ᠰᠢᠨ᠎ᠡ ᠪᠠᠷᠭᠤ ᠪᠠᠷᠠᠭᠤᠨ ᠬᠤᠰᠢᠭᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠵᠤ ᠢᠯᠡᠳᠲᠡ ᠦᠷ᠎ᠡ ᠠᠰᠢᠭ ᠣᠯᠪᠠ
ᠨᠡᠶᠢᠲᠡᠯᠡᠭᠰᠡᠨ ᠴᠠᠭ᠄
2023/12/12
       ᠰᠢᠨ᠎ᠡ ᠪᠠᠷᠭᠤ ᠪᠠᠷᠠᠭᠤᠨ ᠬᠤᠰᠢᠭᠤ ᠣᠶᠢᠷ᠎ᠠ ᠶᠢᠨ ᠵᠢᠯ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠳᠠᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠵᠦᠢᠯ ᠪᠤᠯᠭᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠤᠯᠠᠨ ᠪᠣᠳᠠᠲᠠᠢ ᠠᠵᠢᠯ ᠬᠢᠵᠦ ᠪᠠᠶᠢᠨ᠎ᠠ᠃       ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠠᠯᠤᠰ ᠡᠵᠡᠮᠰᠢᠯᠲᠦ ᠰᠤᠷᠭᠠᠨ  ᠬᠥᠮᠦᠵᠢᠯ ᠤᠨ  ᠥᠷᠲᠡᠭᠡ᠂ ᠵᠢᠷᠭᠢᠶ᠎ᠡ ᠶᠢᠨ ᠲᠠᠪᠴᠠᠩ᠂ ᠷᠠᠳᠢᠣ᠋ ᠲᠧᠯᠸᠢᠰ ᠤᠨ ᠲᠤᠰᠬᠠᠢ ᠪᠤᠯᠤᠩ ᠵᠡᠷᠭᠡ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠲᠠᠪᠴᠠᠩ ᠢ ᠭᠦᠢᠴᠡᠳ ᠠᠰᠢᠭᠯᠠᠨ᠂ ᠣᠯᠠᠨ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠵᠢᠲᠡᠭᠡᠭᠰᠢᠯᠡᠭᠦᠯᠭᠦ ᠶᠢᠨ ᠬᠠᠮᠲᠤ᠂ ᠡᠯ᠎ᠡ ᠲᠥᠷᠥᠯ ᠤᠨ ᠴᠢᠳᠠᠪᠤᠷᠢᠲᠠᠨ ᠢ ᠰᠣᠩᠭᠤᠨ ᠤᠷᠢᠵᠤ ︽ᠨᠡᠭᠦᠳᠡᠯ ᠯᠧᠺᠲ᠋ᠣᠷ ᠤᠨ ᠪᠦᠯᠭᠦᠮ︾ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠲᠣᠭᠤᠷᠢᠨ ᠤᠬᠠᠭᠤᠯᠤᠨ ᠲᠠᠶᠢᠯᠪᠤᠷᠢᠯᠠᠬᠤ᠂ ᠨᠠᠮ ᠤᠨ ᠬᠢᠴᠢᠶᠡᠯ ᠣᠷᠣᠬᠤ᠂ ᠪᠣᠯᠪᠠᠰᠤᠷᠠᠯ ᠬᠢᠬᠦ ᠵᠡᠷᠭᠡ ᠭᠡᠯᠪᠡᠷᠢ ᠪᠠᠷ ᠨᠠᠮ ᠤᠨ ᠣᠨᠣᠯ ᠲᠥᠷᠥ ᠶᠢᠨ ᠪᠣᠳᠣᠯᠭ᠎ᠠ ᠪᠣᠯᠣᠨ ᠲᠡᠷᠢᠭᠦᠨ ᠤ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠪᠠ᠃  ᠠᠯᠢᠪᠠ ᠠᠵᠢᠯ ᠢ ᠨᠠᠮ ᠤᠨ ᠡᠭᠦᠷ ᠲᠤ ᠬᠦᠷᠭᠡᠬᠦ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ︽ᠴᠢᠳᠠᠪᠤᠷᠢ ᠪᠠᠨ ᠠᠳᠠᠯᠢᠳᠬᠠᠵᠤ ᠣᠳᠣᠨ ᠲᠡᠰ ᠢ ᠲᠡᠮᠡᠴᠡᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠮᠠᠯᠵᠢᠬᠤ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥᠯ ᠲᠡᠮᠳᠡᠭ ᠢ ᠡᠭᠦᠳᠬᠦ ᠶᠢ ᠭᠦᠨᠵᠡᠭᠡᠢ ᠠᠬᠢᠭᠤᠯᠵᠤ᠂ 5 ᠵᠢᠯ ᠳᠠᠷᠠᠭᠠᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠢ ᠡᠷᠭᠢᠯᠡᠨ ᠶᠠᠪᠤᠭᠳᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ  ᠠᠬᠢᠭᠤᠯᠵᠠᠢ᠃       ᠴᠢᠳᠠᠪᠤᠷᠢᠲᠠᠨ ᠢ  ᠤᠷᠢᠳ ᠢᠶᠠᠷ  ᠬᠥᠭᠵᠢᠭᠦᠯᠬᠦ  ᠪᠠᠶᠢᠯᠳᠤᠬᠤ  ᠪᠣᠳᠣᠯᠭ᠎ᠠ ᠶᠢ ᠭᠦᠨᠵᠡᠭᠡᠢ ᠠᠬᠢᠭᠤᠯᠤᠨ᠂ 26 ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ 67 ᠣᠶᠤᠲᠠᠨ ᠴᠢᠳᠠᠪᠤᠷᠢᠲᠠᠨ ᠢ ᠤᠷᠢᠵᠤ᠂ 51 ᠭᠠᠴᠠᠭ᠎ᠠ ᠲᠣᠰᠬᠤᠨ ᠤ ᠨᠠᠮ ᠤᠨ ᠪᠠᠶᠢᠭᠤᠯᠤᠯᠲᠠ ᠶᠢᠨ ᠲᠤᠰᠠᠯᠠᠭᠴᠢ᠂  ᠭᠠᠴᠠᠭ᠎ᠠ ᠲᠣᠰᠬᠤᠨ ᠳᠤ ᠰᠠᠭᠤᠭ᠎ᠠ 91 ᠺᠠᠳ᠋ᠷ ᠢ ᠰᠣᠩᠭᠤᠨ ᠲᠣᠮᠢᠯᠠᠵᠤ᠂ ᠦᠨᠳᠦᠰᠦᠨ ᠱᠠᠲᠤᠨ ᠤ ᠴᠢᠳᠠᠪᠤᠷᠢᠲᠠᠨ ᠤ ᠪᠡᠯᠡᠳᠬᠡᠯ ᠬᠦᠴᠦᠨ ᠢ ᠪᠠᠲᠤᠯᠠᠬᠤ ᠶᠢᠨ ᠬᠠᠮᠲᠤ᠂ ᠲᠤᠰᠬᠠᠢ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ᠂ 15 ᠲᠤᠰᠬᠠᠢ ᠮᠡᠷᠭᠡᠵᠢᠯᠲᠡᠨ ᠲᠣᠮᠢᠯᠠᠨ᠂ 30 ᠬᠤᠭᠤᠴᠠᠭᠠᠨ ᠤ ᠪᠣᠯᠪᠠᠰᠤᠷᠠᠯ ᠢ ᠡᠷᠭᠢᠯᠡᠵᠤ᠂ ᠮᠠᠯᠴᠢᠳ ᠤᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ   ᠮᠡᠷᠭᠡᠵᠢᠯ ᠤᠨ ᠬᠦᠴᠢᠷ  ᠠᠰᠠᠭᠤᠳᠠᠯ ᠢ  ᠰᠢᠢᠳᠪᠦᠷᠢᠯᠡᠪᠡ᠃      ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠲᠠᠯ᠎ᠠ ᠪᠠᠷ ᠪᠠᠰᠠ᠂ ︽ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ︾ ᠢ ᠵᠣᠬᠢᠴᠠᠭᠤᠯᠤᠨ ᠬᠥᠭᠵᠢᠭᠦᠯᠬᠦ ᠵᠠᠮ ᠢ ᠰᠦᠪᠡᠭᠴᠢᠯᠡᠨ᠂︽ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ + ᠲᠤᠰᠬᠠᠢ ᠠᠵᠢᠯ ᠤᠨ ᠬᠤᠷᠰᠢᠶ᠎ᠠ︾ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠡᠭᠦᠳᠴᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠᠷ ᠡᠳ᠋ ᠤᠨ ᠬᠦᠴᠦᠨ ᠢᠶᠠᠷ ᠪᠠᠭᠤᠷᠠᠢ ᠭᠠᠴᠠᠭ᠎ᠠ ᠲᠣᠰᠬᠤᠨ ᠢ ᠪᠦᠬᠦᠯᠢ ᠴᠣᠭᠴᠠ ᠪᠠᠷ  ᠲᠡᠭᠡᠭᠰᠢᠯᠡᠭᠦᠯᠭᠦ ᠠᠵᠢᠯ ᠢ ᠥᠷᠨᠢᠭᠦᠯᠵᠦ᠂ ᠨᠡᠶᠢᠲᠡ 1.5 ᠳ᠋ᠥᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ  ᠮᠥᠩᠭᠦ  ᠶᠢ  ᠲᠣᠬᠢᠷᠠᠭᠤᠯᠵᠤ ᠂ ᠮᠠᠯᠵᠢᠬᠤ ᠣᠷᠣᠨ ᠤ ᠭᠠᠴᠠᠭ᠎ᠠ ᠲᠣᠰᠬᠤᠨ ᠤ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠵᠡᠢ᠃ 2022 ᠣᠨ ᠳᠤ ᠪᠦᠭᠦ ᠬᠤᠰᠢᠭᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ  ᠣᠷᠣᠯᠭ᠎ᠠ 3564 ᠲᠦᠮᠡᠨ ᠲᠥᠭᠦᠷᠢᠭ ᠲᠤ ᠬᠦᠷᠴᠦ᠂ ᠵᠢᠯ ᠤᠨ ᠳᠤᠮᠳᠠᠴᠢ ᠣᠷᠣᠯᠭ᠎ᠠ 69.8 ᠲᠦᠮᠡᠨ ᠲᠥᠭᠦᠷᠢᠭ ᠲᠤ ᠬᠦᠷᠴᠦ᠂ 51 ᠭᠠᠴᠠᠭ᠎ᠠ ᠲᠣᠰᠬᠤᠨ ᠪᠦᠭᠦᠨ ᠢᠶᠠᠷ ᠢᠶᠠᠨ 10  ᠲᠦᠮᠡᠨ  ᠲᠥᠭᠦᠷᠢᠭ ᠠᠴᠠ ᠳᠡᠭᠡᠭᠰᠢ ᠡᠭᠦᠷᠭᠡ ᠶᠢᠨ ᠬᠠᠷᠠᠯᠲᠠ ᠶᠢ ᠪᠡᠶᠡᠯᠡᠭᠦᠯᠪᠡ᠃ ᠬᠡᠷᠦᠯᠦᠨ ᠰᠤᠮᠤᠨ ᠤ ᠮᠠᠩᠯᠠᠢ ᠭᠠᠴᠠᠭ᠎ᠠ ︽ᠪᠦᠭᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠭᠦ ᠲᠣᠰᠬᠤᠨ︾᠂︽ᠪᠦᠭᠦ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠲᠡᠷᠢᠭᠦᠨ ᠤ ᠬᠠᠮᠲᠤ︾ ᠵᠡᠷᠭᠡ ᠢᠷᠠᠭᠤ ᠠᠯᠳᠠᠷ ᠢ ᠭᠦᠷᠲᠡᠨ᠂  ᠠᠯᠳ᠋ᠬᠠᠮᠡᠭᠡᠯ ᠪᠠᠯᠭᠠᠰᠤᠨ ᠤ  ︽︿ᠳᠣᠯᠣᠭᠠᠨ ᠲᠣᠰᠬᠤᠨ ᠤ ᠨᠢᠭᠡ ᠴᠣᠭᠴᠠᠵᠢᠯᠲᠠ﹀ ᠶᠢ ᠰᠦᠪᠡᠭᠴᠢᠯᠡᠨ ᠬᠡᠷᠡᠭᠵᠢᠭᠦᠯᠵᠦ᠂ ᠬᠥᠭᠵᠢᠯᠲᠡ ᠶᠢ ᠠᠬᠢᠭᠤᠯᠤᠨ ᠨᠠᠮ ᠤᠨ ᠪᠠᠶᠢᠭᠤᠯᠤᠯᠲᠠ ᠪᠠᠷ ᠪᠠᠶᠠᠵᠢᠯ ᠤᠨ ᠵᠠᠮ ᠢ ᠳᠠᠶᠢᠴᠢᠯᠠᠭᠰᠠᠨ︾ ᠵᠢᠱᠢᠶ᠎ᠡ ᠨᠢ ᠪᠦᠭᠦ ᠤᠯᠤᠰ ᠤᠨ ︽2021 ᠣᠨ ᠤ ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠤᠭᠰᠠᠨ ᠵᠢᠱᠢᠶᠡᠴᠢ︾  ᠶᠢᠨ ᠢᠷᠠᠭᠤ ᠠᠯᠳᠠᠷ ᠢ ᠬᠦᠷᠲᠡᠵᠡᠢ᠃      
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ