ᠰᠢᠯᠢ ᠶᠢᠨ ᠭᠤᠣᠯ ᠠᠶᠢᠮᠠᠭ ᠤᠨ 9 ᠵᠤᠷᠪᠤᠰ ᠰᠢᠯᠢᠳᠡᠭ ᠵᠢᠭᠤᠯᠴᠢᠯᠠᠯ ᠤᠨ ᠵᠠᠮ ᠱᠤᠭᠤᠮ ᠤᠨ ᠭᠥᠯᠢᠶᠡᠨ ᠠᠪᠤᠭᠰᠠᠨ ᠵᠢᠭᠤᠯᠴᠢᠯᠠᠭᠴᠢ 100 ᠲᠦᠮᠡᠨ ᠬᠥᠮᠥᠨ ᠤᠳᠠᠭ᠎ᠠ ᠶᠢ ᠳᠠᠪᠠᠵᠠᠢ
ᠨᠡᠶᠢᠲᠡᠯᠡᠭᠰᠡᠨ ᠴᠠᠭ᠄
2023/12/11
       2023 ᠣᠨ ᠳᠤ᠂ ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠵᠤ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠵᠢᠭᠤᠯᠴᠢᠯᠠᠬᠰᠠᠳ ᠤᠨ ᠲᠤᠭ᠎ᠠ ᠦᠳᠲᠡᠷ ᠲᠦᠷᠭᠡᠨ ᠨᠡᠮᠡᠭᠳᠡᠪᠡ᠃ ᠢᠯᠠᠩᠭᠤᠶ᠎ᠠ ︽ᠤᠳᠤᠨ ᠭᠢᠯᠪᠠᠭᠠᠲᠤ ᠲᠠᠯ᠎ᠠ ᠨᠤᠲᠤᠭ︾ ᠤᠨ ᠰᠤᠳᠤᠯᠤᠨ ᠰᠤᠷᠤᠯᠴᠠᠬᠤ ᠠᠶᠠᠯᠠᠯ᠂ ᠨᠠᠭᠠᠳᠤᠮ ᠤᠨ ᠬᠤᠷᠠᠯ ᠤᠨ ᠠᠶᠠᠯᠠᠯ ᠵᠡᠷᠭᠡ 9 ᠵᠤᠷᠪᠤᠰ ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ ᠭᠠᠷᠭᠠᠭᠰᠠᠨ ᠠᠴᠠ ᠨᠠᠭᠠᠰᠢ 2358 ᠵᠢᠭᠤᠯᠴᠢᠯᠠᠯ ᠤᠨ ᠪᠦᠯᠭᠦᠮ ᠢ ᠭᠥᠯᠢᠶᠡᠨ ᠠᠪᠴᠤ᠂ 102.5 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠭᠴᠢ ᠶᠢ ᠵᠣᠴᠢᠯᠠᠵᠤ᠂ 9.58 ᠳ᠋ᠦᠩᠰᠢᠭᠤᠷ ᠲᠥᠭᠦᠷᠢᠭ ᠤᠨ ᠣᠷᠣᠯᠭ᠎ᠠ ᠡᠭᠦᠳᠴᠡᠢ᠃ ᠡᠭᠦᠨ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠷᠣᠯᠭ᠎ᠠ 2016 ᠲᠦᠮᠡᠨ ᠲᠥᠭᠦᠷᠢᠭ ᠲᠤ ᠬᠦᠷᠴᠦ᠂ 2% ᠢ ᠡᠵᠡᠯᠡᠨ᠂ ᠨᠠᠭᠠᠳᠤᠮ ᠴᠡᠩᠭᠡᠬᠦᠨ ᠤ ᠣᠷᠣᠯᠭ᠎ᠠ 883 ᠲᠦᠮᠡᠨ ᠲᠥᠭᠦᠷᠢᠭ ᠲᠤ ᠬᠦᠷᠴᠦ᠂ 0.9% ᠶᠢ ᠡᠵᠡᠯᠡᠵᠡᠢ᠃       ᠡᠨᠡ ᠵᠢᠯ᠂ ᠰᠢᠯᠢ ᠶᠢᠨ ᠭᠤᠣᠯ ᠠᠶᠢᠮᠠᠭ ᠲᠠᠯ᠎ᠠ ᠨᠤᠲᠤᠭ ᠤᠨ ᠳᠠᠪᠠᠭᠤᠯᠢᠭ᠂ ᠭᠦᠨ ᠵᠤᠵᠠᠭᠠᠨ ᠲᠡᠦᠬᠡ ᠰᠣᠶᠣᠯ᠂ ᠠᠷᠠᠳ ᠤᠨ ᠵᠠᠩ ᠦᠶᠯᠡ ᠵᠡᠷᠭᠡ ᠰᠣᠶᠣᠯ ᠤᠨ ᠡᠬᠢ ᠪᠠᠶᠠᠯᠢᠭ᠂ ᠥᠪᠡᠷᠮᠢᠴᠡ ᠣᠳᠣᠨ ᠣᠭᠲᠠᠷᠭᠤᠢ᠂ ᠭᠠᠯᠲᠤ ᠠᠭᠤᠯᠠ᠂ ᠡᠯᠡᠰᠦᠷᠬᠡᠭ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂︽ᠢᠳᠡᠭᠡᠨ ᠤᠮᠳᠠᠭᠠᠨ᠂ ᠬᠤᠨᠤᠭ ᠪᠠᠭᠤᠳᠠᠯ᠂ ᠲᠣᠭᠤᠷᠢᠨ ᠵᠤᠭᠠᠯᠠᠬᠤ︾ ᠵᠡᠷᠭᠡ ᠵᠢᠭᠤᠯᠴᠢᠯᠠᠯ ᠤᠨ ᠪᠦᠭᠦ ᠡᠯᠧᠮᠧᠨ᠋ᠲ ᠢ ᠬᠠᠮᠤᠷᠤᠭᠰᠠᠨ 9 ᠵᠤᠷᠪᠤᠰ ᠰᠢᠯᠢᠳᠡᠭ ᠵᠢᠭᠤᠯᠴᠢᠯᠠᠯ ᠤᠨ ᠵᠠᠮ ᠱᠤᠭᠤᠮ ᠭᠠᠷᠭᠠᠵᠠᠢ᠃ ᠡᠭᠦᠨ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ︽ᠤᠳᠤᠨ ᠭᠢᠯᠪᠠᠭᠠᠲᠤ ᠲᠠᠯ᠎ᠠ ᠨᠤᠲᠤᠭ︾ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠨᠢ ᠪᠦᠭᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢᠶᠠᠷ ᠰᠣᠩᠭᠤᠭᠳᠠᠵᠠᠢ᠃ ᠡᠶᠢᠨ ᠬᠦ ᠵᠢᠭᠤᠯᠴᠢᠯᠠᠬᠰᠠᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠵᠢᠭᠤᠯᠴᠢᠯᠠᠯ ᠤᠨ ᠬᠤᠷᠢᠶ᠎ᠠ ᠠᠳᠠᠯᠢ ᠪᠤᠰᠤ ᠵᠠᠬ᠎ᠠ ᠳᠡᠯᠭᠡᠭᠦᠷ ᠤᠨ ᠵᠢᠭᠤᠯᠴᠢᠯᠠᠯ ᠤᠨ ᠵᠠᠮ ᠱᠤᠭᠤᠮ ᠢ 33 ᠵᠤᠷᠪᠤᠰ ᠪᠣᠯᠭᠠᠨ ᠥᠷᠭᠡᠳᠬᠡᠵᠡᠢ᠃       ᠬᠤᠶᠢᠰᠢᠳᠠ᠂ ᠰᠢᠯᠢ ᠶᠢᠨ ᠭᠤᠣᠯ ᠠᠶᠢᠮᠠᠭ 2023 ᠣᠨ ᠤ ᠰᠠᠭᠤᠷᠢᠨ ᠳᠡᠭᠡᠷ᠎ᠡ ᠤᠯᠠᠨ ᠤ ᠲᠠᠭᠠᠰᠢᠶᠠᠯ ᠳᠤ ᠭᠦᠷᠦᠭᠰᠡᠨ ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ   ᠤᠯᠠᠮ ᠬᠥᠭᠵᠢᠭᠦᠯᠦᠨ ᠲᠡᠭᠦᠯᠳᠡᠷᠵᠢᠭᠦᠯᠵᠦ᠂ ᠵᠠᠮ ᠱᠤᠭᠤᠮ ᠳᠠᠭᠠᠤ  ᠦᠵᠡᠮᠵᠢ ᠶᠢᠨ ᠣᠷᠣᠨ ᠤ ᠦᠢᠯᠡᠴᠢᠯᠡᠭᠡ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠶᠢ ᠰᠢᠯᠢᠳᠡᠭᠵᠢᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠨ᠂  ᠰᠢᠯᠢᠳᠡᠭ ᠰᠠᠶᠢᠨ ᠵᠢᠭᠤᠯᠴᠢᠯᠠᠯ ᠤᠨ ᠵᠠᠮ ᠱᠤᠭᠤᠮ ᠤᠨ ᠢᠶᠠᠨ ᠲᠠᠲᠠᠬᠤ ᠬᠦᠴᠦᠨ ᠢ ᠨᠡᠮᠡᠭᠳᠡᠭᠦᠯᠬᠦ ᠶᠢᠨ ᠬᠠᠮᠲᠤ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠵᠡᠷᠭᠡ ᠭᠠᠵᠠᠷ ᠣᠷᠣᠨ ᠬᠤᠯᠪᠤᠭᠠᠯᠠᠨ ᠬᠤᠷᠰᠢᠯᠴᠠᠵᠤ᠂ ᠨᠡᠩ ᠤᠯᠠᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠭᠠᠷᠭᠠᠬᠤ ᠶᠢ ᠵᠣᠷᠢᠭᠵᠢᠭᠤᠯᠵᠤ᠂ ᠭᠦᠭᠡᠬᠤᠲᠠ ᠶᠢᠨ ᠭᠠᠷᠠᠭ ᠤᠨ ᠰᠡᠭᠦᠯᠴᠢ ᠶᠢᠨ ᠵᠢᠭᠤᠯᠴᠢᠯᠠᠯ ᠤᠨ ᠲᠣᠭᠤᠷᠢᠭ ᠱᠤᠭᠤᠮ ᠢ ᠪᠤᠶ ᠪᠤᠯᠭᠠᠬᠤ ᠪᠠᠷ ᠲᠥᠰᠥᠪᠯᠡᠵᠦ ᠪᠤᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ