ᠮᠠᠩᠯᠠᠢ ᠭᠠᠴᠠᠭ᠎ᠠ ᠶᠢᠨ ᠨᠠᠮ ᠤᠨ ᠡᠭᠦᠷ ᠬᠤᠷᠰᠢᠶ᠎ᠠ ᠶᠢ ᠲᠠᠶᠢᠴᠢᠯᠠᠨ ᠠᠮᠢ ᠠᠬᠤᠢ ᠦᠢᠯᠡᠳᠪᠦᠷᠢᠯᠡᠯ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/12/12
       ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠩᠯᠠᠢ ᠭᠠᠴᠠᠭᠠᠨ ᠤ ᠨᠠᠮ ᠤᠨ ᠡᠭᠦᠷ ᠣᠶᠢᠷ᠎ᠠ ᠶᠢᠨ ᠵᠢᠯ ᠳᠤ ᠮᠠᠯᠵᠢᠬᠤ ᠣᠷᠣᠨ ᠤ ᠮᠠᠯ ᠪᠡᠯᠴᠢᠭᠡᠷ ᠲᠡᠩᠴᠡᠭᠦᠷᠢ  ᠪᠠᠨ ᠠᠯᠳᠠᠭᠰᠠᠨ᠂ ᠠᠮᠢ ᠠᠬᠤᠢ ᠬᠡᠰᠡᠭ ᠬᠡᠮᠵᠢᠶ᠎ᠡ ᠪᠠᠷ ᠮᠠᠭᠤᠳᠠᠭᠰᠠᠨ᠂ ᠮᠠᠯᠴᠢᠳ ᠤᠨ ᠤᠷᠤᠯᠭ᠎ᠠ ᠵᠠᠷᠤᠯᠭ᠎ᠠ ᠪᠠᠨ ᠵᠣᠬᠢᠴᠠᠭᠤᠯᠬᠤ ᠴᠢᠳᠠᠪᠤᠷᠢ ᠪᠠᠷ ᠪᠠᠭᠤᠷᠠᠢ ᠪᠠᠶᠢᠬᠤ᠂ ᠦᠢᠯᠡᠳᠪᠦᠷᠢᠯᠡᠯ ᠤᠨ ᠮᠡᠷᠭᠡᠵᠢᠯ ᠲᠠᠩ ᠴᠤᠯᠭᠤᠢ ᠪᠠᠶᠢᠬᠤ ᠪᠠᠶᠢᠳᠠᠯ ᠢ ᠥᠭᠡᠷᠡᠴᠢᠯᠡᠬᠦ ᠶᠢᠨ ᠲᠥᠯᠥᠭᠡ᠂ ︽ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ︾ ᠢ ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠪᠤᠢ ᠪᠤᠯᠭᠠᠵᠤ᠂ ᠨᠠᠮ ᠤᠨ ᠡᠭᠦᠷ ᠬᠤᠷᠰᠢᠶ᠎ᠠ ᠶᠢ ᠳᠠᠶᠢᠴᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠡᠭᠦᠷ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠣᠨ ᠬᠤᠷᠰᠢᠶ᠎ᠠ ᠶᠢᠨ ᠠᠵᠤ ᠠᠬᠤᠢ ᠶᠢᠨ ᠳᠠᠪᠠᠭᠤᠯᠢᠭ᠂ ᠮᠠᠯᠴᠢᠳ ᠤᠨ ᠢᠳᠡᠪᠬᠢᠵᠢᠯ ᠢ ᠭᠦᠨᠵᠡᠭᠡᠢ ᠤᠶᠠᠯᠳᠤᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠪᠠ᠃       ︽ᠨᠠᠮ ᠤᠨ ᠡᠭᠦᠷ +  ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ + ᠬᠤᠷᠰᠢᠶ᠎ᠠ︾ ᠶᠢᠨ ᠵᠠᠭᠪᠤᠷ ᠢᠶᠠᠷ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂ ᠨᠠᠮ ᠤᠨ ᠡᠭᠦᠷ ᠬᠥᠲᠥᠯᠥᠨ ᠳᠠᠭᠠᠭᠤᠯᠬᠤ᠂ ᠨᠠᠮ ᠤᠨ ᠭᠡᠰᠢᠭᠦᠨ ᠬᠤᠰᠢᠭᠤᠴᠢᠯᠠᠬᠤ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠣᠷᠤᠯᠴᠠᠬᠤ ᠵᠠᠷᠴᠢᠮ ᠢᠶᠠᠷ ᠮᠠᠯ ᠪᠡᠯᠴᠢᠭᠡᠷ ᠤᠨ ᠲᠡᠩᠴᠡᠭᠦᠷᠢ ᠶᠢᠨ ᠪᠠᠷᠢᠮᠵᠢᠶ᠎ᠠ ᠶᠢ ᠦᠨᠳᠦᠰᠦᠯᠡᠵᠦ᠂ ᠮᠠᠯᠴᠢᠳ ᠤᠨ ᠳᠠᠭᠠᠭᠠᠴᠢᠯᠠᠨ ᠡᠵᠡᠩᠨᠡᠭᠰᠡᠨ ᠨᠤᠲᠤᠭ ᠪᠡᠯᠴᠢᠭᠡᠷ ᠵᠢᠴᠢ ᠮᠠᠯ ᠢᠶᠠᠷ ᠢᠶᠠᠨ ᠬᠤᠷᠰᠢᠶ᠎ᠠ ᠳᠤ ᠬᠤᠪᠢ ᠣᠷᠣᠵᠤ᠂ ᠬᠤᠷᠰᠢᠶ᠎ᠠ ᠶᠢᠨ  ᠬᠤᠪᠢ ᠣᠷᠣᠭᠤᠯᠤᠭᠴᠢ ᠪᠥᠭᠡᠳ ᠭᠡᠰᠢᠭᠦᠨ ᠪᠣᠯᠤᠭᠰᠠᠨ ᠪᠠᠶᠢᠨ᠎ᠠ᠃ ᠣᠳᠣᠬᠠᠨ ᠳᠤ ᠮᠠᠩᠯᠠᠢ ᠭᠠᠴᠠᠭ᠎ᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠪᠠᠷ ᠢᠶᠠᠨ ᠲᠤᠰᠬᠠᠢ ᠬᠤᠷᠰᠢᠶ᠎ᠠ ᠳᠤ ᠣᠷᠣᠭᠰᠠᠨ ᠨᠣᠷᠮ᠎ᠠ 100% ᠳᠤ ᠬᠦᠷᠴᠦ᠂ ᠮᠠᠯᠴᠢᠳ ᠤᠨ ᠬᠤᠷᠰᠢᠶ᠎ᠠ ᠳᠤ ᠣᠷᠣᠭᠰᠠᠨ ᠨᠣᠷᠮ᠎ᠠ 54.6% ᠳᠤ ᠬᠦᠷᠴᠡᠢ᠃       ᠮᠠᠩᠯᠠᠢ ᠭᠠᠴᠠᠭ᠎ᠠ 16.25 ᠲᠦᠮᠡᠨ ᠮᠦ ᠨᠤᠲᠤᠭ ᠪᠡᠯᠴᠢᠭᠡᠷ ᠢ ᠨᠢᠭᠡᠳᠬᠡᠭᠰᠡᠨ ᠪᠥᠭᠡᠳ ᠬᠠᠪᠤᠷᠵᠢᠶ᠎ᠠ᠂ ᠵᠤᠰᠠᠯᠠᠩ᠂ ᠨᠠᠮᠤᠷᠵᠢᠶ᠎ᠠ᠂ ᠡᠪᠦᠯᠵᠢᠶ᠎ᠡ ᠪᠠ ᠬᠠᠳᠤᠯᠠᠩ ᠭᠡᠬᠦ ᠲᠠᠪᠤᠨ ᠦᠢᠯᠡᠳᠪᠦᠷᠢᠯᠡᠯ ᠤᠨ ᠲᠣᠭᠤᠷᠢᠭ ᠬᠤᠪᠢᠶᠠᠨ᠂ ᠳᠥᠷᠪᠡᠨ ᠤᠯᠠᠷᠢᠯ ᠢᠶᠠᠷ ᠡᠭᠡᠯᠵᠢᠯᠡᠨ ᠮᠠᠯᠵᠢᠬᠤ ᠶᠢ ᠰᠡᠷᠭᠦᠭᠡᠪᠡ᠃ ᠣᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠵᠢᠴᠢ ᠰᠡᠯᠭᠦᠨ ᠮᠠᠯᠵᠢᠬᠤ ᠶᠢ ᠬᠡᠷᠡᠭᠵᠢᠭᠦᠯᠦᠭᠡᠳᠦᠢ ᠵᠡᠷᠭᠡᠯᠡᠳᠡᠭᠡ ᠭᠠᠴᠠᠭ᠎ᠠ ᠲᠠᠢ ᠬᠠᠷᠢᠴᠠᠭᠤᠯᠤᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠨᠤᠲᠤᠭ ᠪᠡᠯᠴᠢᠭᠡᠷ ᠢ ᠨᠢᠭᠡᠳᠬᠡᠭᠰᠡᠨ ᠪ᠊ ᠲᠠᠷᠠᠭ᠎ᠠ ᠤᠷᠭᠤᠮᠠᠯ ᠤᠨ ᠪᠦᠷᠬᠦᠴᠡ ᠢᠯᠡᠳᠲᠡ ᠳᠡᠭᠡᠭᠰᠢᠯᠡᠭᠰᠡᠨ ᠪᠠᠶᠢᠨ᠎ᠠ᠃ ᠪᠠᠷᠭᠤ ᠡᠭᠦᠯᠳᠡᠷ ᠤᠨ ᠬᠤᠨᠢ ᠶᠢ ᠲᠡᠵᠢᠭᠡᠨ ᠦᠷᠡᠵᠢᠭᠦᠯᠬᠦ᠂ ᠠᠯᠤᠰ ᠡᠵᠡᠮᠰᠢᠯᠲᠦ ᠮᠠᠯᠵᠢᠯ᠂ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠢ ᠮᠥᠷᠳᠡᠨ ᠪᠠᠶᠢᠴᠠᠭᠠᠬᠤ ᠵᠡᠷᠭᠡ ᠮᠠᠯ ᠠᠵᠤ ᠠᠬᠤᠢ ᠶᠢᠨ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠮᠢᠬᠠᠨ ᠤ ᠲᠥᠷᠥᠯ ᠤᠨ ᠠᠵᠤ ᠠᠬᠤᠶᠢᠯᠠᠯ ᠲᠠᠢ ᠭᠡᠷ᠎ᠡ ᠲᠣᠭᠲᠠᠵᠤ ᠨᠢᠭᠡᠳᠦᠯᠲᠡᠢ ᠪᠣᠷᠣᠯᠠᠭᠤᠯᠵᠤ᠂ ᠬᠤᠳᠠᠯᠳᠤᠨ ᠠᠪᠬᠤ ᠦᠨ᠎ᠡ ᠨᠢ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ 2 ᠲᠥᠭᠦᠷᠢᠭ ᠥᠨᠳᠥᠷ ᠪᠣᠯᠵᠠᠢ᠃ ᠡᠭᠦᠨ ᠠᠴᠠ ᠭᠠᠳᠠᠨ᠎ᠠ᠂ ᠵᠢᠭᠤᠯᠴᠢᠯᠠᠯ ᠤᠨ ᠭᠠᠵᠠᠷ᠂ ᠮᠠᠯᠴᠢᠨ ᠠᠶᠢᠯ ᠤᠨ ᠵᠢᠭᠤᠯᠴᠢᠯᠠᠯ᠂ ᠴᠠᠭᠠᠨ ᠢᠳᠡᠭᠡᠨ ᠤ ᠦᠢᠯᠡᠳᠪᠦᠷᠢᠯᠡᠯ᠂ ᠡᠪᠡᠰᠦ ᠬᠠᠳᠤᠬᠤ ᠠᠩᠭᠢ᠂ ᠮᠠᠯ ᠤᠨ ᠠᠷᠠᠯᠵᠢᠶᠠᠨ ᠤ ᠵᠠᠬ᠎ᠠ ᠵᠡᠷᠭᠡ ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠣᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠪᠡ᠃ 2020 - 2022 ᠣᠨ ᠪᠤᠯᠲᠠᠯ᠎ᠠ ᠭᠤᠷᠪᠠᠨ ᠵᠢᠯ ᠳᠠᠷᠠᠭᠠᠯᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 80 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠭᠠᠴᠠᠭᠠᠨ ᠤ ᠨᠠᠮ ᠤᠨ ᠡᠭᠦᠷ ᠭᠠᠴᠠᠭᠠᠨ ᠤ ᠪᠠᠨ ᠬᠠᠮᠲᠤ ᠶᠢᠨ ᠬᠤᠷᠠᠮᠳᠤᠭᠤᠯᠭ᠎ᠠ ᠶᠢ ᠠᠰᠢᠭᠯᠠᠨ᠂ ᠭᠠᠴᠠᠭᠠᠨ ᠤ ᠮᠠᠯᠴᠢᠳ ᠤᠨ ᠢᠶᠠᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠢ ᠨᠢ ᠲᠤᠰᠢᠶᠠᠨ ᠥᠭᠴᠦ᠂ ᠶᠡᠭᠡ ᠰᠤᠷᠭᠠᠭᠤᠯᠢ ᠳᠤ ᠰᠢᠯᠭᠠᠵᠤ ᠣᠷᠣᠭᠰᠠᠨ ᠰᠤᠷᠤᠬᠴᠢ ᠶᠢ ᠵᠢᠯ ᠪᠦᠷᠢ 1000 ᠲᠥᠭᠦᠷᠢᠭ ᠢᠶᠠᠷ ᠲᠤᠰᠠᠯᠠᠵᠤ ᠪᠤᠢ᠃       ᠨᠠᠮ ᠤᠨ ᠡᠭᠦᠷ ᠬᠤᠷᠰᠢᠶ᠎ᠠ ᠶᠢ ᠳᠠᠶᠢᠴᠢᠯᠠᠭᠰᠠᠨ ᠠᠴᠠ ᠦᠢᠯᠡᠳᠪᠦᠷᠢᠯᠡᠯ ᠤᠨ ᠬᠦᠴᠦᠨ ᠢ ᠨᠢᠭᠡᠳᠬᠡᠵᠦ᠂ ᠭᠦᠳᠡᠯᠮᠦᠷᠢ ᠬᠦᠴᠦᠨ ᠢ ᠴᠢᠯᠦᠭᠡᠯᠡᠨ᠂ ᠨᠤᠲᠤᠭ ᠪᠡᠯᠴᠢᠭᠡᠷ ᠴᠥᠭᠡᠨ᠂ ᠮᠠᠯᠵᠢᠬᠤ ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠᠭᠤᠷᠠᠢ ᠵᠡᠷᠭᠡ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠤᠷᠰᠢᠶ᠎ᠠ ᠶᠢᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠭᠠᠴᠠᠭᠠᠨ ᠤ 20 ᠡᠷᠦᠭᠡ ᠮᠠᠯᠴᠢᠨ ᠬᠤᠷᠰᠢᠶ᠎ᠠ ᠶᠢᠨ ᠬᠠᠮᠢᠶᠠᠷᠤᠯᠲᠠ ᠪᠠ ᠦᠢᠯᠡᠳᠪᠦᠷᠢᠯᠡᠯ ᠢ ᠡᠷᠭᠢᠯᠡᠵᠦ᠂ ᠠᠵᠢᠯ ᠮᠡᠷᠭᠡᠵᠢᠯ ᠤᠨ ᠮᠠᠯᠴᠢᠨ ᠪᠣᠯᠵᠤ᠂ 45 ᠡᠷᠦᠭᠡ ᠮᠠᠯᠴᠢᠨ ᠬᠤᠲᠠ ᠣᠷᠣᠵᠤ ᠦᠢᠯᠡᠰ ᠪᠣᠰᠬᠠᠨ ᠬᠡᠳᠦᠨ ᠲᠠᠯ᠎ᠠ ᠪᠠᠷ ᠣᠷᠣᠯᠭ᠎ᠠ ᠪᠠᠨ ᠨᠡᠮᠡᠭᠳᠡᠭᠦᠯᠵᠦ᠂ ᠬᠤᠷᠰᠢᠶ᠎ᠠ ᠶᠢᠨ ᠭᠡᠰᠢᠭᠦᠳ ᠤᠨ ᠬᠠᠮᠤᠭ ᠤᠨ ᠥᠨᠳᠥᠷ ᠠᠰᠢᠭ ᠣᠷᠣᠯᠭ᠎ᠠ ᠨᠢ 49 ᠲᠦᠮᠡᠨ ᠲᠥᠭᠦᠷᠢᠭ ᠲᠤ ᠭᠦᠷᠣᠭ᠍ᠰᠡᠨ ᠪᠠᠶᠢᠨ᠎ᠠ᠃       ᠮᠠᠩᠯᠠᠢ ᠭᠠᠴᠠᠭᠠᠨ ᠤ ᠨᠠᠮ ᠤᠨ ᠡᠭᠦᠷ ᠳᠣᠯᠣᠭᠠᠨ ᠵᠢᠯ ᠳᠠᠷᠠᠭᠠᠯᠠᠨ ᠬᠤᠰᠢᠭᠤᠨ ᠤ ᠲᠡᠰ ᠤᠨ ᠨᠢᠭᠡᠳᠦᠭᠡᠷ ᠲᠥᠷᠥᠯ ᠤᠨ ᠨᠠᠮ ᠤᠨ ᠡᠭᠦᠷ ᠢᠶᠠᠷ ᠦᠨᠡᠯᠡᠭᠳᠡᠵᠦ᠂ 2021 ᠣᠨ ᠳᠤ ᠮᠠᠩᠯᠠᠢ ᠭᠠᠴᠠᠭ᠎ᠠ ᠪᠦᠭᠦ ᠤᠯᠤᠰ ᠤᠨ ᠬᠥᠳᠡᠭᠡ ᠲᠣᠰᠬᠤᠨ ᠤ ᠵᠢᠱᠢᠶᠡᠴᠢ ᠭᠠᠴᠠᠭ᠎ᠠ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ