ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ
ᠨᠡᠶᠢᠲᠡᠯᠡᠭᠰᠡᠨ ᠴᠠᠭ᠄
2023/12/11
       ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠶᠢᠨ ᠰᠢᠷ᠎ᠠ ᠲᠠᠯ᠎ᠠ ᠳᠤ ᠪᠠᠶᠢᠷᠢᠯᠠᠳᠠᠭ᠃  ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠶᠡᠷᠦᠩᠬᠡᠢ ᠲᠠᠯᠠᠪᠠᠢ ᠨᠢ 250 ᠲᠡᠭᠰᠢ ᠳᠥᠷᠪᠡᠯᠵᠢᠨ ᠺᠢᠯᠣᠮᠧᠲᠷ᠂ 1256 ᠣᠨ ᠳᠤ ᠶᠤᠸᠠᠨ ᠱᠢᠽᠤ ᠬᠤᠪᠢᠯᠠᠢ ᠬᠠᠭᠠᠨ ᠤ ᠵᠠᠷᠯᠢᠭ ᠢᠶᠠᠷ ᠡᠬᠢᠯᠡᠨ ᠪᠠᠶᠢᠭᠤᠯᠵᠠᠢ᠃ ᠶᠤᠸᠠᠨ ᠤ ᠳᠡᠭᠡᠳᠦ ᠨᠡᠶᠢᠰᠯᠡᠯ ᠲᠤᠬᠠᠢ ᠶᠢᠨ ᠦᠶ᠎ᠡ ᠶᠢᠨ ᠤᠯᠤᠰ ᠲᠥᠷᠤ᠂ ᠠᠵᠤ ᠠᠬᠤᠢ᠂ ᠴᠡᠷᠢᠭ  ᠤᠨ ᠶᠠᠪᠤᠳᠠᠯ᠂ ᠰᠣᠶᠣᠯ ᠤᠨ ᠲᠥᠪ ᠪᠣᠯᠵᠤ᠂  ᠲᠤᠮᠳᠠᠳᠤ ᠤᠯᠤᠰ ᠤᠨ ᠡᠷᠲᠡᠨ ᠤ ᠲᠡᠦᠬᠡ ᠪᠣᠯᠣᠨ ᠳᠡᠯᠡᠬᠡᠢ ᠶᠢᠨ ᠨᠡᠭᠦᠳᠡᠯᠴᠢᠨ ᠦᠨᠳᠦᠰᠦᠲᠡᠨ ᠤ ᠲᠡᠦᠬᠡ ᠶᠢᠨ ᠰᠢᠨ᠎ᠡ ᠣᠨ ᠲᠣᠭᠠᠯᠠᠯ ᠢ ᠨᠡᠭᠡᠭᠡᠵᠦ᠂ ᠮᠣᠩᠭᠤᠯ ᠶᠤᠸᠠᠨ ᠤ ᠰᠣᠶᠣᠯ᠂ ᠶᠤᠸᠠᠨ ᠤ ᠤᠯᠠᠨ ᠦᠨᠳᠦᠰᠦᠲᠡᠨ ᠤ ᠰᠣᠶᠣᠯ ᠪᠣᠯᠪᠠᠰᠤᠨ ᠢ ᠠᠭᠤᠰᠤᠯᠴᠠᠭᠤᠯᠤᠨ᠂ ᠥᠷᠥᠨᠡᠳᠠᠬᠢᠨ ᠪᠠ ᠳᠣᠷᠣᠨᠠᠳᠠᠬᠢᠨ ᠤ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠴᠢᠬᠤᠯᠠ ᠪᠣᠯᠪᠠᠰᠤᠨ ᠤ ᠲᠡᠦᠬᠡ  ᠶᠢ ᠲᠡᠮᠳᠡᠭᠯᠡᠭᠰᠡᠨ ᠳᠡᠯᠡᠬᠡᠢ ᠶᠢᠨ ᠬᠠᠮᠤᠭ ᠤᠨ ᠲᠥᠯᠥᠭᠡᠯᠡᠬᠦ ᠴᠢᠨᠠᠷ ᠪᠦᠬᠦᠢ ᠨᠡᠭᠦᠳᠡᠯᠴᠢᠨ ᠦᠨᠳᠦᠰᠦᠲᠡᠨ ᠤ ᠰᠣᠶᠣᠯ ᠤᠨ ᠥᠪ ᠪᠣᠯᠤᠭᠰᠠᠨ ᠶᠤᠮ᠃       ᠪᠠᠭᠤᠷᠢ ᠶᠢᠨ ᠦᠯᠡᠳᠡᠭᠳᠡᠯ᠄ ᠭᠠᠳᠠᠷ ᠬᠤᠲᠠ᠂ ᠬᠠᠭᠠᠨ ᠤ ᠬᠤᠲᠠ᠂ ᠣᠷᠳᠣᠨ ᠬᠤᠲᠠ᠂ ᠪᠣᠭᠤᠮᠲᠠ ᠶᠢᠨ ᠲᠣᠭᠤᠷᠢᠭ᠂ ᠰᠦᠮ᠎ᠡ ᠬᠡᠶᠢᠳ᠂ ᠬᠡᠭᠦᠷ ᠤᠡᠭᠭᠤᠨ᠂ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ᠃       ᠨᠡᠷ᠎ᠡ ᠶᠢᠨ ᠬᠠᠭᠤᠳᠠᠰᠤ᠄  ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠣᠯ ᠭᠤᠷᠪᠠᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠶᠢᠵᠤ᠂ 2012 ᠣᠨ ᠳᠤ ᠳᠡᠯᠡᠬᠡᠢ ᠶᠢᠨ ᠰᠣᠶᠣᠯ ᠤᠨ ᠥᠪ ᠲᠤ ᠪᠦᠷᠢᠳᠬᠡᠭᠳᠡᠵᠦ᠂ 2021 ᠣᠨ ᠳᠤ ᠵᠠᠭᠤᠨ ᠵᠢᠯ ᠤᠨ ᠵᠠᠭᠤᠨ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠪᠠᠷ ᠲᠣᠳᠣᠷᠠᠪᠠ᠃       ᠦᠵᠡᠮᠵᠢ ᠶᠢᠨ ᠣᠷᠣᠨ᠄ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ᠂ ᠠᠯᠲᠠᠩᠬᠸ᠎ᠠ ᠶᠢᠨ ᠲᠠᠯ᠎ᠠ᠂ ᠱᠠᠩᠳᠤ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠶᠡᠭᠡ ᠪᠠᠭ᠎ᠠ ᠵᠢᠭᠠᠰᠤᠲᠠᠢ ᠨᠠᠭᠤᠷ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ