ ᠤᠨ ᠠᠭᠤᠯᠭ᠎ᠠ ᠲᠣᠬᠢᠷᠠᠭᠤᠯᠵᠠᠢ᠂ ᠡᠭᠦᠨ ᠳᠤ ᠠᠶᠢᠮᠠᠭ ᠤᠨ ᠲᠠᠰ ᠤᠨ ᠠᠵᠢᠯᠯᠠᠭ᠎ᠠ 6 ᠵᠦᠢᠯ᠂ ᠬᠡᠰᠡᠭ ᠬᠤᠰᠢᠭᠤ ᠰᠢᠶᠠᠨ ᠤ ᠠᠵᠢᠯᠯᠠᠭ᠎ᠠ 5 ᠵᠦᠢᠯ ᠪᠤᠶ᠃ ᠭᠤᠣᠯᠳᠠᠭᠤ ᠮᠣᠷᠢ ᠤᠷᠤᠯᠳᠤᠬᠤ᠂ ᠲᠡᠷᠭᠡ ᠤᠷᠤᠯᠳᠤᠬᠤ᠂ ᠯᠤᠤᠲᠤ ᠣᠩᠭᠤᠴᠠ ᠤᠷᠤᠯᠳᠤᠬᠤ ᠵᠡᠷᠭᠡ ᠲᠣᠮᠣ ᠭᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠲᠡᠮᠡᠴᠡᠭᠡᠨ ᠪᠠ ᠮᠥᠰᠥ ᠲᠡᠰᠢᠬᠦ᠂ ᠮᠥᠰᠥᠨ ᠳᠡᠭᠡᠷᠡᠬᠢ ᠱᠠᠭ᠎ᠠ ᠶᠢᠨ ᠬᠠᠷᠪᠤᠭ᠎ᠠ ᠵᠡᠷᠭᠡ ᠮᠥᠰᠥᠨ ᠳᠡᠭᠡᠷᠡᠬᠢ ᠵᠤᠭ᠎ᠠ ᠴᠡᠩᠭᠡᠯ ᠤᠨ ᠤᠷᠤᠯᠳᠤᠭᠠᠨ ᠪᠠᠭᠲᠠᠨ᠎ᠠ᠃ ᠪᠠᠰᠠ ᠤᠷᠠᠨ ᠰᠠᠶᠢᠬᠠᠨ ᠤ ᠦᠳᠡᠰᠢᠯᠡᠭᠡ᠂ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ᠂ ᠠᠷᠠᠳ ᠤᠨ ᠵᠠᠩ ᠦᠶᠯᠡ ᠶᠢ ᠪᠡᠶᠡᠴᠢᠯᠡᠨ ᠣᠶᠢᠯᠠᠭᠠᠬᠤ ᠵᠡᠷᠭᠡ ᠰᠣᠶᠣᠯ ᠵᠤᠭ᠎ᠠ ᠴᠡᠩᠭᠡᠯ ᠤᠨ ᠠᠵᠢᠯᠯᠠᠭ᠎ᠠ ᠪᠠᠶᠢᠵᠤ᠂ ᠤᠯᠠᠨ ᠲᠦᠮᠡᠨ ᠤ ᠠᠩᠬᠠᠷᠤᠯ ᠢ  ᠶᠡᠬᠡᠳᠡ ᠲᠠᠲᠠᠵᠤ ᠪᠤᠢ᠃       ᠠᠶᠢᠮᠠᠭ ᠤᠨ ᠲᠠᠰ ᠤᠨ ᠠᠵᠢᠯᠯᠠᠭ᠎ᠠ ᠳᠤ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ ᠤᠨ ᠮᠢᠩᠭᠠᠨ ᠭᠠᠵᠠᠷ ᠤᠨ ᠲᠦᠮᠡᠨ ᠬᠥᠮᠥᠨ ᠤ ᠪᠠᠷᠲᠠᠭ᠎ᠠ ᠲᠤᠭᠤᠯᠬᠤ ᠠᠶᠠᠯᠠᠯ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ ᠤᠨ ︽ᠬᠤᠶᠠᠷ ᠰᠠᠷ᠎ᠠ ᠶᠢᠨ ᠬᠤᠶᠠᠷ ᠥᠯᠵᠡᠶᠢᠲᠦ ᠡᠳᠦᠷ︾ ᠤᠨ ᠮᠠᠰᠢᠨ ᠲᠡᠷᠭᠡᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠪᠦᠭᠦ ᠤᠯᠤᠰ ᠤᠨ ᠣᠶᠤᠲᠠᠳ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠤᠷᠠᠨ ᠰᠠᠶᠢᠬᠠᠨ ᠤ ᠦᠳᠡᠰᠢᠯᠡᠭᠡ᠂ ᠰᠢᠯᠢ ᠶᠢᠨ ᠭᠤᠣᠯ ᠠᠶᠢᠮᠠᠭ ᠤᠨ ᠵᠠᠯᠠᠭᠤᠴᠤᠳ ᠪᠠᠭᠠᠴᠤᠳ ᠤᠨ ᠲᠦᠷᠭᠡᠨ ᠲᠡᠰᠢᠯᠲᠡ ᠶᠢᠨ ᠤᠷᠤᠯᠳᠤᠭᠠᠨ ᠵᠡᠷᠭᠡ ᠪᠠᠭᠲᠠᠨ᠎ᠠ᠃ ᠬᠤᠰᠢᠭᠤ ᠰᠢᠶᠠᠨ ᠤ ᠭᠤᠣᠯᠳᠠᠯᠭ᠎ᠠ ᠲᠠᠢ ᠠᠵᠢᠯᠯᠠᠭ᠎ᠠ ᠳᠤ ᠰᠢᠯᠤᠭᠤᠨ ᠬᠥᠬᠡ ᠬᠤᠰᠢᠭᠤᠨ ᠤ ᠮᠥᠩᠭᠦᠨ ᠡᠪᠦᠯ ᠤᠨ ᠨᠠᠭᠠᠳᠤᠮ᠂ 2023 ᠣᠨ ᠤ ᠡᠷᠢᠶᠡᠨ ᠬᠤᠲᠠ ᠶᠢᠨ ᠮᠥᠰᠥ ᠴᠠᠰᠤᠨ ᠤ ᠨᠠᠶᠢᠷ ᠵᠢᠴᠢ ︽ᠠᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠤᠯᠠᠨ ᠨᠡᠶᠢᠳᠡ ᠶᠢᠨ ᠮᠥᠰᠥ ᠴᠠᠰᠤᠨ ᠤ ᠨᠠᠶᠢᠷ︾ ᠤᠨ ᠠᠵᠢᠯᠯᠠᠭ᠎ᠠ᠂ ︽ᠡᠯᠡᠰᠦᠨ ᠭᠤᠪᠢ ᠶᠢᠨ ᠣᠩᠭᠤᠴᠠ︾ ᠰᠥᠨᠢᠳ ᠤᠨ ᠲᠡᠮᠡᠭᠡᠨ ᠰᠣᠶᠣᠯ ᠤᠨ ᠨᠠᠶᠢᠷ ᠵᠢᠴᠢ ᠳᠥᠷᠪᠡᠳᠦᠭᠡᠷ ᠬᠤᠭᠤᠴᠠᠭᠠᠨ ᠤ ︽ᠮᠥᠩᠭᠦᠨ ᠡᠪᠦᠯ︾ ᠪᠠᠭᠠᠴᠤᠳ ᠬᠡᠦᠬᠡᠳ ᠤᠨ ᠡᠪᠦᠯ ᠤᠨ ᠨᠠᠭᠠᠳᠤᠮ᠂ ︽ᠪᠣᠣᠴᠠᠩ ᠤᠨ ᠴᠠᠭᠠᠨ ᠰᠠᠷ᠎ᠠ︾ ᠡᠪᠦᠯ ᠤᠨ ᠤᠯᠠᠷᠢᠯ ᠤᠨ ᠠᠷᠠᠳ ᠤᠨ ᠵᠠᠩ ᠦᠶᠯᠡ ᠶᠢ ᠪᠡᠶᠡᠴᠢᠯᠡᠨ ᠣᠶᠢᠯᠠᠭᠠᠬᠤ ᠰᠢᠷᠢᠰ ᠠᠵᠢᠯᠯᠠᠭ᠎ᠠ᠂ ︽ᠴᠠᠰᠤᠲᠤ ᠶᠢᠨ ᠴᠢᠨ᠋ᠸ᠎ᠠ︾ ᠲᠡᠭᠷᠢ ᠶᠢᠨ ᠬᠢᠵᠠᠭᠠᠷ ᠲᠠᠬᠢ ᠲᠠᠯ᠎ᠠ ᠨᠤᠲᠤᠭ ᠤᠯᠠᠭᠠᠢ ᠶᠢᠨ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ᠵᠡᠷᠭᠡ ᠪᠠᠭᠲᠠᠨ᠎ᠠ᠃       ᠡᠭᠦᠨ ᠠᠴᠠ ᠭᠠᠳᠠᠨ᠎ᠠ᠂ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠪᠠᠰᠠ ᠰᠢᠯᠢ ᠶᠢᠨ ᠭᠤᠣᠯ ᠠᠶᠢᠮᠠᠭ ᠤᠨ 5 ᠵᠤᠷᠪᠤᠰ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠪᠠ 5 ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠬᠤᠯᠠ ᠦᠵᠡᠮᠵᠢᠲᠦ ᠭᠠᠵᠠᠷ ᠢ ᠤᠯᠠᠨ ᠳᠤ ᠨᠡᠶᠢᠲᠡᠯᠡᠵᠡᠢ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠪᠣᠯ ᠰᠢᠯᠢ ᠶᠢᠨ ᠭᠤᠣᠯ ᠠᠶᠢᠮᠠᠭ ᠤᠨ ᠮᠥᠰᠥ ᠴᠠᠰᠤᠨ ᠤ ᠪᠠᠷᠳᠠᠭ᠎ᠠ ᠲᠤᠭᠤᠯᠬᠤ ᠠᠶᠠᠯᠠᠯ᠂ ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠮᠥᠰᠥ ᠴᠠᠰᠤᠨ ᠳᠤᠮᠳᠠᠬᠢ ᠠᠶᠠᠯᠠᠯ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠴᠠᠰᠤᠲᠤ ᠲᠠᠯ᠎ᠠ ᠶᠢᠨ ᠠᠶᠠᠯᠠᠯ᠂ ᠲᠠᠯ᠎ᠠ ᠨᠤᠲᠤᠭ ᠤᠨ ᠭᠠᠯᠲᠤ ᠠᠭᠤᠯᠠ ᠶᠢᠨ ᠡᠪᠦᠯ ᠤᠨ ᠠᠶᠠᠯᠠᠯ᠂ ᠲᠠᠶᠢᠪᠤᠰᠧ ᠬᠤᠰᠢᠭᠤᠨ ᠤ ᠴᠠᠭᠠᠨ ᠰᠠᠷ᠎ᠠ ᠶᠢᠨ ᠪᠠᠶᠠᠷ ᠵᠡᠷᠭᠡ ᠪᠣᠯᠣᠨ᠎ᠠ᠃ ᠡᠪᠦᠯ ᠤᠨ ᠤᠯᠠᠷᠢᠯ ᠤᠨ ᠵᠢᠭᠤᠯᠴᠢᠯᠠᠯ ᠤᠨ 5 ᠴᠢᠬᠤᠯᠠ ᠦᠵᠡᠮᠵᠢᠲᠦ ᠭᠠᠵᠠᠷ ᠪᠣᠯ ᠰᠢᠯᠢ ᠶᠢᠨ ᠭᠤᠣᠯ ᠠᠶᠢᠮᠠᠭ ᠤᠨ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠴᠠᠰᠤᠨ ᠳᠤ ᠴᠠᠨᠠᠯᠠᠬᠤ ᠲᠠᠯᠠᠪᠠᠶ᠂ ᠰᠢᠯᠢ ᠶᠢᠨ ᠭᠤᠣᠯ ᠤᠨ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠳᠣᠯᠣᠨ ᠨᠤᠤᠷ ᠰᠢᠶᠠᠨ ᠤ ᠢᠦᠢ ᠮᠦ ᠴᠤᠸᠠᠨ ᠥᠷᠯᠥᠭᠡ ᠶᠢᠨ ᠰᠠᠭᠰᠤᠷᠭ᠎ᠠ ᠶᠢᠨ ᠦᠵᠡᠮᠵᠢ᠂ ᠰᠢᠯᠢᠩᠬᠤᠲᠠ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ