ᠡᠸᠡᠩᠬᠢ ᠬᠤᠰᠢᠭᠤ ︽ᠬᠢᠴᠢᠶᠡᠯ ᠤᠨ ᠲᠠᠩᠬᠢᠮ ᠤᠨ ᠴᠠᠭ ᠢ ᠰᠢᠨ᠎ᠡ ᠪᠠᠷ ᠲᠣᠬᠢᠷᠠᠭᠤᠯᠬᠤ︾ ᠠᠷᠭ᠎ᠠ ᠭᠡᠯᠪᠡᠷᠢ ᠪᠠᠷ ᠺᠠᠳ᠋ᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠪᠤᠢ
ᠨᠡᠶᠢᠲᠡᠯᠡᠭᠰᠡᠨ ᠴᠠᠭ᠄
2023/12/12
       ᠣᠶᠢᠷ᠎ᠠ ᠶᠢᠨ ᠵᠢᠯ ᠤᠳ ᠲᠤ᠂ ᠡᠸᠡᠩᠬᠢ ᠬᠤᠰᠢᠭᠤ ᠺᠠᠳ᠋ᠷ ᠤᠨ ᠬᠥᠮᠦᠵᠢᠯ ᠪᠣᠯᠪᠠᠰᠤᠷᠠᠯ ᠳᠤ ︽ᠬᠢᠴᠢᠶᠡᠯ ᠤᠨ ᠲᠠᠩᠬᠢᠮ ᠤᠨ ᠴᠠᠭ ᠢ ᠰᠢᠨ᠎ᠡ ᠪᠠᠷ ᠲᠣᠬᠢᠷᠠᠭᠤᠯᠬᠤ︾ ᠠᠷᠭ᠎ᠠ ᠭᠡᠯᠪᠡᠷᠢ ᠶᠢ ᠣᠷᠣᠭᠤᠯᠤᠨ᠂ ᠪᠣᠯᠪᠠᠰᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠪᠠ᠃       ᠬᠡᠷᠡᠭᠴᠡᠭᠡ ᠪᠠᠷ ᠢᠶᠠᠨ ᠬᠢᠴᠢᠶᠡᠯ ᠲᠣᠬᠢᠷᠠᠭᠤᠯᠵᠤ᠂ ᠺᠠᠳ᠋ᠷ ᠤᠨ ᠪᠣᠯᠪᠠᠰᠤᠷᠠᠯ ᠤᠨ ᠳᠤᠮᠳᠠᠬᠢ ︽ᠪᠠᠭᠰᠢ ᠶᠠᠭᠤ ᠶᠠᠷᠢᠪᠠᠯ ᠰᠤᠷᠤᠬᠴᠢ ᠶᠠᠭᠤ ᠶᠢ ᠰᠣᠨᠣᠰᠤᠨ᠎ᠠ︾ ᠭᠡᠬᠦ ᠭᠠᠭᠴᠠ ᠴᠢᠭᠯᠡᠯ ᠢᠶᠠᠷ ᠰᠤᠷᠲᠠᠯᠴᠢᠯᠠᠬᠤ ᠭᠡᠯᠪᠡᠷᠢ ᠶᠢᠨ ᠵᠠᠭᠪᠤᠷ ᠢ ᠡᠪᠳᠡᠵᠦ᠂ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠺᠠᠳ᠋ᠷ ᠤᠨ ᠡᠩᠨᠡᠭᠡᠨ ᠤ ᠳᠣᠲᠣᠷᠠᠬᠢ ᠴᠢᠳᠠᠪᠤᠷᠢ ᠬᠦᠷᠦᠯᠴᠡᠬᠦ ᠦᠭᠡᠢ ᠠᠴᠠ ᠪᠣᠯᠵᠤ ᠬᠥᠭᠵᠢᠯᠲᠡ ᠶᠢᠨ ᠬᠡᠷᠡᠭᠴᠡᠭᠡ ᠲᠠᠢ ᠵᠣᠬᠢᠴᠠᠬᠤ ᠦᠭᠡᠢ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠪᠠ᠃       ᠬᠢᠴᠢᠶᠡᠯᠯᠡᠬᠦ ᠭᠡᠯᠪᠡᠷᠢ ᠪᠠᠨ ᠬᠤᠪᠢᠷᠠᠭᠤᠯᠵᠤ᠂ ᠬᠠᠨᠳᠤᠯᠭᠠᠲᠤ ᠴᠢᠨᠠᠷᠲᠠᠢ ᠬᠢᠴᠢᠶᠡᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠴᠢᠶᠡᠯᠯᠡᠬᠦ ᠪᠠᠭᠰᠢ ᠨᠠᠷ ᠰᠤᠷᠤᠯᠴᠠᠬᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠥᠪᠡᠷᠮᠢᠴᠡ ᠴᠢᠨᠠᠷᠲᠠᠢ ᠵᠢᠭᠠᠨ ᠰᠤᠷᠭᠠᠯᠲᠠ ᠶᠢᠨ ᠲᠥᠰᠥᠯ ᠢ ᠲᠥᠯᠥᠪᠯᠡᠨ᠂ ᠰᠤᠷᠤᠯᠴᠠᠬᠤ ᠴᠠᠭ ᠪᠠ ᠣᠷᠣᠨ ᠵᠠᠢ ᠶᠢᠨ ᠲᠠᠯ᠎ᠠ ᠪᠠᠷ ᠨᠡᠩ ᠢᠯᠡᠭᠦᠦ ᠪᠡᠶ᠎ᠡ ᠪᠠᠨ ᠳᠠᠭᠠᠭᠠᠭᠰᠠᠨ ᠴᠢᠨᠠᠷ ᠲᠠᠢ ᠪᠣᠯᠪᠠ᠃ᠵᠥᠪ ᠣᠨᠣᠪᠴᠢᠲᠠᠶ ᠤᠯᠤᠰ ᠲᠥᠷᠥ ᠶᠢᠨ ᠤᠳᠤᠷᠢᠳᠤᠮᠵᠢ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠪᠣᠯᠪᠠᠰᠤᠷᠠᠯ ᠭᠥᠷᠳᠡᠭᠰᠡᠨ ᠺᠠᠳ᠋ᠷᠴᠤᠳ ᠤᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ ᠳᠡᠷᠭᠡᠳᠡᠬᠢ ᠨᠡᠶᠢᠲᠡᠯᠢᠭ ᠴᠢᠨᠠᠷᠲᠠᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠬᠠᠯᠠᠭᠤᠨ ᠴᠡᠭ ᠪᠠ ᠬᠦᠴᠢᠷ ᠠᠰᠠᠭᠤᠳᠠᠯ ᠢ ᠲᠤᠰᠬᠠᠭᠰᠠᠨ ᠪᠣᠳᠠᠲᠤ ᠬᠡᠷᠡᠭ ᠤᠨ ᠵᠢᠱᠢᠶ᠎ᠡ ᠶᠢ ᠬᠢᠴᠢᠶᠡᠯ ᠤᠨ ᠲᠠᠩᠬᠢᠮ ᠳᠤ ᠵᠠᠳᠠᠯᠤᠨ ᠰᠢᠨᠵᠢᠯᠡᠵᠦ᠂ ᠶᠠᠷᠢᠯᠴᠠᠵᠤ᠂ ᠪᠣᠯᠪᠠᠰᠤᠷᠠᠯ ᠭᠦᠷᠳᠡᠭᠦ ᠺᠠᠳ᠋ᠷᠴᠤᠳ ᠤᠨ ᠠᠵᠢᠯ ᠤᠨ ᠪᠠᠶᠢᠷᠢ ᠳᠠᠭᠠᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠳᠠᠭᠠᠨ ᠴᠢᠳᠠᠮᠠᠭᠠᠢ ᠪᠣᠳᠠᠲᠤ ᠴᠢᠳᠠᠪᠤᠷᠢ ᠶᠢ ᠬᠥᠮᠥᠵᠢᠭᠦᠯᠪᠡ᠃       ᠳᠦᠷᠢᠮ ᠤᠨ ᠬᠢᠵᠠᠭᠠᠷᠯᠠᠯ ᠤᠨ ᠰᠢᠨ᠎ᠡ ᠶᠢ ᠡᠭᠦᠳᠴᠦ᠂ ︽ᠬᠤᠣᠰ ᠰᠢᠯᠭᠠᠯᠲᠠ︾ ᠶᠢᠨ ᠰᠤᠷᠤᠯᠴᠠᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠭᠤᠣᠯ ᠴᠣᠭᠴᠠ ᠶᠢᠨ ᠠᠩᠭᠢ ᠳᠤ ᠴᠢᠭᠯᠡᠭᠦᠯᠦᠨ ᠪᠣᠯᠪᠠᠰᠤᠷᠠᠯ ᠠᠴᠠ ᠡᠮᠦᠨᠡᠬᠢ ᠪᠠᠶᠢᠳᠠᠯ ᠢ ᠣᠶᠢᠯᠠᠭᠠᠬᠤ ᠰᠢᠯᠭᠠᠯᠲᠠ᠂ ᠪᠣᠯᠪᠠᠰᠤᠷᠠᠯ ᠤᠨ ᠳᠠᠷᠠᠭᠠᠬᠢ ᠰᠤᠷᠤᠯᠭ᠎ᠠ ᠲᠡᠭᠦᠰᠬᠦ ᠰᠢᠯᠭᠠᠯᠲᠠ ᠪᠤᠶᠤ ᠣᠯᠣᠯᠲᠠ ᠲᠥᠷᠥᠭᠳᠡᠯ ᠤᠨ ᠦᠨᠡᠯᠡᠯᠲᠡ ᠬᠢᠵᠦ᠂ ᠨᠡᠶᠢᠲᠡ 2100 ᠭᠠᠷᠤᠢ ᠺᠠᠳ᠋ᠷ ᠲᠤ ︽ᠬᠤᠣᠰ ᠰᠢᠯᠭᠠᠯᠲᠠ︾ ᠬᠢᠵᠦ᠂ ᠪᠣᠯᠪᠠᠰᠤᠷᠠᠯ ᠳᠤ ᠣᠷᠣᠯᠴᠠᠭᠰᠠᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠲᠣᠰ ᠬᠤᠭᠤᠴᠠᠭᠠᠨ ᠤ ᠰᠤᠷᠤᠯᠴᠠᠯᠭ᠎ᠠ ᠪᠣᠯᠪᠠᠰᠤᠷᠠᠯ ᠤᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠰᠢᠯᠭᠠᠨ ᠪᠠᠶᠢᠴᠠᠭᠠᠪᠠ᠃ ᠡᠭᠦᠨ ᠤ ᠬᠠᠮᠲᠤ᠂ ᠶᠠᠮᠠᠷ ᠨᠢᠭᠡᠨ ᠰᠢᠯᠲᠠᠭᠠᠨ ᠠᠴᠠ ᠪᠣᠯᠵᠤ ᠪᠣᠯᠪᠠᠰᠤᠷᠠᠯ ᠳᠤ ᠣᠷᠣᠯᠴᠠᠬᠰᠠᠨ ᠦᠭᠡᠢ ᠪᠤᠶᠤ ᠪᠦᠭᠦ ᠶᠠᠪᠤᠴᠠ ᠶᠢᠨ ᠪᠣᠯᠪᠠᠰᠤᠷᠠᠯ ᠳᠤ ᠣᠷᠣᠯᠴᠠᠬᠰᠠᠨ ᠦᠭᠡᠢ᠂ ᠬᠢᠷᠢ ᠲᠡᠩᠴᠡᠭᠰᠡᠨ ᠦᠭᠡᠢ ᠺᠠᠳ᠋ᠷᠴᠤᠳ ᠲᠤ ᠬᠢᠴᠢᠶᠡᠯ ᠨᠥᠬᠦᠬᠦ᠂ ᠨᠥᠬᠦᠵᠦ ᠰᠢᠯᠭᠠᠬᠤ ᠪᠠᠷ ᠳᠠᠮᠵᠢᠨ ᠰᠤᠷᠤᠯᠴᠠᠯᠭ᠎ᠠ ᠶᠢᠨ ᠳᠠᠷᠤᠯᠲᠠ ᠶᠢ ᠪᠣᠯᠪᠠᠰᠤᠷᠠᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠨᠠᠳᠠ ᠪᠠᠷ ᠰᠤᠷᠤᠯᠴᠠᠭᠤᠯᠬᠤ︾ ᠶᠢ ︽ᠪᠢ ᠰᠤᠷᠤᠯᠴᠠᠬᠤ︾ ᠪᠣᠯᠭᠠᠨ ᠬᠤᠪᠢᠷᠠᠭᠤᠯᠵᠤ᠂ ᠺᠠᠳ᠋ᠷᠴᠤᠳ ᠤᠨ ᠰᠤᠷᠤᠯᠴᠠᠬᠤ ᠣᠪᠣᠷ ᠢᠶᠠᠨ ᠲᠥᠪ ᠪᠤᠯᠭᠠᠬᠤ ᠶᠢ ᠭᠡᠳᠡᠷᠭᠦ ᠰᠢᠬᠠᠮᠳᠠᠭᠤᠯᠵᠤ᠂ ᠪᠣᠯᠪᠠᠰᠤᠷᠠᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ