ᠬᠠᠮᠪᠤ ᠶᠢᠨ ᠪᠠᠭᠤᠷᠢ
ᠨᠡᠶᠢᠲᠡᠯᠡᠭᠰᠡᠨ ᠴᠠᠭ᠄
2023/12/11
       ᠬᠠᠮᠪᠤ ᠶᠢᠨ ᠪᠠᠭᠤᠷᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠸᠪᠡᠷᠲᠤ ᠪᠠᠯᠭᠠᠰᠤ ᠠᠴᠠ ᠵᠡᠭᠦᠨ ᠡᠮᠦᠨᠡᠰᠢ15 ᠺᠢᠯᠣᠮᠧᠲᠷ ᠲᠤ ᠪᠠᠶᠢᠷᠢᠯᠠᠵᠤ ᠪᠠᠶᠢᠳᠠᠭ᠃ ᠬᠠᠮᠪᠤ ᠶᠢᠨ ᠪᠠᠭᠤᠷᠢ ︵ᠬᠠᠮᠪᠤ ᠶᠢᠨ ᠮᠠᠩᠬ᠎ᠠ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠠᠶᠢᠯ ᠤᠨ ᠪᠠᠭᠤᠷᠢ ᠭᠡᠳᠡᠭ︶ ᠶᠢᠨ ᠶᠡᠷᠦᠩᠬᠡᠢ ᠲᠡᠯᠡᠪᠡᠢ ᠨᠢ 17 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠤᠳᠤ ᠠᠴᠠ ᠪᠠᠷᠤᠭ 5500 ᠢᠯᠡᠭᠦᠦ ᠵᠢᠯ ᠤᠨ ᠡᠮᠦᠨᠡᠬᠢ ᠴᠠᠭ ᠦᠶ᠎ᠡ ᠳᠤ ᠬᠠᠷᠢᠶᠠᠯᠠᠭᠳᠠᠨ᠎ᠠ᠃ ᠬᠠᠮᠪᠤ ᠶᠢᠨ ᠪᠠᠭᠤᠷᠢ ᠶᠢᠨ ᠬᠦᠷᠢᠶ᠎ᠡ ᠬᠡᠪᠴᠢᠶ᠎ᠡ ᠶᠡᠭᠡ᠂ ᠬᠠᠳᠠᠭᠠᠯᠠᠯᠲᠠ ᠪᠦᠷᠢᠨ ᠪᠦᠲᠦᠨ᠂ ᠦᠵᠡᠭᠳᠡᠯ ᠨᠢ ᠪᠤᠳᠤᠯᠢᠶᠠᠨᠲᠠᠢ ᠪᠥᠭᠡᠳ ᠥᠪᠡᠷᠮᠢᠴᠡ ᠭᠠᠶᠢᠬᠠᠯᠲᠠᠢ᠂ ᠮᠠᠨ ᠤ ᠤᠯᠤᠰ ᠤᠨ ᠵᠡᠭᠦᠨ ᠬᠤᠶᠢᠲᠤ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠠᠭᠤᠴᠢ ᠰᠤᠳᠤᠯᠤᠯ ᠤᠨ ᠰᠣᠶᠣᠯ ᠤᠨ ᠬᠤᠭᠤᠰᠤᠨ ᠢ ᠨᠥᠬᠦᠪᠦᠷᠢᠯᠡᠵᠦ᠂  ᠬᠤᠷᠴᠢᠨ ᠨᠤᠲᠤᠭ ᠤᠨ ᠡᠷᠲᠡᠨ ᠤ ᠲᠡᠦᠬᠡ ᠶᠢ ᠰᠤᠳᠤᠯᠬᠤ᠂ ᠦᠨᠳᠦᠰᠦᠲᠡᠨ ᠤ ᠰᠣᠶᠣᠯ ᠢᠶᠠᠨ ᠤᠯᠠᠮᠵᠢᠯᠠᠨ ᠪᠠᠳᠠᠷᠠᠭᠤᠯᠬᠤ ᠪᠠ ᠲᠤᠰ ᠭᠠᠵᠠᠷ ᠣᠷᠣᠨ ᠤ ᠰᠣᠶᠣᠯ ᠤᠨ ᠨᠠᠷᠡᠲᠤ ᠲᠡᠮᠳᠡᠭ ᠢ ᠡᠭᠦᠳᠬᠦ᠂ ᠰᠣᠶᠣᠯ ᠵᠢᠭᠤᠯᠴᠢᠯᠠᠯ ᠪᠠ ᠠᠵᠤ ᠠᠬᠤᠢ ᠶᠢ ᠬᠥᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃       ᠪᠠᠭᠤᠷᠢ ᠶᠢᠨ ᠦᠯᠡᠳᠡᠭᠳᠡᠯ᠄ 81 ᠭᠡᠷ ᠪᠠᠶᠢᠰᠢᠩ ᠤᠨ ᠰᠠᠭᠤᠷᠢ᠂ 14 ᠬᠡᠭᠦᠷ ᠤᠡᠭᠭᠤᠨ᠂  2000 ᠮᠢᠩᠭ᠎ᠠ ᠭᠠᠷᠤᠢ ᠸᠠᠭᠠᠷ ᠰᠠᠪᠠ᠂ ᠴᠢᠯᠠᠭᠤᠨ ᠵᠡᠪᠰᠡᠭ᠂  ᠬᠠᠰ ᠡᠳ᠋ᠯᠡᠯ᠂ ᠶᠠᠰᠤᠨ ᠡᠳ᠋ᠯᠡᠯ᠂ ᠬᠢᠰᠤᠭ᠎ᠠ ᠶᠢᠨ ᠬᠡᠷᠡᠭᠰᠡᠯ ᠵᠡᠷᠭᠡ᠃       ᠨᠡᠷ᠎ᠡ ᠶᠢᠨ ᠬᠠᠭᠤᠳᠠᠰᠤ᠄  2011 ᠣᠨ ᠤ  ᠪᠦᠭᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠰᠢᠨ᠎ᠡ ᠢᠯᠡᠷᠡᠭᠦᠯᠦᠯᠲᠡ ᠶᠢᠨ ᠨᠢᠭᠡ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠰᠢᠨ᠎ᠡ ᠢᠯᠡᠷᠡᠭᠦᠯᠦᠯᠲᠡ ᠶᠢᠨ ᠨᠢᠭᠡ᠂ 2016 ᠣᠨ ᠤ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ  ᠤᠨ ᠪᠠᠭᠤᠷᠢ ᠶᠢᠨ ᠲᠦᠷᠦᠭᠦᠴᠢ ᠶᠢᠨ ᠠᠷᠪᠠᠨ ᠴᠡᠴᠡᠷᠯᠢᠭ ᠤᠨ ᠨᠢᠭᠡ᠂ ᠨᠠᠢᠮᠠᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠤᠯᠤᠰ ᠤᠨAAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠃       ᠦᠵᠡᠮᠵᠢ ᠶᠢᠨ ᠣᠷᠣᠨ᠄  ᠬᠠᠮᠪᠤ ᠶᠢᠨ ᠪᠠᠭᠤᠷᠢ ᠶᠢᠨ ᠮᠦᠽᠧᠢ᠂ ᠬᠠᠮᠪᠤ ᠶᠢᠨ ᠪᠠᠭᠤᠷᠢ ᠶᠢᠨ ᠬᠠᠮᠠᠭᠠᠯᠠᠯᠲᠠ ᠶᠢᠨ ᠦᠵᠡᠭᠦᠯᠭᠡ ᠶᠢᠨ ᠣᠷᠳᠣᠨ᠂ ᠲᠠᠬᠢᠮᠳᠠᠭᠤ ᠠᠮᠤᠷᠯᠢᠩᠭᠤᠢ ᠭᠡᠭᠡᠨ ᠰᠦᠳᠤ ᠬᠤᠸᠠᠩᠬᠤ ᠶᠢᠨ ᠣᠷᠳᠣᠨ ᠤ ᠬᠦᠷᠢᠶᠡᠯᠡᠩ ᠤᠨ ᠰᠣᠶᠣᠯ ᠵᠢᠭᠤᠯᠴᠢᠯᠠᠯ ᠤᠨ ᠣᠷᠣᠨ᠂  ᠵᠢᠷᠦᠬᠡ ᠵᠢᠭᠤᠯᠴᠢᠯᠠᠯ ᠤᠨ ᠣᠷᠣᠨ᠂ ᠳᠠᠷᠬᠠᠨ ᠴᠢᠨ ᠸᠠᠩ ᠤᠨ ᠣᠷᠳᠣᠨ᠃   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ