︽ᠨᠠᠮ ᠤᠨ ᠪᠠᠶᠢᠭᠤᠯᠤᠯᠲᠠ + ᠵᠢᠭᠤᠯᠴᠢᠯᠠᠯ︾ ᠡᠸᠡᠩᠬᠢ ᠬᠤᠰᠢᠭᠤᠨ ᠤ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/12/12
       ᠣᠶᠢᠷ᠎ᠠ ᠶᠢᠨ ᠵᠢᠯ ᠠᠴᠠ ᠡᠸᠡᠩᠬᠢ ᠬᠤᠰᠢᠭᠤ ᠪᠠᠶᠠᠯᠢᠭ ᠲᠠᠯ᠎ᠠ ᠨᠤᠲᠤᠭ ᠤᠨ ᠠᠮᠢ ᠠᠬᠤᠢ ᠶᠢᠨ ᠰᠣᠶᠣᠯ᠂ ᠦᠨᠳᠦᠰᠦᠲᠡᠨ ᠤ ᠵᠠᠩ ᠦᠢᠯᠡ ᠶᠢᠨ ᠰᠣᠶᠣᠯ᠂ ᠵᠠᠭᠠᠷᠳᠤ ᠨᠠᠷᠠᠰᠤᠨ ᠤ ᠥᠯᠥᠭᠡᠢ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠨᠠᠮ ᠤᠨ ᠪᠠᠶᠢᠭᠤᠯᠤᠯᠲᠠ ᠪᠠᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠤᠨ ᠬᠥᠭᠵᠢᠯᠲᠡ ᠶᠢ ᠬᠥᠲᠥᠯᠥᠨ ᠳᠠᠭᠠᠭᠤᠯᠤᠭᠠᠳ᠂ ᠬᠥᠯᠥᠨ ᠪᠤᠶᠢᠷ ᠬᠤᠳᠠ ᠶᠢᠨ ᠡᠮᠦᠨ᠎ᠡ ᠱᠤᠭᠤᠮ ᠤᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠦᠭᠰᠡᠨ ᠪᠠᠶᠢᠨ᠎ᠠ᠃ ᠵᠢᠯ ᠤᠨ ᠡᠬᠢᠨ ᠠᠴᠠ ᠨᠠᠭᠠᠰᠢ᠂ ᠡᠸᠡᠩᠬᠢ ᠬᠤᠰᠢᠭᠤ 102 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠭᠴᠢ ᠶᠢ ᠭᠥᠯᠢᠶᠡᠨ ᠠᠪᠴᠤ᠂ 9300 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃       ᠡᠸᠡᠩᠬᠢ ᠬᠤᠰᠢᠭᠤ ᠨᠠᠮ ᠤᠨ ᠤᠳᠤᠷᠢᠳᠤᠯᠭ᠎ᠠ ᠳᠣᠣᠷᠠᠬᠢ ᠵᠢᠭᠤᠯᠴᠢᠯᠠᠯ ᠤᠨ ᠠᠵᠢᠯ ᠤᠨ ᠬᠡᠷᠡᠭ ᠵᠥᠪᠯᠡᠬᠦ ᠪᠠᠶᠢᠭᠤᠯᠤᠮᠵᠢ ᠪᠠᠶᠢᠭᠤᠯᠵᠤ᠂ ᠬᠤᠰᠢᠭᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠬᠤᠰᠢᠭᠤᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠡᠷᠭᠢᠯᠡᠭᠴᠢ ᠪᠣᠯᠵᠤ ᠬᠥᠭᠵᠢᠯᠲᠡ ᠶᠢᠨ ᠴᠢᠭᠯᠡᠯ ᠢ ᠡᠵᠡᠮᠳᠡᠨ᠂ ᠡᠯ᠎ᠡ ᠪᠦᠷᠢᠯᠳᠦᠭᠦᠨ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ ᠲᠣᠰ ᠨᠢᠭᠡᠴᠢ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠰᠣᠶᠣᠯ ᠵᠢᠭᠤᠯᠴᠢᠯᠠᠯ ᠤᠨ ᠠᠵᠢᠯ ᠢ ᠪᠣᠳᠠᠲᠠᠢ ᠨᠠᠷᠢᠯᠢᠭ ᠠᠳᠬᠤᠵᠤ᠂ ᠡᠸᠡᠩᠬᠢ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃       ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠮᠣᠷᠠᠯ ᠴᠢᠳᠠᠪᠤᠷᠢ ᠶᠢ ᠬᠤᠣᠰᠯᠠᠭᠤᠯᠵᠤ᠂ ᠮᠣᠷᠠᠯ ᠢ ᠲᠡᠷᠢᠭᠦᠨ ᠳᠤ ᠲᠠᠯᠪᠢᠬᠤ︾ ᠬᠥᠮᠥᠨ ᠰᠣᠩᠭᠤᠨ ᠬᠡᠷᠡᠭᠯᠡᠬᠦ ᠪᠠᠷᠢᠮᠵᠢᠶ᠎ᠠ ᠶᠣᠰᠣᠭᠠᠷ ᠤᠳᠤᠷᠢᠳᠬᠤ ᠪᠠᠭ ᠢ ᠰᠠᠶᠢᠲᠤᠷ ᠰᠣᠩᠭᠤᠬᠤ ᠶᠢ ᠰᠣᠶᠣᠯ ᠵᠢᠭᠤᠯᠴᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠭ ᠢ ᠰᠠᠶᠢᠲᠤᠷ ᠲᠣᠬᠢᠷᠠᠭᠤᠯᠵᠤ᠂ 4 ᠭᠡᠰᠢᠭᠦᠨ ᠲᠣᠬᠢᠷᠠᠭᠤᠯᠤᠨ᠂ ᠪᠦᠭᠦ ᠬᠤᠰᠢᠭᠤᠨ ᠤ ᠵᠢᠭᠤᠯᠴᠢᠯᠠᠯ ᠤᠨ ᠠᠵᠢᠯ ᠢ ᠠᠬᠢᠭᠤᠯᠬᠤ ᠳᠤ ᠺᠠᠳ᠋ᠷ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠨᠠᠮ ᠤᠨ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠵᠤ᠂ ᠵᠢᠭᠤᠯᠴᠢᠯᠠᠬᠰᠠᠳ ᠲᠤ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠨᠥᠬᠦᠴᠡᠯ ᠬᠠᠩᠭᠠᠪᠠ᠃ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠵᠢᠭᠤᠯᠴᠢᠯᠠᠬᠰᠠᠳ ᠤᠨ ᠦᠢᠯᠡᠴᠢᠯᠡᠭᠡᠨ ᠤ ᠲᠥᠪ ᠲᠤ ᠲᠦᠰᠢᠭᠯᠡᠨ᠂ 5 ᠨᠠᠮ ᠤᠨ ᠭᠡᠰᠢᠭᠦᠨ ᠤ ᠵᠢᠱᠢᠶ᠎ᠡ ᠦᠵᠡᠭᠦᠯᠭᠦ ᠠᠵᠢᠯ ᠤᠨ ᠪᠠᠶᠢᠷᠢ ᠭᠠᠷᠭᠠᠵᠤ᠂ ᠨᠠᠮ ᠤᠨ ᠭᠡᠰᠢᠭᠦᠨ ᠨᠠᠮ ᠤᠨ ᠰᠦᠯᠳᠡ ᠪᠠᠨ ᠵᠡᠭᠦᠵᠦ᠂ ᠵᠢᠭᠤᠯᠴᠢᠯᠠᠬᠰᠠᠳ ᠲᠤ ᠦᠢᠯᠡᠴᠢᠯᠡᠭᠡ ᠬᠠᠩᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠶᠡᠭᠡ ᠪᠠᠭᠰᠢᠲᠠᠨ ᠨᠡᠪᠴᠢᠭᠦᠯᠬᠦ ᠲᠣᠭᠤᠷᠢᠭ ᠪᠠᠶᠢᠭᠤᠯᠤᠭᠠᠳ᠂ 17 ᠡᠷᠦᠭᠡ 40 ᠲᠥᠷᠥᠯ ᠵᠦᠢᠯ ᠳᠤ ᠣᠷᠣᠵᠤ᠂ ᠴᠥᠭᠡᠨ ᠲᠣᠭᠠᠲᠤ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠢᠳᠡᠪᠬᠢᠲᠡᠢ ᠬᠥᠮᠥᠵᠢᠭᠦᠯᠦᠨ᠂ ᠳᠠᠳᠤᠯᠭ᠎ᠠ ᠪᠣᠯᠪᠠᠰᠤᠷᠠᠯ ᠤᠨ ᠦᠢᠯᠡᠴᠢᠯᠡᠭᠡ ᠶᠢᠨ ᠰᠢᠨ᠎ᠡ ᠶᠢ ᠡᠭᠦᠳᠬᠦ᠂ ᠪᠡᠯᠡ ᠮᠥᠩᠭᠦ ᠪᠠᠷ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠰᠢᠨ᠎ᠡ ᠶᠢ ᠡᠭᠦᠳᠬᠦ ᠰᠡᠳᠬᠢᠬᠦᠢ ᠶᠢᠨ ᠲᠠᠪᠴᠠᠩ ᠪᠠᠶᠢᠭᠤᠯᠬᠤ᠂ ᠡᠯ᠎ᠡ ᠲᠥᠷᠥᠯ ᠤᠨ ᠳᠡᠯᠭᠡᠨ ᠦᠵᠡᠭᠦᠯᠭᠦ ᠪᠠ ᠤᠷᠤᠯᠳᠤᠭᠠᠨ ᠤ ᠠᠵᠢᠯᠯᠠᠭ᠎ᠠ ᠳᠤ ᠵᠣᠬᠢᠶᠠᠨ ᠪᠠᠶᠢᠭᠤᠯᠤᠨ ᠣᠷᠤᠯᠴᠠᠬᠤ᠂ ᠳᠡᠯᠭᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠸᠡᠩᠬᠢ ᠬᠤᠰᠢᠭᠤᠨ ᠤ ᠦᠢᠯᠡᠰ ᠪᠣᠰᠬᠠᠵᠤ ᠰᠢᠨ᠎ᠡ ᠶᠢ ᠡᠭᠦᠳᠬᠦ ᠴᠢᠳᠠᠪᠤᠷᠢᠲᠠᠨ ᠳᠤ ᠬᠥᠭᠵᠢᠯᠲᠡ ᠶᠢᠨ ᠲᠠᠪᠴᠠᠩ ᠬᠠᠩᠭᠠᠪᠠ᠃   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ