ᠡᠸᠡᠩᠬᠢ ᠬᠤᠰᠢᠭᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/12
       ᠣᠶᠢᠷ᠎ᠠ ᠶᠢᠨ ᠵᠢᠯ ᠠᠴᠠ ᠡᠸᠡᠩᠬᠢ ᠬᠤᠰᠢᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ᠂ ᠬᠠᠷᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ ᠪᠣᠯᠣᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠪᠠ᠃       ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯ ᠰᠢᠵᠢᠮ ᠪᠤᠯᠭᠠᠵᠤ᠂ ᠠᠵᠢᠯ ᠤᠨ ᠲᠥᠰᠥᠯ ᠪᠠ ᠵᠠᠪᠠᠯ ᠰᠤᠷᠬᠤ ᠨᠠᠷᠢᠨ ᠲᠠᠩᠰᠠ ᠶᠢ ᠲᠣᠭᠲᠠᠭᠠᠵᠤ᠂ ᠪᠦᠭᠦ ᠬᠤᠰᠢᠭᠤᠨ ᠤ 420 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠨᠣᠯ ᠤᠨ ᠭᠤᠣᠯ ᠳᠤᠭᠤᠶᠢᠯᠠᠩ᠂ ᠲᠥᠪᠯᠡᠷᠡᠭᠦᠯᠦᠨ ᠰᠤᠷᠤᠯᠴᠠᠬᠤ ᠵᠡᠷᠭᠡ ᠭᠡᠯᠪᠡᠷᠢ ᠪᠠᠷ ᠲᠦᠮᠡ ᠭᠠᠷᠤᠢ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃       ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠪᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠳᠤ ᠲᠥᠭᠦᠮ ᠦᠵᠡᠭᠦᠯᠭᠦ᠂ ᠬᠠᠮᠢᠶᠠᠷᠤᠯᠲᠠ ᠳᠤ ᠲᠥᠭᠦᠮ ᠪᠠᠶᠢᠯᠭᠠᠬᠤ ᠵᠠᠷᠴᠢᠮ ᠶᠣᠰᠣᠭᠠᠷ 44 ᠭᠠᠴᠠᠭ᠎ᠠ ᠶᠢ 187 ᠬᠤᠪᠢᠶᠠᠵᠤ᠂ 213 ᠰᠦᠯᠵᠢᠶᠡᠨ ᠤ ᠠᠵᠢᠯᠲᠠᠨ ᠲᠣᠬᠢᠷᠠᠭᠤᠯᠤᠨ᠂ ᠰᠦᠯᠵᠢᠶᠡᠨ ᠤ ᠦᠢᠯᠡᠴᠢᠯᠡᠭᠡ ᠶᠢ ᠪᠦᠭᠦᠨ ᠢ ᠬᠠᠮᠤᠷᠤᠭᠤᠯᠵᠤ᠂ ᠬᠠᠮᠢᠶᠠᠷᠤᠯᠲᠠ ᠶᠢ ᠪᠦᠷᠢᠨ ᠪᠦᠷᠬᠦᠭᠦᠯᠪᠡ᠃ ᠲᠠᠩ ᠢᠶᠠᠷ ᠪᠠᠶᠢᠭᠤᠯᠬᠤ᠂ ᠬᠤᠯᠪᠤᠭᠠᠯᠠᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ 156 ᠰᠦᠯᠵᠢᠶᠡᠨ ᠤ ᠨᠠᠮ ᠤᠨ ᠳᠤᠭᠤᠶᠢᠯᠠᠩ ᠢ ᠪᠠᠶᠢᠭᠤᠯᠵᠤ᠂ 175 ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ︾ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠺᠢᠯᠣᠮᠧᠲᠷ︾ ᠭᠦᠷᠲᠡᠯ᠎ᠡ ᠦᠷᠭᠦᠯᠵᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠰᠦᠯᠵᠢᠶᠡᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠪᠠ᠃       ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠤᠨᠢᠨ ᠳᠡᠭᠡᠷ᠎ᠡ ᠨᠢ ᠵᠠᠰᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃ ᠰᠤᠯᠠ ᠵᠠᠳᠠᠭᠠᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠪᠠᠷ ᠦᠨᠳᠦᠰᠦᠨ ᠱᠠᠲᠤᠨ ᠤ ᠤᠯᠤᠰ ᠲᠥᠷᠥ ᠶᠢᠨ ᠴᠢᠳᠠᠮᠵᠢ ᠶᠢ ᠨᠡᠮᠡᠭᠳᠡᠭᠦᠯᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠴᠢᠳᠠᠯ ᠢ ᠳᠡᠭᠡᠭᠰᠢᠯᠡᠭᠦᠯᠭᠦ ᠴᠢᠬᠤᠯᠠ ᠭᠠᠷᠳᠠᠴᠠ ᠪᠤᠯᠭᠠᠵᠤ᠂ 27 ᠬᠤᠰᠢᠭᠤ ᠭᠠᠵᠠᠷ ᠤᠨ ᠲᠠᠰ ᠤᠨ ᠤᠳᠤᠷᠢᠳᠤᠯᠭ᠎ᠠ ᠲᠦᠷᠦᠭᠦᠯᠡᠨ 44 ᠵᠢᠭᠰᠠᠭᠠᠨ ᠪᠠᠶᠢᠴᠠᠭᠠᠵᠤ ᠴᠡᠭᠴᠡᠯᠡᠬᠦ ᠲᠤᠰᠬᠠᠢ ᠳᠤᠭᠤᠶᠢᠯᠠᠩ ᠢ ᠪᠠᠶᠢᠭᠤᠯᠵᠤ᠂ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢᠨ 7 ᠵᠦᠢᠯ ᠤᠨ ᠪᠠᠶᠢᠳᠠᠯ ᠢ ᠲᠣᠳᠣᠷᠬᠠᠢ ᠮᠠᠭᠠᠳᠯᠠᠨ ᠲᠣᠭᠲᠠᠭᠠᠵᠤ᠂ ᠨᠠᠷᠢᠯᠢᠭ ᠣᠨᠣᠴᠠᠲᠠᠢ ᠪᠠᠷ 2 ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠡᠲᠡᠭᠡᠳ ᠢ ᠲᠣᠭᠲᠠᠭᠠᠪᠠ᠃ ᠴᠡᠭᠴᠡᠯᠡᠨ ᠰᠠᠶᠢᠵᠢᠷᠠᠭᠤᠯᠬᠤ ᠡᠲᠡᠭᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠬᠥᠳᠡᠯᠦᠩᠭᠦᠢ ᠪᠠᠷ ᠬᠠᠮᠢᠶᠠᠷᠴᠤ᠂ ᠨᠢᠭᠡ ᠨᠢᠭᠡ ᠪᠠᠷ ᠲᠠᠩᠰᠠ ᠡᠯᠭᠦᠨ ᠳ᠋ᠤᠭᠠᠷ ᠢ ᠬᠠᠰᠤᠵᠤ᠂ ᠴᠡᠭᠴᠡᠯᠡᠯᠲᠡ ᠶᠢ ᠶᠣᠰᠣᠨ ᠲᠡᠳᠦᠢ ᠥᠩᠭᠡᠷᠡᠭᠦᠯᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠪᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ