︽ᠤᠳᠤ᠂ ᠮᠠᠨ ᠤ ᠲᠣᠰᠬᠤᠨ ᠳᠤ ᠵᠢᠭᠤᠯᠴᠢᠯᠠᠬᠤ ᠪᠠᠷ ᠢᠷᠡᠭᠰᠡᠳ ᠵᠢᠯ ᠤᠨ ᠲᠦᠷᠪᠡᠨ ᠤᠯᠠᠷᠢᠯ ᠳᠤ ᠲᠠᠰᠤᠷᠠᠳᠠᠭ ᠦᠭᠡᠢ᠂ ᠢᠯᠠᠩᠭᠤᠶ᠎ᠠ ᠪᠠᠶᠠᠷ | ᠳᠤᠷᠠᠰᠬᠠᠯ ᠤᠨ ᠡᠳᠦᠷ ᠪᠤᠯᠬᠤ ᠳᠤ ᠬᠥᠮᠥᠨ ᠨᠡᠩ ᠣᠯᠠᠰᠢᠷᠠᠳᠠᠭ᠂ ᠲᠣᠰᠬᠤᠨ ᠤ ᠬᠢᠨ ᠪᠢᠳᠡᠨ ᠢ ᠶᠠᠭᠤ ᠬᠢ ᠭᠡᠪᠡᠯ ᠪᠢᠳᠡ ᠲᠡᠭᠦᠨ ᠢ ᠬᠢᠵᠦ᠂ ᠲᠣᠰᠬᠤᠨ ᠢᠶᠠᠨ | ᠲᠠᠭᠠᠵᠤ ᠠᠵᠢᠯᠯᠠᠪᠠᠯ ᠯᠠᠪᠲᠠᠢ ᠵᠣᠭᠤᠰ ᠣᠯᠵᠤ ᠴᠢᠳᠠᠨ᠎ᠠ︾ ᠭᠡᠵᠦ ᠯᠧᠢ ᠶᠢᠩᠽᠢ ᠲᠣᠰᠬᠤᠨ ᠤ ᠨᠠᠮ ᠤᠨ ᠡᠭᠦᠷ ᠤᠨ ᠲᠤᠬᠠᠢ ᠶᠠᠷᠢᠬᠤ ᠳᠠᠭᠠᠨ ᠲᠣᠰᠬᠤᠨ ᠤ ᠠᠷᠠᠳ | ᠹᠦ᠋ ᠢᠦᠢ ᠡᠷᠡᠬᠡᠢ ᠬᠤᠷᠤᠭᠤ ᠭᠤᠵᠣᠶᠢᠯᠭᠠᠨ ᠮᠠᠭᠲᠠᠨ ᠰᠠᠶᠢᠰᠢᠶᠠᠨ᠎ᠠ᠃ | ᠯᠧᠢ ᠶᠢᠩᠽᠢ ᠲᠣᠰᠬᠤᠨ ᠨᠢ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠰᠢ ᠴᠢᠶᠣᠤ ᠪᠠᠯᠭᠠᠰᠤᠨ ᠳᠤ ᠪᠠᠶᠢᠷᠢᠯᠠᠵᠤ᠂ ᠠᠭᠤᠯᠠᠷᠬᠠᠭ ᠣᠷᠣᠨ | ᠪᠣᠯᠬᠤᠷ ᠲᠠᠷᠢᠶᠠᠯᠠᠩ ᠤᠨ ᠦᠢᠯᠡᠰ ᠤᠨ ᠬᠥᠭᠵᠢᠯᠲᠡ ᠠᠨᠠᠢ᠂ ᠥᠩᠭᠡᠷᠡᠭᠰᠡᠨ ᠳᠤ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠨᠢ ᠭᠤᠷᠪᠠ ᠲᠦᠷᠪᠡᠨ ᠮᠢᠩᠭᠠᠨ | ᠲᠥᠭᠦᠷᠢᠭ ᠠᠴᠠ ᠬᠡᠲᠦᠷᠡᠬᠦ ᠦᠭᠡᠢ ᠪᠠᠶᠢᠵᠠᠢ᠃ ᠤᠳᠤ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ᠂ ᠯᠧᠢ ᠶᠢᠩᠽᠢ ᠲᠣᠰᠬᠤᠨ ᠬᠥᠳᠡᠭᠡ ᠠᠵᠤ ᠠᠬᠤᠢ ᠶᠢᠨ ᠵᠢᠭᠤᠯᠴᠢᠯᠠᠯ ᠤᠨ ᠬᠤᠷᠰᠢᠶ᠎ᠠ᠂ ᠰᠣᠶᠣᠯ ᠵᠢᠭᠤᠯᠴᠢᠯᠠᠯ ᠤᠨ ᠺᠤᠮᠫᠠᠨᠢ ᠪᠣᠯᠣᠨ ᠬᠤᠪᠢᠰᠬᠠᠯ ᠤᠨ | ᠬᠥᠮᠦᠵᠢᠯ ᠤᠨ ᠪᠣᠯᠪᠠᠰᠤᠷᠠᠯ ᠤᠨ ᠰᠠᠭᠤᠷᠢᠨ ᠢ ᠪᠠᠶᠢᠭᠤᠯᠬᠤ ᠪᠠᠷ ᠳᠠᠮᠵᠢᠨ᠂ ᠵᠢᠯ ᠪᠦᠷᠢ ᠪᠦᠭᠦ ᠲᠣᠰᠬᠤᠨ ᠤ ᠠᠷᠠᠳ ᠤᠨ ᠬᠥᠮᠥᠨ ᠪᠦᠷᠢ ᠳᠤ 2000 | ᠲᠥᠭᠦᠷᠢᠭ ᠤᠨ ᠠᠰᠢᠭ ᠬᠤᠪᠢᠶᠠᠬᠤ ᠶᠢ ᠪᠡᠶᠡᠯᠡᠭᠦᠯᠵᠦ᠂ ᠬᠥᠮᠥᠨ ᠳᠤᠮᠳᠠᠴᠢ ᠶᠢᠨ ᠲᠡᠭᠰᠢᠳᠬᠡᠭᠰᠡᠨ ᠴᠡᠪᠡᠷ ᠣᠷᠣᠯᠭ᠎ᠠ 6000 ᠲᠥᠭᠦᠷᠢᠭ ᠨᠡᠮᠡᠭᠳᠡᠵᠦ᠂ ᠲᠣᠰᠬᠤᠨ ᠤ | ᠬᠠᠮᠲᠤ ᠶᠢᠨ ᠣᠷᠣᠯᠭ᠎ᠠ 168ᠲᠦᠮᠡᠨ ᠲᠥᠭᠦᠷᠢᠭ ᠲᠤ ᠬᠦᠷᠴᠦ᠂ ᠤᠤᠯ ᠤᠨ ᠶᠠᠳᠠᠭᠤ ᠬᠦᠴᠢᠷᠳᠡᠯᠲᠡᠢ ᠲᠣᠰᠬᠤᠨ ᠠᠴᠠ ᠪᠠᠨ ᠬᠤᠯᠠ ᠣᠶᠢᠷ᠎ᠠ ᠳᠠᠭᠠᠨ | ᠠᠯᠳᠠᠷᠰᠢᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠲᠤᠰᠬᠤᠨ ᠪᠣᠯᠤᠭᠰᠠᠨ ᠪᠠᠶᠢᠨ᠎ᠠ᠃ | ᠡᠨᠡ ᠬᠦ ᠬᠤᠪᠢᠷᠠᠯᠲᠠ ᠨᠢ ᠯᠧᠢ ᠶᠢᠩᠽᠢ ᠲᠣᠰᠬᠤᠨ ᠤ ᠨᠠᠮ ᠤᠨ ᠡᠭᠦᠷ ᠤᠨ ᠬᠠᠲᠠᠭᠤᠵᠢᠯᠲᠠᠢ ᠰᠦᠪᠡᠭᠴᠢᠯᠡᠯᠲᠡ ᠬᠢᠵᠦ᠂ ᠪᠦᠭᠦ ᠲᠣᠰᠬᠤᠨ ᠤ ᠨᠠᠮ ᠤᠨ | ᠭᠡᠰᠢᠭᠦᠨ ᠤᠯᠠᠨ ᠲᠦᠮᠡᠨ ᠢᠶᠠᠨ ᠳᠠᠭᠠᠭᠤᠯᠤᠨ︽ᠭᠤᠷᠪᠠ ᠶᠢ ᠬᠤᠪᠢᠷᠠᠭᠤᠯᠬᠤ︾ᠥᠭᠡᠷᠡᠴᠢᠯᠡᠯᠲᠡ ᠶᠢ ᠬᠡᠷᠡᠭᠵᠢᠭᠦᠯᠵᠦ᠂ ᠤᠢ ᠵᠢᠮᠢᠰ ᠤᠨ ᠲᠠᠷᠢᠮᠠᠯ ᠪᠣᠯᠣᠨ ᠬᠥᠳᠡᠭᠡ | ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠭᠰᠡᠨ ᠠᠴᠠ ᠢᠷᠡᠯ ᠲᠠᠢ ᠪᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠢ ᠦᠭᠡᠢ ᠪᠠᠶᠢᠭᠰᠠᠨ | ᠠᠴᠠ ᠪᠠᠨ ᠪᠠᠶᠢᠬᠤ ᠪᠣᠯᠵᠤ᠂ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭᠵᠢᠵᠡᠢ᠃ ᠯᠧᠢ ᠶᠢᠩᠽᠢ ᠲᠣᠰᠬᠤᠨ ᠤ ᠬᠤᠪᠢᠷᠠᠯᠲᠠ ᠪᠣᠯ ᠬᠠᠷᠠᠴᠢᠨ ᠬᠤᠰᠢᠭᠤᠨ ᠤ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠭᠰᠡᠨ | ᠠᠮᠢᠳᠤᠯᠢᠭ ᠦᠢᠯᠡᠳᠦᠯᠭᠡ ᠪᠣᠯᠣᠨ᠎ᠠ᠃ | ᠬᠠᠷᠠᠴᠢᠨ ᠬᠤᠰᠢᠭᠤ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠣᠰᠬᠤᠨ ᠤ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ | ᠲᠣᠰᠬᠤᠨ ᠤ ᠪᠠᠶᠢᠳᠠᠯ ᠳᠠᠭᠠᠨ ᠵᠣᠬᠢᠴᠠᠭᠰᠠᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠮᠡᠶᠢᠷᠡᠨ ᠪᠠᠯᠭᠠᠰᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ | ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠣᠶ ᠰᠢᠭᠤᠢ ᠶᠢᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠵᠤ᠂ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠳᠤ ᠲᠦᠰᠢᠭᠯᠡᠨ᠂ ᠣᠶ ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠨᠥᠭᠡᠴᠡ ᠣᠶ ᠶᠢᠨ 1 ᠲᠦᠮᠡᠨ ᠮᠦ ᠣᠶ ᠰᠢᠭᠤᠢ ᠶᠢᠨ ᠬᠤᠷᠮᠣᠢ ᠶᠢᠨ ᠣᠷᠣᠨ ᠵᠠᠢ ᠶᠢ ᠠᠰᠢᠭᠯᠠᠨ᠂ ᠣᠶ | ᠰᠢᠭᠤᠢ ᠶᠢᠨ ᠮᠥᠭᠦ᠂ ᠣᠶ ᠰᠢᠭᠤᠢ ᠶᠢᠨ ᠡᠮ᠂ ᠣᠶ ᠰᠢᠭᠤᠢ ᠶᠢᠨ ᠮᠠᠯ ᠠᠵᠤ ᠠᠬᠤᠢ᠂ ᠣᠶ ᠰᠢᠭᠤᠢ ᠶᠢᠨ ᠵᠢᠭᠦᠷᠲᠡᠨ ᠵᠡᠷᠭᠡ ᠪᠠᠷ ᠭᠤᠣᠯ ᠪᠤᠯᠭᠠᠬᠰᠠᠨ ᠣᠶ | ᠰᠢᠭᠤᠢ ᠶᠢᠨ ᠠᠵᠤ ᠠᠬᠤᠢ ᠶᠢ ᠬᠥᠭᠵᠢᠭᠦᠯᠵᠦ᠂ ᠵᠢᠯ ᠳᠤ 6000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠡᠢ᠃ ᠨᠢᠦ ᠵᠢᠶᠠ ᠶᠢᠩᠽᠢ | ᠪᠠᠯᠭᠠᠰᠤ ᠲᠠᠷᠢᠮᠠᠯ ᠤᠨ ᠦᠢᠯᠡᠰ ᠲᠤ ᠰᠠᠭᠤᠷᠢᠯᠠᠨ᠂ ᠮᠢᠩᠭᠠᠨ ᠮᠦ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠡᠬᠢᠯᠡᠭᠦᠯᠵᠦ᠂ ᠲᠥᠷᠥᠯ | ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠦ᠂ ᠪᠦᠭᠦ ᠪᠠᠯᠭᠠᠰᠤᠨ ᠤ 100 ᠭᠠᠷᠤᠢ ᠲᠣᠰᠬᠤᠨ ᠤ ᠬᠤᠶᠠᠷ ᠵᠥᠪᠯᠡᠯ ᠤᠨ ᠭᠡᠰᠢᠭᠦᠨ᠂ 520 ᠭᠠᠷᠤᠢ | ᠬᠥᠳᠡᠭᠡ ᠲᠣᠰᠬᠤᠨ ᠤ ᠨᠠᠮ ᠤᠨ ᠭᠡᠰᠢᠭᠦᠨ ᠵᠢᠭᠠᠨ ᠵᠢᠯᠣᠭᠤᠳᠤᠭᠴᠢ ᠪᠤᠯᠬᠤ ᠪᠠᠷ ᠪᠠᠷᠠᠬᠤ ᠦᠭᠡᠢ ᠪᠠᠰᠠ ᠪᠠᠶᠢᠯᠳᠤᠭᠴᠢ ᠪᠣᠯᠵᠤ᠂ ᠬᠠᠮᠲᠤ ᠶᠢᠨ ᠬᠤᠷᠰᠢᠶ᠎ᠠ ᠶᠢᠨ | ᠳᠠᠷᠢᠵᠤ ᠪᠤᠯᠪᠠᠰᠤᠷᠠᠭᠤᠯᠬᠤ ᠪᠣᠷᠣᠯᠠᠭᠤᠯᠬᠤ ᠠᠵᠢᠯ ᠳᠤ ᠣᠷᠣᠯᠴᠠᠵᠤ᠂ 7000 ᠭᠠᠷᠤᠢ ᠡᠮ ᠤᠨ ᠮᠠᠲ᠋ᠧᠷᠢᠶᠠᠯ ᠳᠠᠷᠢᠬᠤ ᠡᠷᠦᠭᠡ ᠶᠢ ᠬᠥᠭᠵᠢᠭᠦᠯᠪᠡ᠃ | ᠣᠶᠢᠷ᠎ᠠ ᠶᠢᠨ ᠵᠢᠯ ᠠᠴᠠ ᠨᠠᠭᠠᠰᠢ᠂ ᠬᠠᠷᠠᠴᠢᠨ ᠬᠤᠰᠢᠭᠤᠨ ᠤ ᠬᠢᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠣᠨ ᠳᠠᠶᠢᠴᠢᠨ ᠬᠦᠴᠦᠨ ᠢ ᠴᠢᠩᠭᠠᠳᠬᠠᠬᠤ ᠴᠢᠬᠤᠯᠠ ᠪᠠᠲᠤᠯᠠᠭ᠎ᠠ ᠪᠤᠯᠭᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠭᠡ︾ ᠶᠢᠨ ᠵᠠᠭᠪᠤᠷ ᠢ | ᠪᠠᠶᠢᠭᠤᠯᠬᠤ ᠪᠠᠷ ᠳᠠᠮᠵᠢᠭᠤᠯᠤᠨ᠂ ᠲᠣᠰᠬᠤᠨ ᠤ ᠬᠠᠮᠲᠤ ᠨᠡᠶᠢᠲᠡ ᠪᠣᠯᠣᠨ ᠲᠠᠷᠢᠶᠠᠴᠢᠳ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠭᠠᠵᠠᠷ ᠰᠢᠷᠣᠢ᠂ ᠪᠡᠯᠡ ᠮᠥᠩᠭᠦ᠂ ᠭᠦᠳᠡᠯᠮᠦᠷᠢ | ᠬᠦᠴᠦ ᠵᠡᠷᠭᠡ ᠪᠠᠷ ᠬᠤᠪᠢ ᠣᠷᠣᠭᠤᠯᠵᠤ᠂ ᠲᠤᠰᠬᠠᠢ ᠬᠤᠷᠰᠢᠶ᠎ᠠ ᠪᠠᠶᠢᠭᠤᠯᠵᠤ᠂︽ᠨᠢᠭᠡ ᠲᠣᠰᠬᠤᠨ ᠨᠢᠭᠡ ᠦᠵᠡᠮᠵᠢ ᠲᠠᠢ᠂ ᠨᠢᠭᠡ ᠲᠣᠰᠬᠤᠨ ᠨᠢᠭᠡ ᠪᠦᠲᠦᠭᠡᠭᠳᠡᠬᠦᠨ ᠲᠠᠢ᠂ | ᠨᠢᠭᠡ ᠲᠣᠰᠬᠤᠨ ᠨᠢᠭᠡ ᠦᠢᠯᠡᠰ ᠲᠠᠢ︾ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠤᠢ ᠪᠤᠯᠭᠠᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠢ ᠠᠭᠠᠵᠢᠮ ᠢᠶᠠᠷ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠲᠣᠰ ᠬᠤᠰᠢᠭᠤ ᠨᠡᠶᠢᠲᠡ 4.95 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠡᠯᠡ ᠣᠷᠣᠭᠤᠯᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢᠨ 98 ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠭᠦ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ | ᠶᠡᠷᠦᠩᠬᠡᠢ ᠬᠡᠮᠵᠢᠶ᠎ᠡ 2950 ᠭᠠᠷᠤᠢ ᠲᠦᠮᠡᠨ ᠲᠥᠭᠦᠷᠢᠭ ᠲᠤ ᠬᠦᠷᠴᠦ᠂ 1000 ᠭᠠᠷᠤᠢ ᠠᠵᠢᠯ ᠤᠨ ᠪᠠᠶᠢᠷᠢ ᠬᠠᠩᠭᠠᠵᠤ᠂ ᠬᠠᠮᠲᠤ ᠶᠢᠨ ᠠᠵᠤ ᠠᠬᠤᠢ ᠶᠢ | ᠬᠥᠭᠵᠢᠭᠦᠯᠦᠨ ᠪᠤᠵᠠᠭᠠᠶᠢᠷᠠᠭᠤᠯᠵᠠᠢ᠃ | ᠡᠭᠦᠨ ᠠᠴᠠ ᠭᠠᠳᠠᠨ᠎ᠠ᠂ ᠬᠠᠷᠠᠴᠢᠨ ᠬᠤᠰᠢᠭᠤ ᠨᠢ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠰᠢᠭᠤᠨ ᠤ ᠱᠠᠲᠤ ᠨᠢ ᠨᠢᠭᠡᠳᠦᠯᠲᠡᠢ ᠲᠥᠯᠥᠪᠯᠡᠬᠦ ᠶᠢ ᠠᠳᠬᠤᠬᠤ᠂ ᠰᠢᠶᠠᠩ ᠤᠨ ᠱᠠᠲᠤ ᠨᠢ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠣᠰᠬᠤᠨ ᠤ ᠱᠠᠲᠤ ᠨᠢ ᠬᠡᠷᠡᠭᠵᠢᠭᠦᠯᠦᠯᠲᠡ ᠶᠢ ᠠᠳᠬᠤᠬᠤ︾ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ | ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠬᠢ ᠪᠠᠶᠠᠯᠢᠭ ᠤᠨ ᠠᠵᠤ ᠠᠬᠤᠢ᠂ ᠡᠳ᠋ ᠬᠥᠷᠥᠩᠭᠡ ᠶᠢᠨ ᠡᠵᠡᠩᠨᠡᠯᠲᠡ᠂ ᠠᠵᠤ | ᠦᠢᠯᠡᠰ ᠢᠶᠠᠷ ᠳᠠᠶᠢᠴᠢᠯᠠᠬᠤ᠂ ᠦᠢᠯᠡᠴᠢᠯᠡᠭᠡᠨ ᠤ ᠣᠷᠣᠯᠭ᠎ᠠ ᠡᠭᠦᠳᠬᠦ᠂ ᠬᠤᠪᠢ ᠣᠷᠣᠭᠤᠯᠤᠨ ᠬᠤᠷᠰᠢᠬᠤ ᠪᠠ ᠣᠨᠳᠣᠣ ᠭᠠᠵᠠᠷ ᠲᠤ ᠠᠳᠠᠯ ᠦᠢᠯᠡᠰ ᠴᠣᠭᠴᠠᠯᠠᠬᠤ | ᠵᠡᠷᠭᠡ 6 ᠵᠦᠢᠯ ᠤᠨ ᠵᠠᠭᠪᠤᠷ ᠲᠤ ᠨᠡᠶᠢᠲᠡ 32 ᠵᠦᠢᠯ ᠤᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠡᠯ᠎ᠡ ᠲᠣᠰᠬᠤᠨ ᠳᠤ ᠯᠠᠪᠯᠠᠯᠲᠠ ᠬᠠᠩᠭᠠᠵᠠᠢ᠃ ᠣᠲᠣ᠂ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ | ᠳᠠᠭᠠᠭᠤᠯᠬᠤ ᠬᠠᠮᠲᠤ ᠶᠢᠨ ᠴᠣᠭᠴᠠ ᠶᠢ 12᠂ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ 20 ᠡᠭᠦᠳᠦᠨ ᠪᠠᠶᠢᠭᠤᠯᠵᠤ᠂ ᠪᠦᠭᠦ ᠬᠤᠰᠢᠭᠤᠨ ᠤ 161 | ᠵᠠᠰᠠᠭ ᠵᠠᠬᠢᠷᠭᠠᠨ ᠤ ᠲᠣᠰᠬᠤᠨ ᠳᠤ ᠴᠥᠮ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠵᠤ᠂161 ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠪᠦᠭᠦᠨ ᠢᠶᠠᠷ ᠢᠶᠠᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ᠂ ᠪᠦᠬᠦᠯᠢ | ᠴᠣᠭᠴᠠ ᠪᠠᠷ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ |