ᠨᠣᠮᠣᠨ ᠬᠠᠨ ᠤ ᠳᠠᠶᠢᠨ ᠤ ᠪᠠᠭᠤᠷᠢ
ᠨᠡᠶᠢᠲᠡᠯᠡᠭᠰᠡᠨ ᠴᠠᠭ᠄
2023/12/11
       ᠨᠣᠮᠣᠨ ᠬᠠᠨ ᠤ ᠳᠠᠶᠢᠨ ᠤ ᠪᠠᠭᠤᠷᠢ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠨᠣᠮᠣᠨ ᠬᠠᠨ ᠪᠦᠷᠢᠳᠦ ᠭᠠᠴᠠᠭᠠᠨ ᠳᠤ ᠪᠠᠶᠢᠷᠢᠯᠠᠵᠤ᠂ ᠬᠤᠰᠢᠭᠤᠨ ᠲᠥᠪ ᠠᠮᠤᠭᠤᠯᠠᠩ ᠪᠠᠯᠭᠠᠰᠤ ᠠᠴᠠ ᠡᠮᠦᠨᠡᠰᠢ 55 ᠺᠢᠯᠣᠮᠧᠲᠷ ᠵᠠᠶᠢᠲᠠᠢ᠃ ᠨᠣᠮᠣᠨ ᠬᠠᠨ ᠤ ᠳᠠᠶᠢᠨ ᠤ ᠪᠠᠭᠤᠷᠢ ᠪᠣᠯ 1939 ᠣᠨ ᠳᠤ ᠪᠣᠯᠵᠤ ᠥᠩᠭᠡᠷᠡᠭᠰᠡᠨ ᠨᠤᠮᠤᠨ ᠬᠠᠨ ᠤ ᠲᠠᠶᠢᠨ ᠤ ᠪᠠᠭᠤᠷᠢ ᠪᠣᠯᠣᠨ᠎ᠠ᠃       ᠪᠠᠭᠤᠷᠢ ᠶᠢᠨ ᠦᠯᠡᠳᠡᠭᠳᠡᠯ᠄  ᠲᠤᠬᠠᠢ ᠶᠢᠨ ᠦᠶ᠎ᠡ ᠶᠢᠨ ᠲᠠᠶᠢᠨ ᠤ ᠲᠠᠯᠠᠪᠤᠷ ᠪᠤᠯᠬᠤ ᠶᠠᠫᠤᠨ ᠴᠡᠷᠢᠭ ᠤᠨ 23 ᠳ᠋ᠤᠭᠠᠷ ᠳ᠋ᠢᠸᠢᠽᠢ ᠪᠣᠯᠣᠨ 6 ᠳ᠋ᠤᠭᠠᠷ ᠬᠤᠷᠢᠶᠠᠨ ᠤ ᠺᠣᠮᠠᠨᠳ᠋ᠯᠠᠬᠤ ᠭᠠᠵᠠᠷ ᠪᠠᠶᠢᠭᠰᠠᠨ ᠵᠠᠩᠵᠤᠨ ᠰᠦᠮ᠎ᠡ ᠶᠢᠨ ᠪᠠᠭᠤᠷᠢ᠂ᠲᠤᠬᠠᠢ ᠶᠢᠨ ᠦᠶ᠎ᠡ ᠶᠢᠨ ᠲᠠᠶᠢᠨ ᠳᠤ ᠤᠷᠤᠯᠴᠠᠬᠰᠠᠨ ᠲᠠᠩᠺ᠂ ᠬᠤᠶᠠᠭᠲᠤ ᠲᠡᠷᠭᠡ  ᠶᠢᠨ ᠦᠯᠡᠳᠡᠭᠳᠡᠯ᠂ ᠦᠬᠡᠷ ᠫᠤᠤ ᠶᠢᠨ ᠪᠠᠶᠢᠷᠢ ᠶᠢᠨ ᠭᠤᠤ ᠰᠤᠪᠠᠭ ᠤᠨ ᠪᠠᠭᠤᠷᠢ᠂ ᠶᠠᠫᠤᠨ ᠴᠡᠷᠢᠭ ᠤᠨ ᠪᠡᠺᠲ᠋ᠧᠷᠢ ᠶᠢᠨ 731 ᠤᠲᠷᠢᠶᠠᠲ ᠤᠨ ᠦᠯᠡᠳᠡᠭᠳᠡᠯ ᠪᠠᠭᠤᠷᠢ᠂ ᠶᠠᠫᠤᠨ ᠴᠡᠷᠢᠭ ᠤᠨ ᠬᠡᠭᠦᠷ ᠢ ᠰᠢᠲᠠᠭᠠᠭᠰᠠᠨ ᠪᠠᠭᠤᠷᠢ᠂ ᠶᠠᠫᠤᠨ ᠴᠡᠷᠢᠭ ᠤᠨ ᠬᠡᠭᠡᠷᠡᠯᠡᠨ ᠪᠠᠶᠢᠯᠳᠤᠬᠤ ᠴᠡᠷᠢᠭ ᠤᠨ ᠡᠮᠨᠡᠯᠭᠡ ᠶᠢᠨ ᠪᠠᠶᠢᠭᠰᠠᠨ ᠪᠠᠭᠤᠷᠢ ᠵᠢᠴᠢ ᠬᠤᠯᠤᠰᠤᠲᠠᠢ ᠭᠤᠣᠯ ᠤᠨ ᠬᠥᠭᠦᠷᠭᠡ ᠶᠢᠨ ᠪᠠᠭᠤᠷᠢ ᠵᠡᠷᠭᠡ ᠪᠠᠶᠢᠳᠠᠭ᠃       ᠨᠡᠷ᠎ᠡ ᠶᠢᠨ ᠬᠠᠭᠤᠳᠠᠰᠤ᠄ ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ᠂  ᠲᠡᠦᠬᠡᠨ ᠳᠤᠷᠠᠰᠬᠠᠯᠲᠤ ᠵᠦᠢᠯᠡᠰ ᠤᠨ ᠭᠤᠣᠯᠳᠠᠯᠭᠠᠲᠤ ᠬᠠᠮᠠᠭᠠᠯᠠᠯᠲᠠ ᠶᠢᠨ ᠣᠷᠣᠨ᠂ ᠲᠦᠷᠦᠭᠦᠦ ᠪᠦᠯᠦᠭ ᠶᠠᠫᠤᠨ  ᠢ ᠡᠰᠡᠷᠭᠦᠴᠡᠬᠦ ᠲᠠᠶᠢᠨ ᠤ ᠲᠡᠦᠬᠡᠨ ᠳᠤᠷᠠᠰᠬᠠᠯᠲᠤ ᠵᠦᠢᠯᠡᠰ ᠤᠨ ᠪᠠᠭᠤᠷᠢ᠂ ᠪᠦᠭᠦ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ᠃       ᠦᠵᠡᠮᠵᠢ ᠶᠢᠨ ᠣᠷᠣᠨ᠄  ᠨᠣᠮᠣᠨ ᠬᠠᠨ ᠤ ᠳᠠᠶᠢᠨ ᠤ ᠪᠠᠭᠤᠷᠢ ᠶᠢᠨ ᠦᠵᠡᠭᠦᠯᠦᠯᠭᠡ ᠶᠢᠨ ᠣᠷᠳᠣᠨ᠂ ᠨᠣᠮᠣᠨ ᠬᠠᠨ ᠤ ᠳᠠᠶᠢᠨ ᠤ ᠮᠦᠽᠧᠢ᠂ ᠡᠩᠬᠡ ᠲᠠᠶᠢᠪᠤᠩ ᠤᠨ ᠲᠠᠯᠠᠪᠠᠶ᠂ ᠭᠠᠨᠵᠤᠤᠷ ᠰᠦᠮ᠎ᠡ᠂  ᠨᠤᠭᠤᠭᠠᠨᠨᠠᠭᠤᠷ ᠦᠵᠡᠮᠵᠢ ᠶᠢᠨ ᠣᠷᠣᠨ᠂ ᠬᠥᠯᠥᠨ ᠨᠠᠭᠤᠷ᠂ ᠬᠥᠯᠥᠨ ᠪᠤᠶᠢᠷ ᠤᠨ ᠲᠠᠯ᠎ᠠ ᠨᠤᠲᠤᠭ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ