ᠮᠠ ᠽᠥᠩ ᠱᠠᠨ ᠠᠭᠤᠯᠠ ᠶᠢᠨ ᠤᠡᠭᠭᠤᠨ ᠤ ᠪᠠᠭᠤᠷᠢ
ᠨᠡᠶᠢᠲᠡᠯᠡᠭᠰᠡᠨ ᠴᠠᠭ᠄
2023/12/11
       ᠮᠠ ᠽᠥᠩ ᠱᠠᠨ ᠠᠭᠤᠯᠠ ᠶᠢᠨ ᠤᠡᠭᠭᠤᠨ ᠤ ᠪᠠᠭᠤᠷᠢ ᠪᠠᠶᠠᠨᠨᠠᠭᠤᠷ ᠬᠤᠲᠠ ᠶᠢᠨ ᠤᠷᠠᠳ ᠤᠨ ᠲᠤᠮᠲᠠᠲᠦ ᠬᠤᠰᠢᠭᠤᠨ ᠤ ᠬᠤᠯᠤᠰᠤᠲᠠᠢ ᠰᠤᠮᠤᠨ ᠤ ᠲᠠᠭᠠᠲᠦ ᠭᠠᠴᠠᠭ᠎ᠠ ᠠᠴᠠ ᠤᠮᠠᠷᠠᠰᠢ 15 ᠺᠢᠯᠣᠮᠧᠲᠷ ᠵᠠᠶᠢᠲᠠᠢ ᠮᠠ ᠽᠥᠩ ᠱᠠᠨ ᠭᠠᠵᠠᠷ ᠣᠷᠣᠨ ᠤ ᠰᠢᠷᠠᠴᠢᠯᠠᠭᠤ ᠠᠭᠤᠯᠠ ᠶᠢᠨ ᠣᠷᠴᠢᠮ ᠪᠠᠶᠢᠷᠢᠯᠠᠳᠠᠭ᠃ ᠡᠳᠡᠭᠡᠷ ᠤᠩᠭᠤᠨ ᠨᠢ ᠳᠥᠷᠪᠡᠯᠵᠢᠨ ᠭᠡᠯᠪᠡᠷᠢ ᠶᠢᠨ᠂ ᠲᠣᠭᠤᠷᠢᠭ ᠭᠡᠯᠪᠡᠷᠢ ᠶᠢᠨ᠂ T ᠦᠰᠦᠭ ᠤᠨ ᠭᠡᠯᠪᠡᠷᠢ ᠶᠢᠨ ᠵᠡᠷᠭᠡ ᠤᠯᠠᠨ ᠭᠡᠯᠪᠡᠷᠢ ᠳᠦᠷᠰᠦ ᠲᠠᠢ᠂ ᠶᠡᠭᠡ ᠪᠠᠭ᠎ᠠ ᠨᠢ ᠠᠳᠠᠯᠢ ᠪᠤᠰᠤ᠂ ᠬᠠᠳᠠᠭᠠᠯᠠᠯᠲᠠ ᠪᠠᠷ ᠨᠡᠯᠢᠶᠡᠳ ᠪᠦᠷᠢᠨ᠂ ᠤᠡᠭᠭᠤᠨ ᠤ ᠲᠤᠭ᠎ᠠ ᠬᠡᠮᠵᠢᠶ᠎ᠡ ᠤᠯᠠᠨ᠂ ᠭᠡᠯᠪᠡᠷᠢ ᠪᠠᠶᠢᠳᠠᠯ ᠨᠢ ᠤᠨᠴᠠᠭᠠᠢ᠂  2008 ᠣᠨ ᠳᠤ ᠨᠡᠶᠢᠳᠡᠮ ᠪᠠᠶᠢᠴᠠᠭᠠᠯᠲᠠ ᠪᠠᠷ ᠢᠯᠡᠷᠡᠭᠦᠯᠦᠮᠡᠭᠴᠡ ᠣᠷᠣᠨ ᠤ ᠳᠣᠲᠣᠨ᠎ᠠ ᠭᠠᠳᠠᠨᠠᠬᠢ ᠬᠠᠭᠤᠴᠢ ᠰᠤᠳᠤᠯᠭᠠᠲᠠᠳ ᠤᠨ ᠰᠣᠨᠢᠷᠬᠠᠯ ᠢ ᠲᠠᠲᠠᠵᠠᠢ᠃  ᠲᠤᠰ ᠤᠩᠭᠤᠨ ᠤ ᠰᠦᠷᠦᠭᠵᠢᠯ ᠪᠣᠯ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠥᠪᠡᠷᠮᠢᠴᠡ ᠣᠨᠴᠠᠯᠢᠭ ᠲᠠᠢ᠂ ᠬᠦᠷᠡᠯ ᠵᠡᠪᠰᠡᠭ ᠤᠨ ᠴᠠᠭ ᠦᠶ᠎ᠡ ᠠᠴᠠ ᠬᠠᠨ ᠤᠯᠤᠰ ᠬᠦᠷᠲᠡᠯᠡᠬᠢ ᠴᠢᠯᠠᠭᠤᠨ ᠪᠦᠲᠦᠴᠡᠲᠦ ᠤᠩᠭᠤᠨ ᠤ ᠰᠦᠷᠦᠭᠵᠢᠯ ᠪᠤᠯᠬᠤ ᠶᠤᠮ᠃       ᠪᠠᠭᠤᠷᠢ ᠶᠢᠨ ᠦᠯᠡᠳᠡᠭᠳᠡᠯ᠄  ᠰᠢᠷᠠᠴᠢᠯᠠᠭᠤ ᠠᠭᠤᠯᠠ ᠶᠢ ᠲᠣᠭᠤᠷᠢᠭᠠᠳ 4 ᠲᠡᠭᠰᠢ ᠳᠥᠷᠪᠡᠯᠵᠢᠨ ᠺᠢᠯᠣᠮᠧᠲᠷ ᠤᠨ ᠲᠠᠯᠠᠪᠠᠢ ᠳᠤ ᠴᠢᠯᠠᠭᠤ ᠪᠠᠷ ᠣᠪᠣᠭᠠᠯᠠᠭᠰᠠᠨ ᠤᠡᠭᠭᠤᠨ᠂ ᠴᠢᠯᠠᠭᠤᠨ ᠬᠠᠪᠲᠠᠰᠤᠲᠤ ᠤᠩᠭᠤᠨ ᠨᠡᠶᠢᠲᠡ 107 ᠪᠠᠶᠢᠵᠤ᠂ ᠲᠠᠷᠬᠠᠯᠲᠠ ᠶᠢᠨ ᠲᠠᠯᠠᠪᠠᠢ ᠨᠢ 4 ᠲᠡᠭᠰᠢ ᠳᠥᠷᠪᠡᠯᠵᠢᠨ ᠺᠢᠯᠣᠮᠧᠲᠷ  ᠪᠠᠶᠢᠳᠠᠭ᠃       ᠨᠡᠷ᠎ᠡ ᠶᠢᠨ ᠬᠠᠭᠤᠳᠠᠰᠤ᠄ ᠪᠦᠭᠦ ᠤᠯᠤᠰ ᠤᠨ ᠨᠠᠢᠮᠠᠳᠤᠭᠠᠷ ᠪᠦᠯᠦᠭ ᠤᠨ ᠭᠤᠣᠯᠳᠠᠯᠭᠠᠲᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠪᠦᠯᠦᠭ ᠤᠨ ᠭᠤᠣᠯᠳᠠᠯᠭᠠᠲᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠃       ᠦᠵᠡᠮᠵᠢ ᠶᠢᠨ ᠣᠷᠣᠨ᠄ ᠭᠠᠭᠴᠠᠮᠣᠳᠤ ᠬᠢᠯᠢ ᠶᠢᠨ ᠪᠣᠭᠤᠮᠲᠠ᠂ ᠤᠷᠠᠳ ᠤᠨ ᠲᠠᠯ᠎ᠠ᠂ ᠮᠤᠨᠢ ᠠᠭᠤᠯᠠ᠂ ᠤᠯᠠᠭᠠᠨᠰᠤᠬᠠᠢ ᠨᠠᠭᠤᠷ᠂ ᠰᠠᠨ ᠱᠸᠡᠭ ᠭᠦᠡᠭ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ᠂  ᠤᠡᠭᠭᠤᠨ ᠲᠠᠯ᠎ᠠ ᠵᠢᠭᠤᠯᠴᠢᠯᠠᠯ ᠤᠨ ᠣᠷᠣᠨ᠂  ᠪᠣᠭᠤᠮᠲᠠ ᠶᠢᠨ ᠭᠠᠳᠠᠨᠠᠬᠢ ᠴᠢᠯᠠᠭᠤᠨ ᠤᠢ ᠶᠢᠨ ᠪᠠᠶᠢᠭᠠᠯᠢ ᠶᠢᠨ ᠦᠵᠡᠮᠵᠢ  ᠶᠢᠨ ᠣᠷᠣᠨ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ