ᠰᠢᠶᠠ ᠵᠢᠶᠠ ᠳ᠋ᠢᠶᠠᠨ ᠤ ᠪᠠᠭᠤᠷᠢ
ᠨᠡᠶᠢᠲᠡᠯᠡᠭᠰᠡᠨ ᠴᠠᠭ᠄
2023/12/11
       ᠰᠢᠶᠠ ᠵᠢᠶᠠ ᠳ᠋ᠢᠶᠠᠨ ᠤ ᠪᠠᠭᠤᠷᠢ ᠶᠢᠨ ᠰᠦᠷᠦᠭᠵᠢᠯ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠸᠠᠩ ᠵᠢᠶᠠ ᠳ᠋ᠢᠶᠠᠨ ᠰᠢᠶᠠᠩ ᠤᠨ ᠰᠢᠶᠠ ᠵᠢᠶᠠ ᠳ᠋ᠢᠶᠠᠨ ᠲᠣᠰᠬᠤᠨ ᠤ ᠬᠤᠶᠢᠲᠤ ᠲᠠᠯ᠎ᠠ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 38 ᠲᠦᠮᠡᠨ ᠲᠡᠭᠰᠢ ᠳᠥᠷᠪᠡᠯᠵᠢᠨ ᠮᠸᠲᠷ ᠰᠢᠬᠠᠮ ᠪᠤᠢ᠃ ᠰᠢᠶᠠ ᠵᠢᠶᠠ ᠳ᠋ᠢᠶᠠᠨ ᠤ ᠪᠠᠭᠤᠷᠢ ᠪᠣᠯ ᠳᠤᠮᠳᠠᠳᠤ ᠤᠯᠤᠰ ᠤᠨ ᠤᠮᠠᠷᠠᠲᠤ ᠶᠢᠨ ᠬᠦᠷᠡᠯ ᠵᠡᠪᠰᠡᠭ ᠤᠨ ᠦᠶ᠎ᠡ ᠶᠢᠨ ᠡᠷᠲᠡ ᠦᠶ᠎ᠡ ᠶᠢᠨ ᠪᠠᠭᠤᠷᠢ ᠪᠣᠯᠣᠨ᠎ᠠ᠃ ᠲᠡᠭᠦᠨ ᠤ ᠰᠣᠶᠣᠯ ᠤᠨ ᠠᠭᠤᠯᠤᠭᠳᠠᠬᠤᠨ ᠳᠤ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠪᠠ ᠰᠢᠶᠠ ᠵᠢᠶᠠ ᠳ᠋ᠢᠶᠠᠨ ᠤ ᠳᠡᠭᠡᠳᠦ ᠳᠠᠪᠬᠤᠷᠭ᠎ᠠ ᠶᠢᠨ ᠰᠣᠶᠣᠯ᠂ ᠪᠠᠶᠢᠯᠳᠤᠭᠠᠨᠲᠤ ᠤᠯᠤᠰ ᠤᠨ ᠦᠶ᠎ᠡ ᠶᠢᠨ ᠰᠣᠶᠣᠯ ᠪᠠᠭᠲᠠᠨ᠎ᠠ᠃ ᠰᠢᠶᠠ ᠵᠢᠶᠠ ᠳ᠋ᠢᠶᠠᠨ ᠤ ᠪᠠᠭᠤᠷᠢ ᠨᠤᠭᠤᠳ ᠨᠢ ᠳᠤᠮᠳᠠᠳᠤ ᠶᠢᠨ ᠪᠣᠯᠪᠠᠰᠤᠨ ᠤ ᠡᠭᠦᠰᠦᠯ ᠭᠠᠷᠤᠯ ᠢ ᠰᠢᠨᠵᠢᠯᠡᠨ ᠰᠤᠳᠤᠯᠬᠤ ᠳᠤ ᠰᠢᠨ᠎ᠡ ᠴᠢᠬᠤᠯᠠ ᠪᠣᠳᠠᠰ ᠤᠨ ᠭᠡᠷᠡᠴᠢ ᠬᠠᠩᠭᠠᠵᠤ᠂ ᠲᠠᠯ᠎ᠠ ᠨᠤᠲᠤᠭ ᠤᠨ ᠬᠦᠷᠡᠯ ᠵᠡᠪᠰᠡᠭ ᠤᠨ ᠰᠣᠶᠣᠯ᠂ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠲᠠᠭᠢᠯᠭ᠎ᠠ ᠪᠠ ᠱᠠᠰᠢᠨ ᠰᠤᠷᠲᠠᠬᠤᠨ ᠤ ᠠᠵᠢᠯᠯᠠᠭ᠎ᠠ ᠶᠢ ᠰᠢᠨᠵᠢᠯᠡᠨ ᠰᠤᠳᠤᠯᠬᠤ ᠳᠤ ᠴᠢᠬᠤᠯᠠ ᠶᠡᠭᠡ ᠡᠷᠳᠡᠮ ᠰᠢᠨᠵᠢᠯᠡᠭᠡᠨ ᠤ ᠠᠴᠢ ᠬᠤᠯᠪᠣᠭᠳᠠᠯ ᠲᠠᠢ᠃       ᠪᠠᠭᠤᠷᠢ ᠶᠢᠨ ᠦᠯᠡᠳᠡᠭᠳᠡᠯ᠄ ᠰᠢᠶᠠ ᠵᠢᠶᠠ ᠳ᠋ᠢᠶᠠᠨ ᠤ ᠪᠠᠭᠤᠷᠢ ᠠᠴᠠ ᠨᠡᠶᠢᠲᠡ 9 ᠪᠠᠭᠤᠷᠢ ᠣᠯᠳᠠᠵᠤ᠂ ᠶᠡᠭᠡ ᠬᠡᠮᠵᠢᠶᠡᠨ ᠤ ᠴᠢᠯᠠᠭᠤᠨ ᠵᠡᠪᠰᠡᠭ᠂ ᠸᠠᠭᠠᠷ ᠰᠠᠪᠠ᠂ ᠬᠦᠷᠡᠯ ᠵᠡᠪᠰᠡᠭ᠂ ᠬᠠᠰ ᠰᠠᠪᠠ᠂ ᠶᠠᠰᠤᠨ ᠰᠠᠪᠠ᠂ ᠴᠢᠯᠠᠭᠤᠨ ᠪᠠᠭᠠᠵᠢ᠂  ᠬᠤᠨᠢ ᠦᠬᠡᠷ ᠭᠠᠭ᠋ᠠᠢ ᠨᠣᠬᠠᠢ ᠪᠠ ᠪᠤᠭᠤ ᠶᠢᠨ ᠠᠷᠤᠭ ᠶᠠᠰᠤ ᠣᠯᠳᠠᠵᠠᠢ᠃       ᠨᠡᠷ᠎ᠡ ᠶᠢᠨ ᠬᠠᠭᠤᠳᠠᠰᠤ᠄ ᠵᠢᠷᠭᠤᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠃       ᠦᠵᠡᠮᠵᠢ ᠶᠢᠨ ᠣᠷᠣᠨ᠄ ᠤᠯᠠᠭᠠᠨ ᠬᠠᠳᠠ ᠮᠦᠽᠧᠢ᠂ ᠤᠯᠠᠭᠠᠨᠬᠠᠳᠠ ᠶᠢᠨ ᠬᠤᠨᠭ᠍ᠱᠠᠨ ᠰᠣᠶᠣᠯ ᠤᠨ ᠮᠦᠽᠧᠢ᠂ ᠬᠤᠨᠭ᠍ᠱᠠᠨ ᠤᠯᠤᠰ ᠤᠨ ᠤᠢ ᠰᠢᠭᠤᠢ ᠶᠢᠨ ᠴᠡᠴᠡᠷᠯᠢᠭ᠂ ᠤᠯᠠᠭᠠᠨᠬᠠᠳᠠ ᠤᠷᠭᠤᠮᠠᠯ ᠤᠨ ᠬᠦᠷᠢᠶᠡᠯᠡᠩ᠂ ᠬᠤᠨᠭ᠍ᠱᠠᠨ ᠴᠡᠴᠡᠷᠯᠢᠭ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ