ᠵᠣᠣ ᠵᠢᠶᠦ᠋ᠨ ᠤ ᠣᠩᠭᠤᠨ ᠤ ᠪᠠᠭᠤᠷᠢ
ᠨᠡᠶᠢᠲᠡᠯᠡᠭᠰᠡᠨ ᠴᠠᠭ᠄
2023/12/11
       ᠸᠠᠩ ᠵᠣᠣ ᠵᠢᠶᠦ᠋ᠨ ᠤ ᠣᠩᠭᠤᠨ ᠤ ᠪᠠᠭᠤᠷᠢ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠠᠴᠠ 6 ᠺᠢᠯᠣᠮᠧᠲᠷ ᠤᠨ ᠵᠠᠢ ᠳᠤ ᠪᠠᠶᠢᠷᠢᠯᠠᠳᠠᠭ᠃       ᠸᠠᠩ ᠵᠣᠣ ᠵᠢᠶᠦ᠋ᠨ ᠤ ᠣᠩᠭᠤᠨ ᠢ ᠪᠠᠰᠠ ᠬᠥᠬᠡ ᠪᠤᠩᠬᠤᠨ ᠭᠡᠳᠡᠭ᠃ ᠡᠨᠡ ᠪᠣᠯ ᠲᠡᠦᠬᠡ ᠰᠤᠳᠤᠷ ᠪᠣᠯᠣᠨ ᠠᠷᠠᠳ ᠤᠨ ᠤᠯᠠᠮᠵᠢᠯᠠᠯ ᠶᠠᠷᠢᠶᠠᠨ ᠳᠠᠬᠢ ᠬᠠᠨ ᠤᠯᠤᠰ ᠮᠢᠩ ᠤᠯᠤᠰ ᠤᠨ ᠬᠠᠲᠤᠨ ᠸᠠᠩ ᠵᠣᠣ ᠵᠢᠶᠦ᠋ᠨ ᠤ ᠣᠩᠭᠤᠨ ᠪᠠᠶᠢᠵᠤ᠂  ᠪᠠᠷᠠᠭᠤᠨ ᠬᠠᠨ ᠤᠯᠤᠰ ᠤᠨ ᠦᠶ᠎ᠡ ᠳᠤ ᠬᠥᠮᠥᠨ ᠤ ᠬᠦᠴᠦ ᠪᠠᠷ ᠪᠠᠶᠢᠭᠤᠯᠵᠤ᠂ ᠤᠳᠤ ᠪᠤᠯᠬᠤ ᠳᠤ ᠨᠢᠭᠡᠨᠲᠡ 2000 ᠭᠠᠷᠤᠢ ᠵᠢᠯ ᠤᠨ ᠲᠡᠦᠬᠡ ᠲᠠᠢ ᠪᠣᠯᠵᠠᠢ᠃  ᠪᠤᠩᠬᠤᠨ ᠤ ᠴᠣᠭᠴᠠ ᠨᠢ ᠬᠥᠮᠥᠷᠢᠭᠰᠡᠨ ᠳ᠋ᠧᠦ ᠰᠢᠭ ᠭᠡᠯᠪᠡᠷᠢ ᠲᠠᠢ᠂ ᠥᠨᠳᠥᠷ  ᠢᠶᠠᠷ ᠢᠶᠠᠨ 33 ᠮᠧᠲᠷ᠂ ᠰᠠᠭᠤᠷᠢ ᠶᠢᠨ ᠲᠠᠯᠠᠪᠠᠢ ᠨᠢ ᠪᠠᠷᠤᠭ 13000 ᠲᠡᠭᠰᠢ ᠳᠥᠷᠪᠡᠯᠵᠢᠨ ᠮᠧᠲᠷ᠂ ᠮᠠᠨ ᠤ ᠤᠯᠤᠰ ᠤᠨ ᠨᠢᠭᠡᠨᠲᠡ ᠢᠯᠡᠷᠡᠭᠦᠯᠦᠭᠰᠡᠨ ᠲᠠᠯᠠᠪᠠᠢ ᠨᠢ ᠨᠡᠯᠢᠶᠡᠳ ᠶᠡᠭᠡ᠂ ᠬᠠᠳᠠᠭᠠᠯᠠᠯᠲᠠ ᠨᠢ ᠨᠡᠯᠢᠶᠡᠳ ᠰᠠᠶᠢᠨ᠂ ᠠᠭᠤᠯᠤᠭᠳᠠᠬᠤᠨ ᠨᠢ ᠨᠡᠯᠢᠶᠡᠳ ᠪᠠᠶᠠᠯᠢᠭ ᠬᠠᠨ ᠤᠯᠤᠰ ᠤᠨ ᠦᠶ᠎ᠡ ᠶᠢᠨ ᠤᠩᠭᠤᠨ ᠤ ᠨᠢᠭᠡ ᠪᠠᠶᠢᠵᠤ᠂ ᠨᠡᠯᠢᠶᠡᠳ ᠥᠨᠳᠥᠷ ᠲᠡᠦᠬᠡ ᠰᠣᠶᠣᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠴᠡᠨ᠎ᠡ ᠲᠠᠢ ᠶᠤᠮ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ