︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠤᠨ ᠠᠵᠢᠯ ᠤᠨ ᠲᠣᠭᠲᠠᠴᠠ ᠪᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/12
       ᠨᠡᠶᠢᠭᠡᠮ ᠲᠣᠭᠤᠷᠢᠭ ᠪᠣᠯ ᠬᠤᠳᠠ ᠶᠢᠨ ᠵᠠᠰᠠᠯᠲᠠ ᠶᠢᠨ ︽ᠡᠴᠦᠰ ᠤᠨ ᠨᠢᠭᠡ ᠺᠢᠯᠣᠮᠧᠲᠷ︾᠂ ᠮᠥᠨ ᠴᠦ ᠨᠠᠮ ᠵᠠᠰᠠᠭ ᠠᠴᠠ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠤᠨᠲ ᠮᠥᠨ᠃ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠣᠷᠳᠣᠰ ᠬᠤᠳᠠ ᠡᠨᠡ ᠵᠢᠯ ᠠᠴᠠ ᠨᠠᠭᠠᠰᠢ︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠤᠨ ᠠᠵᠢᠯ ᠤᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠨᠢᠭᠡᠳᠦᠭᠡᠷ ᠹᠷᠣᠨᠲ ᠲᠤ ᠦᠢᠯᠡᠴᠢᠯᠡᠬᠦ ᠶᠢ ᠠᠬᠢᠭᠤᠯᠪᠠ᠃       ︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠭᠦ ᠬᠤᠲᠠ ᠶᠢᠨ 1504 ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠵᠦ᠂ ᠬᠠᠮᠲᠤ ᠪᠠᠷ ᠪᠠᠶᠢᠭᠤᠯᠬᠤ 1597 ᠲᠦᠷᠦᠯ ᠵᠦᠢᠯ ᠢ ᠪᠡᠶᠡᠯᠡᠭᠦᠯᠵᠡᠢ; 4.2 ᠲᠦᠮᠡᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠵᠦ᠂ 4700 ᠭᠠᠷᠤᠢ ᠤᠳᠠᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠵᠦ᠂ 9.5 ᠲᠦᠮᠡ ᠭᠠᠷᠤᠢ ᠨᠠᠮ ᠤᠨ ᠭᠡᠰᠢᠭᠦᠨ ᠣᠷᠣᠯᠴᠠᠵᠤ᠂ 704 ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠵᠥᠪᠯᠡᠯ ᠤᠨ ᠭᠡᠰᠢᠭᠦᠨ ᠢᠶᠠᠷ ᠰᠣᠩᠭᠤᠭᠳᠠᠵᠤ᠂ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃       ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠬᠦᠷᠴᠦ ᠦᠢᠯᠡᠴᠢᠯᠡᠭᠦᠯᠬᠦ ᠨᠢ ᠣᠷᠳᠣᠰ ᠬᠤᠲᠠ ᠶᠢᠨ ᠠᠩᠬ᠎ᠠ ᠤᠳᠠᠭ᠎ᠠ ᠬᠢᠵᠦ ᠪᠠᠶᠢᠭ᠎ᠠ ᠠᠵᠢᠯ ᠪᠢᠰᠢ᠃ ᠡᠭᠦᠨ ᠠᠴᠠ ᠡᠮᠦᠨ᠎ᠡ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠵᠦ᠂ ᠤᠯᠠᠨ ᠲᠦᠮᠡᠨ ᠤ ︽ᠪᠢᠴᠢᠯ ᠬᠦᠰᠡᠯ︾ ᠢ ᠳᠠᠭᠠᠭᠠᠨ ᠠᠪᠴᠤ᠂ ᠤᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠵᠦ ᠪᠠᠶᠢᠪᠠ᠃ ᠣᠲᠣ ᠶᠢᠨ︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠨᠢ ᠲᠡᠭᠦᠨ ᠤ ᠪᠠᠨ ᠲᠡᠰ ᠳᠡᠪᠰᠢᠭᠰᠡᠨ ᠠᠵᠢᠯ ᠤᠨ ᠲᠣᠭᠲᠠᠴᠠ ᠪᠣᠯᠣᠨ᠎ᠠ᠃ ᠡᠨᠡ ᠨᠢ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠨᠡᠩ ᠰᠠᠶᠢᠨ ᠢᠶᠠᠷ ᠨᠡᠶᠢᠭᠡᠮ ᠲᠣᠭᠤᠷᠢᠭ ᠲᠤ ᠦᠢᠯᠡᠴᠢᠯᠡᠭᠦᠯᠦᠨ᠂ ᠺᠠᠳ᠋ᠷ ᠤᠯᠠᠨ ᠲᠦᠮᠡᠨ ᠤ ᠬᠠᠷᠢᠴᠠᠭ᠎ᠠ᠂ ᠨᠠᠮ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠤᠯᠠᠨ ᠲᠦᠮᠡᠨ ᠳᠤ ᠯᠠᠪᠳᠠᠭᠤᠨ ᠪᠠᠲᠤᠲᠠᠢ ᠦᠢᠯᠡᠴᠢᠯᠡᠵᠦ᠂ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ ᠶᠢᠨ ᠲᠥᠯᠥᠭᠡ ᠶᠤᠮ᠃       ᠲᠤᠰ ᠵᠢᠯ ᠤᠨ ᠳᠠᠷᠤᠮᠠᠯᠯᠠᠨ ᠲᠠᠷᠬᠠᠭᠠᠭᠰᠠᠨ︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠤᠨ ᠠᠵᠢᠯ ᠤᠨ ᠲᠥᠰᠥᠯ ᠳᠤ᠂ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢ ᠬᠤᠳᠠ ᠶᠢᠨ ᠲᠡᠰ ᠤᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠳᠠ ᠳᠤ ᠰᠠᠭᠤᠭ᠎ᠠ 15 ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠨᠢᠭᠡ ᠶᠢ ᠨᠢᠭᠡ ᠳᠤ ᠬᠠᠷᠠᠭᠠᠯᠵᠠᠭᠤᠯᠤᠨ ᠬᠠᠪᠰᠤᠷᠤᠯᠴᠠᠭ᠎ᠠ ᠪᠣᠯᠵᠤ᠂ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠰᠠᠯᠠᠭ᠎ᠠ ᠮᠥᠴᠢᠷ ᠨᠢ ᠣᠷᠣᠨ ᠪᠠᠶᠢᠷᠢ ᠪᠠᠷ ᠨᠡᠯᠢᠶᠡᠳ ᠪᠤᠶᠢᠳᠠ ᠪᠥᠭᠯᠡᠭᠦᠦ ᠨᠡᠶᠢᠭᠡᠮ ᠲᠣᠭᠤᠷᠢᠭ ᠲᠠᠢ ᠤᠷᠢᠳ ᠢᠶᠠᠷ ᠬᠠᠪᠰᠤᠷᠤᠯᠴᠠᠭ᠎ᠠ ᠪᠠᠶᠢᠭᠤᠯᠵᠤ᠂ ᠬᠦᠴᠦᠨ ᠢ ᠨᠢᠭᠡᠳᠦᠭᠡᠷ ᠹᠷᠣᠨᠲ ᠲᠤ ᠬᠦᠷᠭᠡᠬᠦ᠂ ᠡᠬᠢ ᠪᠠᠶᠠᠯᠢᠭ ᠢ ᠦᠨᠳᠦᠰᠦᠨ ᠱᠠᠲᠤᠨ ᠳᠤ ᠣᠷᠣᠭᠤᠯᠬᠤ᠂ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠭᠦᠢᠴᠡᠳᠬᠡᠬᠦ ᠶᠢ ᠪᠡᠶᠡᠯᠡᠭᠦᠯᠵᠡᠢ᠃       ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠪᠡᠶ᠎ᠡ ᠶᠢᠨ ᠭᠠᠷᠤᠯ ᠢᠶᠠᠨ ᠢᠯᠡ ᠪᠠᠶᠢᠯᠭᠠᠵᠤ᠂ ᠦᠯᠢᠭᠡᠷ ᠳᠠᠭᠤᠷᠢᠶᠠᠯ ᠪᠣᠯᠵᠤ᠂ ᠤᠯᠠᠨ ᠲᠦᠮᠡᠨ ᠤ ᠪᠠᠭ᠎ᠠ ᠶᠠᠪᠤᠳᠠᠯ ᠢ ᠦᠨᠡᠨ ᠬᠦ ᠶᠡᠭᠡ ᠶᠠᠪᠤᠳᠠᠯ ᠪᠣᠯᠭᠠᠨ ᠰᠢᠢᠳᠪᠦᠷᠢᠯᠡᠵᠦ᠂ ᠪᠠᠴᠢᠮ ᠶᠠᠪᠤᠳᠠᠯ ᠢ ᠴᠢᠬᠤᠯᠠ ᠶᠠᠪᠤᠳᠠᠯ ᠪᠣᠯᠭᠠᠨ ᠰᠢᠢᠳᠪᠦᠷᠢᠯᠡᠪᠡ᠃ ᠨᠢᠭᠡ ᠲᠠᠯ᠎ᠠ ᠪᠠᠷ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠲᠤᠰᠢᠶᠠᠯ ᠬᠠᠪᠰᠤᠷᠭᠠᠭᠰᠠᠨ ᠲᠣᠣᠷᠵᠢᠯ ᠤᠨ ᠠᠵᠢᠯᠲᠠᠨ᠂ ᠥᠮᠴᠢᠲᠡᠨ ᠤ ᠵᠥᠪᠯᠡᠯ ᠤᠨ ᠪᠦᠷᠢᠯᠳᠦᠭᠦᠨ ᠪᠤᠶᠤ ᠠᠳᠠᠯ ᠠᠬᠤᠢ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠲᠤ ᠬᠠᠮᠵᠢᠨ ᠰᠠᠭᠤᠭᠠᠯᠢ ᠠᠷᠠᠳ ᠤᠨ ᠳᠡᠷᠭᠡᠳᠡᠬᠢ ᠤᠴᠢᠷ ᠶᠠᠪᠤᠳᠠᠯ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ ᠵᠥᠷᠢᠴᠡᠯ᠂ ᠰᠠᠭᠤᠭᠠᠯᠢ ᠠᠷᠠᠳ ᠬᠢᠭᠡᠳ ᠠᠳᠠᠯ ᠠᠬᠤᠢ ᠶᠢᠨ ᠠᠵᠤ ᠠᠬᠤᠶᠢᠯᠠᠯ ᠤᠨ ᠵᠠᠭᠤᠷᠠᠯᠳᠤᠭᠠᠨ ᠵᠡᠷᠭᠡ ᠶᠢ ᠵᠣᠬᠢᠴᠠᠭᠤᠯᠤᠨ ᠰᠢᠢᠳᠪᠦᠷᠢᠯᠡᠪᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠴᠢᠷᠳᠡᠯ ᠪᠠ ᠬᠡᠷᠡᠭᠴᠡᠭᠡ ᠶᠢ ᠤᠯᠠᠨ ᠠᠷᠭ᠎ᠠ ᠵᠠᠮ ᠢᠶᠠᠷ ᠴᠤᠭᠯᠠᠭᠤᠯᠬᠤ ᠪᠠᠷ ᠳᠠᠮᠵᠢᠭᠤᠯᠤᠨ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ ᠢ ᠥᠭᠡᠷᠡᠴᠢᠯᠡᠨ ᠰᠢᠨᠡᠳᠬᠡᠬᠦ᠂ ᠰᠥᠨᠢ ᠶᠢᠨ ᠡᠭᠡᠯᠵᠢ ᠶᠢᠨ ᠲᠤᠰᠬᠠᠢ ᠱᠤᠭᠤᠮ ᠤᠨ ᠨᠡᠶᠢᠲᠡ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠬᠦ ᠵᠡᠷᠭᠡ ᠤᠯᠠᠨ ᠲᠦᠮᠡᠨ ᠤ ᠭᠠᠴᠢᠭᠳᠠᠭᠤᠯᠵᠤ ᠪᠠᠶᠢᠭ᠎ᠠ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠨᠦᠭᠦᠭᠡ ᠲᠠᠯ᠎ᠠ ᠪᠠᠷ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠤᠨ ᠰᠣᠶᠣᠯ ᠤᠨ ᠠᠮᠢᠳᠤᠷᠠᠯ ᠳᠤ ᠢᠳᠡᠪᠬᠢᠲᠡᠢ ᠠᠭᠤᠰᠤᠯᠴᠠᠵᠤ᠂ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ ᠶᠢ ᠲᠥᠪᠯᠡᠷᠡᠩᠭᠦᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠡᠢ᠃       ᠣᠳᠣᠬᠠᠨ ᠳᠤ᠂ ᠨᠠᠮ ᠤᠨ ᠭᠡᠰᠢᠭᠦᠨ ᠭᠡᠷ ᠪᠦᠯᠢ ᠪᠠᠨ ᠳᠠᠶᠢᠴᠢᠯᠠᠵᠤ᠂ ᠨᠠᠮ ᠤᠨ ᠭᠡᠰᠢᠭᠦᠨ ᠤ ᠭᠡᠷ ᠪᠦᠯᠢ ᠨᠡᠶᠢᠭᠡᠮ ᠲᠣᠭᠤᠷᠢᠭ ᠢ ᠨᠥᠯᠥᠭᠡᠯᠡᠵᠦ᠂ ︽ᠨᠢᠭᠡᠴᠢ ᠳᠡᠭᠡᠨ ᠠᠵᠢᠯᠯᠠᠵᠤ᠂ ᠨᠡᠶᠢᠭᠡᠮ ᠲᠣᠭᠤᠷᠢᠭ ᠲᠤ ᠦᠢᠯᠡᠴᠢᠯᠡᠵᠦ᠂ ᠬᠤᠣᠰ ᠠᠵᠢᠯ ᠤᠨ ᠪᠠᠶᠢᠷᠢ ᠳᠤ ᠬᠤᠪᠢ ᠨᠡᠮᠡᠷᠢ ᠦᠵᠡᠭᠦᠯᠭᠦ︾ ᠨᠢ ᠣᠷᠳᠣᠰ ᠬᠤᠲᠠ ᠶᠢᠨ ᠬᠡᠪ ᠵᠠᠩᠰᠢᠯ ᠪᠣᠯᠤᠭᠰᠠᠨ ᠪᠠᠶᠢᠨ᠎ᠠ᠃       ᠪᠠᠶᠢᠭᠤᠯᠭ᠎ᠠ ᠨᠢᠭᠡᠴᠢ ᠶᠢᠨ ᠢᠶᠠᠨ ᠨᠠᠮ ᠤᠨ ᠵᠣᠬᠢᠶᠠᠨ ᠪᠠᠶᠢᠭᠤᠯᠤᠯᠲᠠ᠂ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠺᠠᠳ᠋ᠷᠴᠤᠳ ᠢ ᠨᠡᠷ᠎ᠡ ᠮᠡᠳᠡᠭᠦᠯᠬᠦ᠂ ᠭᠥᠯᠢᠶᠡᠨ ᠠᠪᠬᠤ᠂ ᠬᠦᠰᠦᠨᠦᠭ ᠲᠠᠭᠯᠠᠬᠤ᠂ ᠲᠠᠮᠠᠭ᠎ᠠ ᠳᠠᠷᠤᠬᠤ ᠠᠵᠢᠯ ᠶᠠᠪᠤᠳᠠᠯ ᠤᠨ ᠴᠢᠨᠠᠷᠲᠠᠢ ᠠᠵᠢᠯ ᠤᠨ ᠳᠤᠮᠳᠠ ᠠᠴᠠ ᠴᠢᠯᠦᠭᠡᠯᠡᠨ ᠭᠠᠷᠭᠠᠵᠤ᠂ ᠤᠶᠤᠨ ᠴᠢᠳᠠᠯ ᠢ ᠨᠢ ᠪᠦᠷᠢᠮᠦᠰᠦᠨ ᠪᠠᠳᠠᠷᠠᠭᠤᠯᠵᠤ᠂ ᠥᠨᠳᠥᠷ ᠦᠷ᠎ᠡ ᠪᠦᠲᠦᠮᠵᠢᠲᠡᠶ ᠬᠠᠷᠢᠯᠴᠠᠨ ᠬᠤᠯᠪᠣᠭᠠᠯᠠᠬᠤ ᠶᠢ ᠪᠡᠶᠡᠯᠡᠭᠦᠯᠬᠦ ᠶᠢᠨ ᠲᠥᠯᠥᠭᠡ᠂ ᠣᠷᠳᠣᠰ ᠬᠤᠲᠠ︽ᠣᠷᠳᠣᠰ ᠤᠨ ᠬᠤᠰᠢᠭᠤᠴᠢ︾ᠵᠢᠵᠢᠭ ᠫᠷᠣᠭ᠍ᠷᠠᠮ ᠢ ᠨᠡᠭᠡᠭᠡᠨ ᠬᠡᠷᠡᠭᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠪᠠ ︽ᠪᠢᠴᠢᠯ ᠬᠦᠰᠡᠯ︾ ᠢ ᠰᠦᠯᠵᠢᠶᠡᠨ ᠳᠡᠭᠡᠷ᠎ᠡ ᠳᠠᠭᠠᠭᠤᠯᠤᠨ ᠭᠦᠢᠴᠡᠳᠬᠡᠬᠦ᠂ ᠬᠠᠮᠲᠤ ᠪᠠᠷ ᠪᠠᠶᠢᠭᠤᠯᠬᠤ ᠲᠥᠷᠥᠯ ᠵᠦᠢᠯ ᠤᠨ ᠠᠬᠢᠴᠠ ᠶᠢ ᠰᠦᠯᠵᠢᠶᠡᠨ ᠳᠡᠭᠡᠷ᠎ᠡ ᠣᠶᠢᠯᠠᠭᠠᠬᠤ᠂ ᠦᠢᠯᠡᠴᠢᠯᠡᠭᠡᠨ ᠤ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠬᠤᠷᠢᠶᠠᠩᠭᠤᠶᠢᠯᠠᠬᠤ᠂ ᠦᠢᠯᠡᠴᠢᠯᠡᠭᠡᠨ ᠤ ᠦᠨᠡᠯᠡᠯᠲᠡ ᠶᠢ ᠰᠦᠯᠵᠢᠶᠡᠨ ᠳᠡᠭᠡᠷ᠎ᠡ ᠪᠤᠶ ᠪᠤᠯᠭᠠᠬᠤ ᠶᠢ ᠪᠡᠶᠡᠯᠡᠭᠦᠯᠪᠡ᠃       ︽ᠤᠳᠤ ᠲᠦᠭᠦᠮ ᠪᠣᠯᠴᠢᠬᠠᠯ᠎ᠠ᠂ᠭᠠᠷ ᠤᠲᠠᠰᠤᠨ ᠳᠡᠭᠡᠷ᠎ᠡ ᠪᠠᠨ ᠳᠠᠷᠤᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠠᠭᠠᠨ ᠨᠡᠷ᠎ᠡ ᠮᠡᠳᠡᠭᠦᠯᠵᠦ᠂ᠦᠢᠯᠡᠴᠢᠯᠡᠭᠡ  ᠶᠢᠨ ᠨᠠᠷᠢᠨ ᠬᠠᠭᠤᠳᠠᠰᠤ ᠶᠢ ᠲᠠᠨᠢᠨ ᠠᠪᠬᠤ ᠲᠡᠶᠢᠯᠭᠦ ᠪᠣᠯᠤᠭᠰᠠᠨ ᠪᠥᠭᠡᠳ᠂ ᠠᠷᠤ ᠲᠠᠯ᠎ᠠ ᠶᠢᠨ ᠲᠤᠭ᠎ᠠ ᠪᠠᠷᠢᠮᠲᠠ ᠶᠢ ᠴᠸ ᠦᠵᠡᠵᠦ ᠳᠡᠶᠢᠯᠳᠡᠭ᠃ᠪᠤᠰᠤᠳ ᠨᠢᠭᠡᠴᠢ  ᠶᠢᠨ ᠨᠠᠮ ᠤᠨ ᠭᠡᠰᠢᠭᠦᠨ ᠨᠠᠷ ᠬᠠᠮᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠤᠯᠴᠠᠬᠤ ᠨᠢ ᠮᠠᠰᠢ ᠤᠳᠬ᠎ᠠ ᠠᠭᠤᠯᠭ᠎ᠠ ᠲᠠᠢ ᠶᠤᠮ︾ᠭᠡᠵᠦ ᠬᠠᠩᠭᠢᠨ ᠬᠤᠰᠢᠭᠤᠨ ᠤ ᠱᠧᠩ ᠯᠢ ᠨᠡᠶᠢᠭᠡᠮ ᠲᠣᠭᠤᠷᠢᠭ ᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠸᠠᠩ ᠠᠪᠠᠭ᠋ᠠᠢ ᠶᠠᠷᠢᠨ᠎ᠠ᠃       ︽ᠬᠤᠣᠰ ᠨᠡᠷ᠎ᠡ ᠮᠡᠳᠡᠭᠦᠯᠦᠯᠲᠡ ᠬᠤᠣᠰ ᠦᠢᠯᠡᠴᠢᠯᠡᠭᠡ ᠬᠤᠣᠰ ᠠᠭᠤᠰᠤᠯᠴᠠᠯ︾ ᠤᠨ ᠠᠵᠢᠯ ᠢ ᠥᠷᠨᠢᠭᠦᠯᠬᠦ ᠶᠠᠪᠤᠴᠠ ᠳᠤ᠂ ᠬᠠᠩᠭᠢᠨ ᠬᠤᠰᠢᠭᠤ︽ᠨᠡᠶᠢᠭᠡᠮ ᠲᠣᠭᠤᠷᠢᠭ ᠠᠴᠠ ᠵᠠᠬᠢᠶᠠᠯᠠᠨ᠂ ᠲᠣᠣᠷᠵᠢᠯ ᠤᠨ ᠳᠠᠷᠤᠭ᠎ᠠ ᠠᠴᠠ ᠵᠠᠬᠢᠶᠠᠯᠠᠭ᠎ᠠ ᠶᠢ ᠵᠣᠬᠢᠴᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠵᠠᠬᠢᠶᠠᠯᠠᠭ᠎ᠠ ᠶᠢ ᠭᠥᠯᠢᠶᠡᠨ ᠠᠪᠬᠤ︾ᠦᠢᠯᠡᠴᠢᠯᠡᠭᠡᠨ ᠤ ᠵᠠᠭᠪᠤᠷ ᠢ ᠬᠡᠷᠡᠭᠯᠡᠵᠦ᠂ ᠨᠡᠷ᠎ᠡ ᠮᠡᠳᠡᠭᠦᠯᠦᠭᠰᠡᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠨᠡᠶᠢᠭᠡᠮ ᠲᠣᠭᠤᠷᠢᠭ ᠲᠤ︽ᠡᠬᠢ ᠪᠠᠶᠠᠯᠢᠭ ᠤᠨ ᠨᠠᠷᠢᠨ ᠳᠠᠩᠰᠠ︾ᠭᠠᠷᠭᠠᠵᠤ᠂ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠳᠡᠷᠭᠡᠳᠡᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂︽ᠬᠡᠷᠡᠭᠴᠡᠭᠡ ᠶᠢᠨ ᠨᠠᠷᠢᠨ ᠳᠠᠩᠰᠠ︾ ᠶᠢ ᠪᠠᠶᠢᠭᠤᠯᠵᠤ᠂ ᠤᠯᠠᠨ ᠲᠠᠯ᠎ᠠ ᠶᠢᠨ ᠬᠢᠨ ︽ᠦᠢᠯᠡᠴᠢᠯᠡᠭᠡᠨ ᠤ ᠨᠠᠷᠢᠨ ᠳᠠᠩᠰᠠ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ᠃       ︽ᠨᠡᠷ᠎ᠡ ᠮᠡᠳᠡᠭᠦᠯᠬᠦ ᠦᠶ᠎ᠡ ᠳᠤ᠂ ᠪᠢᠳᠡ ᠨᠢᠭᠡᠨᠲᠡ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠪᠣᠳᠠᠲᠠᠢ ᠪᠠᠶᠢᠳᠠᠯ ᠪᠠ ᠣᠨᠴᠠᠯᠢᠭ ᠳᠠᠪᠠᠭᠤᠯᠢᠭ ᠢ ᠦᠨᠳᠦᠰᠦᠯᠡᠨ᠂ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ ᠦᠢᠯᠡᠴᠢᠯᠡᠭᠡᠨ ᠤ ᠲᠥᠷᠥᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠦᠢᠯᠡᠴᠢᠯᠡᠭᠡᠨ ᠤ ᠲᠦᠷᠦᠯ᠂ ᠤᠬᠠᠭᠤᠯᠭ᠎ᠠ ᠬᠥᠮᠦᠵᠢᠯ ᠤᠨ ᠦᠢᠯᠡᠴᠢᠯᠡᠭᠡᠨ ᠤ ᠲᠦᠷᠦᠯ᠂ ᠪᠠᠭᠤᠷᠠᠢ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠵᠤ ᠨᠠᠰᠤᠲᠠᠶᠢᠴᠤᠳ ᠢ ᠡᠷᠭᠢᠵᠦ ᠦᠵᠡᠬᠦ ᠦᠢᠯᠡᠴᠢᠯᠡᠭᠡᠨ ᠤ ᠲᠦᠷᠦᠯ᠂ ᠠᠵᠢᠯ ᠣᠯᠭᠤᠯᠲᠠ ᠶᠢ ᠵᠢᠯᠤᠭᠤᠳᠬᠤ ᠦᠢᠯᠡᠴᠢᠯᠡᠭᠡᠨ ᠤ ᠲᠦᠷᠦᠯ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠲᠦᠷᠦᠯ᠂ ᠡᠮ ᠡᠮᠨᠡᠯᠭᠡ ᠡᠷᠡᠭᠦᠯᠵᠢᠯ ᠤᠨ ᠦᠢᠯᠡᠴᠢᠯᠡᠭᠡᠨ ᠤ ᠲᠦᠷᠦᠯ ᠪᠠ ᠪᠤᠰᠤᠳ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡᠨ ᠤ ᠲᠦᠷᠦᠯ ᠵᠡᠷᠭᠡ ᠨᠠᠢᠮᠠᠨ ᠵᠦᠢᠯ ᠤᠨ ᠠᠳᠠᠯᠢ ᠪᠤᠰᠤ ᠭᠡᠯᠪᠡᠷᠢ ᠶᠢᠨ ᠤᠯᠠᠨ ᠡᠰᠢᠴᠢᠯᠡᠭᠰᠡᠨ ᠦᠢᠯᠡᠴᠢᠯᠡᠭᠡᠨ ᠤ ᠲᠦᠷᠦᠯ ᠭᠡᠯᠪᠡᠷᠢ ᠶᠢ ᠲᠣᠬᠢᠷᠠᠭᠤᠯᠪᠠ᠃ ᠡᠭᠦᠨ ᠤ ᠵᠣᠷᠢᠯᠭ᠎ᠠ ᠨᠢ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠢᠭᠡ ᠪᠦᠷᠢ ᠳᠤ ᠴᠥᠮ ᠥᠪᠡᠷ ᠤᠨ ᠪᠡᠶ᠎ᠡ ᠳᠡᠭᠡᠨ ᠲᠣᠬᠢᠷᠠᠭᠰᠠᠨ ᠰᠠᠶᠢᠨ ᠳᠤᠷ᠎ᠠ  ᠶᠢᠨ ᠦᠢᠯᠡᠴᠢᠯᠡᠭᠡ ᠬᠠᠩᠭᠠᠬᠤ ᠶᠢ ᠠᠬᠢᠭᠤᠯᠬᠤ ᠶᠢᠨ ᠲᠥᠯᠥᠭᠡ ᠶᠤᠮ︾ ᠭᠡᠵᠦ ᠬᠠᠩᠭᠢᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ  ᠶᠢᠨ ᠨᠠᠮ ᠤᠨ ᠠᠵᠢᠯ ᠤᠨ ᠬᠤᠷᠢᠶᠠᠨ ᠤ ᠠᠵᠢᠯᠲᠠᠨ ᠬᠡᠯᠡᠵᠡᠢ᠃       ᠳᠤᠷᠠᠳᠤᠭᠤᠰᠢᠲᠠᠢ ᠵᠦᠢᠯ ᠭᠡᠪᠡᠯ᠂ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠᠰᠠ ᠲᠤᠰ ᠪᠡᠶ᠎ᠡ ᠶᠢᠨ ᠡᠭᠦᠷᠭᠡ ᠴᠢᠳᠠᠪᠬᠢ ᠶᠢᠨ ᠣᠨᠴᠠᠯᠢᠭ ᠪᠣᠯᠣᠨ ᠡᠬᠢ ᠪᠠᠶᠠᠯᠢᠭ ᠤᠨ ᠳᠠᠪᠠᠭᠤᠯᠢᠭ ᠢᠶᠠᠨ ᠦᠨᠳᠦᠰᠦᠯᠡᠨ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠴᠣᠭᠴᠠᠯᠠᠯᠲᠠ ᠳᠤ ᠠᠭᠤᠰᠤᠯᠴᠠᠵᠤ ᠪᠠᠶᠢᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠵᠢᠯ ᠤᠨ ᠡᠴᠦᠰ ᠲᠤ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠤᠭᠰᠠᠨ ᠪᠠᠶᠢᠳᠠᠯ ᠪᠠ ᠨᠡᠷ᠎ᠡ ᠮᠡᠳᠡᠭᠦᠯᠦᠭᠰᠡᠨ ᠨᠠᠮ ᠤᠨ ᠭᠡᠰᠢᠭᠦᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠬᠠᠷᠢᠭᠤ ᠲᠤᠰᠬᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠶᠢᠨ ᠴᠢᠬᠤᠯᠠ ᠠᠭᠤᠯᠭ᠎ᠠ ᠪᠣᠯᠭᠠᠵᠠᠢ᠃ ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠬᠠᠮᠲᠤ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠪᠠᠶᠠᠨ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠬᠦ ᠠᠵᠢᠯ ᠢ ᠪᠡᠶᠡᠯᠡᠭᠦᠯᠵᠦ᠂ ᠪᠠᠶᠢᠴᠠᠭᠠᠬᠤ ᠬᠤᠷᠢᠶᠠᠨ ᠤ ᠡᠭᠦᠷᠭᠡ ᠴᠢᠳᠠᠪᠬᠢ ᠶᠢᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠡᠬᠢ ᠪᠠᠶᠠᠯᠢᠭ ᠤᠨ ᠨᠠᠷᠢᠨ ᠲᠠᠩᠰᠠ ᠭᠠᠷᠭᠠᠵᠤ᠂ ︽ᠪᠢᠳᠡᠨ ᠤ ᠪᠠᠶᠠᠷ ᠤᠨ ᠡᠳᠦᠷ︾ ︽ᠭᠠᠷᠠᠭ ᠤᠨ ᠬᠤᠶᠠᠷ ᠤᠨ ᠪᠣᠯᠵᠤᠭ᠎ᠠ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠤᠭᠰᠠᠨ ᠪᠥᠭᠡᠳ ᠤᠨᠤᠯ ᠢ  ᠤᠬᠠᠭᠤᠯᠤᠨ ᠲᠠᠶᠢᠯᠪᠤᠷᠢᠯᠠᠬᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠵᠥᠷᠢᠴᠡᠯ ᠢ ᠡᠶᠡᠳᠡᠭᠦᠯᠬᠦ᠂ ᠬᠠᠤᠯᠢᠵᠢᠯ ᠤᠨ ᠤᠬᠠᠭᠤᠯᠭ᠎ᠠ ᠵᠡᠷᠭᠡ ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠭᠦ ᠲᠦᠷᠦᠯ ᠵᠦᠢᠯ ᠢ ᠥᠷᠨᠢᠭᠦᠯᠵᠡᠢ᠃       ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠲᠤ ᠦᠢᠯᠡᠴᠢᠯᠡᠵᠦ᠂ ᠨᠢᠭᠡᠳᠦᠭᠡᠷ ᠹᠷᠣᠨᠲ ᠲᠤ ᠠᠭᠤᠰᠤᠯᠴᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠳᠤ ᠵᠠᠪᠠᠯ ᠬᠠᠷᠢᠭᠤᠯᠬᠤ ᠰᠡᠳᠦᠪ ᠢ ᠰᠠᠶᠢᠲᠤᠷ ᠬᠠᠷᠢᠭᠤᠯᠵᠤ᠂ ᠰᠢᠢᠳᠪᠦᠷᠢᠲᠦ ᠪᠣᠳᠣᠯᠭ᠎ᠠ ᠶᠢ ᠬᠠᠮᠲᠤ ᠪᠠᠷ ᠰᠦᠪᠡᠭᠴᠢᠯᠡᠬᠦ᠂ ᠬᠥᠭᠵᠢᠯᠲᠡ ᠶᠢ ᠬᠠᠮᠲᠤ ᠪᠠᠷ ᠪᠠᠶᠢᠭᠤᠯᠬᠤ᠂ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠮᠢᠶᠠᠷᠬᠤ᠂ ᠦᠷ᠎ᠡ ᠪᠦᠲᠦᠮᠵᠢ ᠶᠢ ᠬᠠᠮᠲᠤ ᠪᠠᠷ ᠦᠨᠡᠯᠡᠬᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ