ᠡᠪᠦᠳᠦᠭ ᠪᠣᠭᠤᠮᠲᠠ ᠬᠠᠮᠲᠤᠷᠠᠭᠰᠠᠨ ᠨᠠᠮ ᠤᠨ ᠡᠭᠦᠷ ᠪᠠᠶᠢᠭᠤᠯᠵᠤ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/12/12
       ᠣᠶᠢᠷ᠎ᠠ ᠶᠢᠨ ᠵᠢᠯ ᠠᠴᠠ ᠨᠠᠭᠠᠰᠢ ᠥᠪᠥᠷ ᠮᠣᠩᠭᠤᠯ ᠤᠨ ᠬᠥᠯᠥᠨ ᠪᠤᠶᠢᠷ ᠬᠤᠳᠠ ᠶᠢᠨ ᠰᠢᠨ᠎ᠡ ᠪᠠᠷᠭᠤ ᠵᠡᠭᠦᠨ ᠬᠤᠰᠢᠭᠤ ᠡᠯ᠎ᠡ ᠬᠦᠷᠢᠶ᠎ᠡ ᠴᠠᠷᠠᠭᠠᠨ ᠳᠠᠬᠢ ᠨᠠᠮ ᠤᠨ ᠪᠠᠶᠢᠭᠤᠯᠤᠯᠲᠠ ᠶᠢᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠲᠤᠪᠠᠷ ᠴᠣᠭᠴᠠᠯᠠᠨ ᠪᠠᠶᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠪᠣᠭᠤᠮᠲᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠂ ᠬᠢᠯᠢ ᠶᠢᠨ ᠣᠨᠴᠠᠯᠢᠭᠲᠤ ︽123︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠡᠭᠦᠳᠴᠦ᠂ ᠬᠢᠯᠢ ᠬᠢᠵᠠᠭᠠᠷ ᠣᠷᠣᠨ ᠤ ᠨᠡᠶᠢᠭᠡᠮ ᠡᠶ᠎ᠡ ᠨᠠᠶᠢᠷᠠᠮᠳᠠᠭᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠠᠬᠢᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ  ᠬᠠᠩᠭᠠᠭᠰᠠᠨ ᠪᠠᠶᠢᠨ᠎ᠠ᠃       ᠰᠢᠨ᠎ᠡ ᠪᠠᠷᠭᠤ ᠵᠡᠭᠦᠨ ᠬᠤᠰᠢᠭᠤ ᠬᠢᠯᠢ ᠶᠢᠨ ᠪᠣᠭᠤᠮᠲᠠ ᠶᠢᠨ ᠣᠨᠴᠠᠯᠢᠭ ᠲᠠᠭᠠᠨ ᠰᠠᠭᠤᠷᠢᠯᠠᠨ ᠡᠬᠢ ᠪᠠᠶᠠᠯᠢᠭ ᠤᠨ ᠨᠡᠶᠢᠯᠡᠭᠦᠯᠦᠯᠲᠡ ᠪᠠᠨ ᠴᠢᠩᠭᠠᠳᠬᠠᠵᠤ᠂ ᠪᠣᠭᠤᠮᠲᠠ ᠶᠢᠨ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯᠳᠤᠭᠠᠨ ᠤ ᠰᠠᠭᠤᠷᠢᠨ ᠳᠡᠭᠡᠷ᠎ᠡ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠡᠪᠦᠳᠦᠭ ᠬᠢᠯᠢ ᠶᠢᠨ ᠪᠠᠶᠢᠴᠠᠭᠠᠯᠲᠠ ᠶᠢᠨ ᠥᠷᠳᠡᠭᠡ᠂ ᠡᠪᠦᠳᠦᠭ ᠪᠣᠭᠤᠮᠲᠠ ᠵᠡᠷᠭᠡ ᠰᠠᠯᠠᠭ᠎ᠠ ᠮᠥᠴᠢᠷ ᠪᠠ ᠪᠠᠶᠠᠨ᠋ᠣ᠋ᠪᠣᠭ᠎ᠠ ᠭᠠᠴᠠᠭ᠎ᠠ ᠪᠠᠷ ᠪᠦᠷᠢᠯᠳᠦᠭᠰᠡᠨ ᠬᠠᠮᠲᠤᠷᠠᠭᠰᠠᠨ ᠨᠠᠮ ᠤᠨ ᠡᠭᠦᠷ ᠪᠠᠶᠢᠭᠤᠯᠵᠤ᠂ ᠠᠳᠠᠯᠢ ᠪᠤᠰᠤ ᠬᠠᠷᠢᠶ᠎ᠠ ᠶᠢᠨ ᠨᠠᠮ ᠤᠨ ᠭᠡᠰᠢᠭᠦᠨ ᠣᠯᠠᠨ ᠲᠦᠮᠡᠨ ᠢ ᠴᠤᠭᠯᠠᠭᠤᠯᠤᠨ᠂ ᠠᠳᠠᠯᠢ ᠪᠤᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠣᠨᠴᠠᠯᠢᠭ ᠢ ᠨᠢᠭᠡᠳᠬᠡᠵᠦ᠂ ᠬᠠᠮᠲᠤᠷᠠᠨ ᠪᠠᠶᠢᠭᠤᠯᠵᠤ ᠬᠠᠮᠲᠤᠷᠠᠨ ᠡᠭᠦᠳᠬᠦ ᠠᠵᠢᠯᠯᠠᠭ᠎ᠠ ᠥᠷᠨᠢᠭᠦᠯᠦᠨ᠂ ︽ᠪᠣᠭᠤᠮᠲᠠ ᠶᠢᠨ ᠨᠠᠮ ᠤᠨ ᠪᠠᠶᠢᠭᠤᠯᠤᠯᠲᠠ︾ ᠪᠠᠷ ᠬᠥᠭᠵᠢᠯᠲᠡ ᠶᠢ ᠠᠬᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃       ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠠᠮᠲᠤᠷᠠᠭᠰᠠᠨ ᠨᠠᠮ ᠤᠨ ᠡᠭᠦᠷ ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠪᠠᠶᠢᠭᠤᠯᠤᠯᠲᠠ ᠶᠢᠨ ᠬᠥᠳᠡᠯᠭᠡᠭᠡᠨ ᠤ ᠭᠡᠷ ᠪᠠᠶᠢᠭᠤᠯᠵᠤ᠂ ᠬᠠᠮᠲᠤᠷᠠᠨ ᠪᠠᠶᠢᠴᠠᠭᠠᠬᠤ ᠪᠠᠶᠢᠭᠤᠯᠭ᠎ᠠ ᠪᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠬᠠᠮᠲᠤᠷᠠᠨ ᠡᠭᠦᠳᠬᠦ ᠶᠢ ᠴᠢᠩᠭᠠᠳᠬᠠᠨ᠂ ᠬᠠᠮᠲᠤᠪᠠᠷ ᠭᠤᠣᠯ ᠰᠡᠳᠦᠪᠲᠦ ᠨᠠᠮ ᠤᠨ ᠡᠳᠦᠷ᠂ ᠨᠠᠮ ᠤᠨ ᠬᠢᠴᠢᠶᠡᠯ ᠣᠷᠣᠬᠤ ᠵᠡᠷᠭᠡ ᠬᠥᠳᠡᠯᠭᠡᠭᠡᠨ ᠥᠷᠨᠢᠭᠦᠯᠵᠦ᠂ ᠲᠣᠭᠲᠠᠭᠰᠠᠨ ᠬᠤᠭᠤᠴᠠᠭ᠎ᠠ ᠲᠠᠢ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠤᠨ᠂ ᠨᠠᠮ ᠤᠨ ᠪᠠᠶᠢᠭᠤᠯᠤᠯᠲᠠ ᠶᠢ ᠬᠠᠮᠲᠤᠪᠠᠷ ᠠᠳᠬᠤᠵᠤ᠂ ᠠᠵᠢᠯ ᠢᠶᠠᠨ ᠬᠠᠮᠲᠤ ᠳᠠᠭᠠᠨ ᠠᠬᠢᠭᠤᠯᠪᠠ᠃       ᠰᠢᠨ᠎ᠡ ᠪᠠᠷᠭᠤ ᠵᠡᠭᠦᠨ ᠬᠤᠰᠢᠭᠤ ︽ᠴᠡᠷᠢᠭ ᠠᠷᠠᠳ ᠨᠢᠭᠲᠠᠷᠠᠬᠤ᠂ ᠴᠡᠷᠢᠭ ᠠᠷᠠᠳ ᠬᠠᠮᠲᠤᠪᠠᠷ ᠪᠠᠶᠢᠭᠤᠯᠬᠤ︾ ᠪᠠᠷ ᠠᠴᠢᠶᠠᠯᠠᠪᠤᠷᠢ ᠪᠣᠯᠭᠠᠨ᠂ ᠨᠠᠮ ᠢᠶᠠᠨ ᠬᠠᠶᠢᠷᠠᠯᠠᠨ ᠤᠯᠤᠰ ᠢᠶᠠᠨ ᠬᠠᠶᠢᠷᠠᠯᠠᠬᠤ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠦᠵᠡᠯ ᠰᠠᠨᠠᠭᠠᠨ ᠤ ᠬᠥᠮᠦᠵᠢᠯ ᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠪᠠ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠢᠳᠡᠪᠬᠢᠲᠡᠢ ᠣᠷᠣᠯᠴᠠᠭᠤᠯᠤᠭᠰᠠᠨ ᠪᠠᠶᠢᠨ᠎ᠠ᠃ ᠨᠠᠮ ᠤᠨ ᠭᠡᠰᠢᠭᠦᠨ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠤᠨ ᠬᠢᠯᠢ ᠶᠢᠨ ᠭᠠᠴᠠᠭᠠᠨ ᠤ ᠮᠠᠯᠵᠢᠬᠤ ᠡᠷᠦᠭᠡ ᠪᠠᠷ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠢᠯᠢ ᠶᠢᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠬᠠᠤᠯᠢ ᠴᠠᠭᠠᠵᠠ  ᠳᠦᠷᠢᠮ ᠲᠣᠭᠲᠠᠭᠠᠯ ᠢ ᠢᠳᠡᠪᠬᠢᠲᠡᠢ ᠤᠬᠠᠭᠤᠯᠵᠤ᠂ ᠬᠢᠯᠢ ᠶᠢᠨ ᠪᠣᠭᠤᠮᠲᠠ ᠶᠢᠨ ᠨᠠᠮ ᠤᠨ ᠭᠡᠰᠢᠭᠦᠨ ᠣᠯᠠᠨ ᠲᠦᠮᠡᠨ ᠤ ᠤᠯᠤᠰ ᠭᠡᠷ᠂ ᠤᠯᠤᠰ ᠤᠨ ᠭᠠᠵᠠᠷ ᠰᠢᠷᠣᠢ᠂ ᠤᠯᠤᠰ ᠤᠨ ᠬᠠᠭᠠᠯᠭ᠎ᠠ᠂ ᠤᠯᠤᠰ ᠠᠷᠠᠳ ᠪᠠ ᠤᠯᠤᠰ ᠤᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠭᠰᠠᠨ ᠪᠠᠶᠢᠨ᠎ᠠ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ