︽ᠨᠠᠮ ᠤᠨ ᠪᠠᠶᠢᠭᠤᠯᠤᠯᠲᠠ +︾ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ ᠣᠯᠠᠨ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/12/12
       ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠠᠮ ᠪᠠ ᠣᠯᠠᠨ ᠲᠦᠮᠡᠨ ᠤ ᠦᠢᠯᠡᠴᠢᠯᠡᠭᠡ᠂ ᠭᠥᠯᠢᠶᠡᠨ ᠠᠪᠴᠤ ᠭᠦᠢᠴᠡᠳᠬᠡᠬᠦ ᠦᠢᠯᠡᠴᠢᠯᠡᠭᠡ ᠶᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠲᠠᠯ᠎ᠠ ᠳᠤ ᠲᠠᠯᠪᠢᠵᠤ᠂ ︽ᠨᠠᠮ ᠤᠨ ᠪᠠᠶᠢᠭᠤᠯᠤᠯᠲᠠ +︾ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠦᠨ᠂ ᠨᠠᠮ ᠤᠨ ᠪᠠᠶᠢᠭᠤᠯᠤᠯᠲᠠ ᠪᠠᠷ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠬᠥᠲᠥᠯᠥᠨ ᠳᠠᠭᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠰᠢᠨ᠎ᠡ ︽ᠥᠨᠳᠦᠷᠯᠢᠭ︾ ᠢ ᠬᠦᠴᠦᠯᠡᠨ ᠪᠠᠶᠢᠭᠤᠯᠪᠠ᠃       ︽ᠨᠠᠮ ᠤᠨ ᠪᠠᠶᠢᠭᠤᠯᠤᠯᠲᠠ +︾ ᠪᠠᠷ ᠤᠴᠢᠷ ᠶᠠᠪᠤᠳᠠᠯ ᠢ ᠪᠠᠷᠢᠮᠵᠢᠶᠠᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠷᠭᠡᠳᠬᠡᠪᠡ       ᠬᠢᠨᠠᠨ ᠵᠥᠪᠰᠢᠶᠡᠷᠡᠬᠦ ᠦᠢᠯᠡᠴᠢᠯᠡᠭᠡ ᠶᠢ ᠭᠦᠨᠵᠡᠭᠡᠶᠢᠷᠡᠭᠦᠯᠬᠦ ︽ᠲᠠᠪᠤ ᠶᠢ ᠬᠠᠰᠤᠬᠤ︾ ᠶᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠳᠤ ᠣᠷᠣᠭᠤᠯᠵᠤ᠂ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠵᠠᠯᠠᠭᠤ ᠨᠠᠮ ᠤᠨ ᠭᠡᠰᠢᠭᠦᠨ ᠢ ᠰᠣᠩᠭᠤᠨ ᠭᠤᠣᠯᠯᠠᠭᠴᠢ ᠬᠦᠴᠦᠨ ᠪᠤᠯᠭᠠᠬᠰᠠᠨ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠵᠤ᠂ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠦᠨ᠂ ᠭᠤᠭᠴᠤᠭ᠎ᠠ ᠶᠢ ᠴᠣᠮᠬᠠᠳᠬᠠᠵᠤ᠂ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠪᠡ᠃ ᠣᠳᠣᠬᠠᠨ ᠳᠤ ᠬᠥᠯᠥᠨ ᠪᠤᠶᠢᠷ ᠬᠤᠲᠠ ᠶᠢᠨ ᠲᠣᠰ ᠱᠠᠲᠤᠨ ᠤ ᠲᠢᠩᠬᠢᠮ ᠤᠨ ᠭᠦᠢᠴᠡᠳᠬᠡᠬᠦ ᠵᠦᠢᠯᠡᠰ ᠨᠡᠶᠢᠲᠡ 1347  ᠪᠠᠶᠢᠵᠤ᠂ ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠢᠴᠡᠳᠬᠡᠬᠦ ᠵᠦᠢᠯᠡᠰ ᠤᠨ ᠬᠠᠷᠢᠴᠠᠯ ᠤᠨ ᠨᠣᠷᠮ᠎ᠠ ᠨᠢ 100 % ᠳᠤ ᠬᠦᠷᠴᠡᠢ᠂ 1283 ᠭᠦᠢᠴᠡᠳᠬᠡᠬᠦ ᠵᠦᠢᠯᠡᠰ ᠢ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠪᠤᠯᠭᠠᠵᠤ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠨᠢ 95.24 % ᠳᠤ ᠬᠦᠷᠴᠡᠢ᠃ 2023 ᠣᠨ ᠠᠴᠠ ᠨᠠᠭᠠᠰᠢ᠂ ᠠᠩᠬᠠᠨ ᠤ ᠱᠠᠲᠤᠨ ᠤ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠪᠠᠷ ᠳᠡᠮᠵᠢᠨ᠂ ᠬᠥᠯᠥᠨ ᠪᠤᠶᠢᠷ ᠬᠤᠲᠠ ᠶᠢᠨ ᠲᠣᠰ ᠱᠠᠲᠤᠨ ᠤ 8 ᠰᠠᠯᠠᠭ᠎ᠠ ᠮᠥᠴᠢᠷ ᠨᠡᠶᠢᠲᠡ 37 ᠵᠦᠢᠯᠡᠰ ᠤᠨ 44 ᠭᠦᠢᠴᠡᠳᠬᠡᠬᠦ ᠭᠤᠭᠴᠤᠭ᠎ᠠ ᠶᠢ ᠳᠥᠭᠦᠮᠴᠢᠯᠡᠵᠦ᠂ 49 ᠵᠦᠢᠯᠡᠰ ᠤᠨ 148 ᠬᠤᠪᠢ ᠬᠡᠷᠡᠭ ᠡᠷᠭᠢᠯᠡᠭᠦ ᠮᠠᠲ᠋ᠧᠷᠢᠶᠠᠯ ᠢ ᠴᠣᠮᠬᠠᠳᠬᠠᠵᠤ᠂ 125 ᠵᠦᠢᠯᠡᠰ ᠤᠨ ᠠᠵᠢᠯᠯᠠᠬᠤ ᠡᠳᠦᠷ ᠤᠨ ᠭᠦᠢᠴᠡᠳᠬᠡᠬᠦ ᠴᠠᠭ ᠢ 2476 ᠴᠠᠭ ᠪᠣᠭᠤᠨᠢᠰᠬᠠᠪᠠ᠃       ︽ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠤᠯᠠᠨ ᠲᠦᠮᠡᠨ ᠤ ᠪᠠᠶᠠᠷ ᠭᠦᠷ ᠲᠠᠢ ᠪᠠᠷ ᠣᠷᠣᠵᠤ ᠭᠠᠷᠬᠤ ᠶᠢ ᠦᠵᠡᠬᠦ ᠪᠦᠷᠢ ᠪᠢ ᠮᠠᠰᠢ ᠰᠡᠳᠬᠢᠯ ᠬᠠᠨᠤᠮᠵᠢᠲᠠᠢ ᠪᠠᠶᠢᠳᠠᠭ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠂ ᠡᠨᠡ ᠪᠣᠯ ᠳᠠᠷᠤᠢ ᠨᠠᠮ ᠤᠨ ᠭᠡᠰᠢᠭᠦᠨ ᠤ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯᠣᠨ᠎ᠠ︾ ᠭᠡᠵᠦ ᠤᠴᠢᠷ ᠶᠠᠪᠤᠳᠠᠯ ᠢ ᠪᠠᠷᠢᠮᠵᠢᠶᠠᠵᠢᠭᠤᠯᠤᠨ ᠡᠮᠬᠢᠯᠡᠬᠦ ᠪᠦᠯᠭᠦᠮ ᠤᠨ  ᠪᠦᠷᠢᠯᠳᠦᠭᠦᠨ ᠬᠡᠯᠡᠨ᠎ᠡ᠃       ︽ᠨᠠᠮ ᠤᠨ ᠪᠠᠶᠢᠭᠤᠯᠤᠯᠲᠠ +︾ ᠬᠠᠮᠢᠶᠠᠷᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠷᠴᠢᠮᠵᠢᠭᠦᠯᠪᠡ       ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠬᠢᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢᠶᠠᠷ ᠬᠦᠴᠦᠯᠡᠬᠦ ᠴᠡᠭ ᠪᠤᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠣᠯᠪᠠᠰᠤᠨ ᠬᠤᠳᠠ ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠬᠤ ᠯᠤᠭ᠎ᠠ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ᠂ ᠪᠣᠯᠪᠠᠰᠤᠨ ᠤ ᠦᠢᠯᠡᠳᠦᠯᠭᠡ ᠶᠢᠨ ᠲᠠᠯ᠎ᠠ ᠪᠠᠷ ᠰᠡᠳᠬᠢᠯ ᠲᠠᠯᠪᠢᠨ ᠬᠦᠴᠦᠯᠡᠵᠦ᠂ ᠵᠢᠷᠤᠮᠵᠢᠬᠰᠠᠨ ᠦᠢᠯᠡᠴᠢᠯᠡᠭᠡᠨ ᠤ ᠲᠢᠩᠬᠢᠮ ᠢ ᠴᠣᠭᠴᠠᠯᠠᠨ ᠪᠠᠶᠢᠭᠤᠯᠵᠤ᠂ ︽ᠵᠢᠵᠢᠭ ᠴᠣᠩᠬᠤᠪᠴᠢ︾  ᠪᠠᠷ︽ᠲᠣᠮᠣ ᠳᠦᠷᠢ ᠲᠥᠷᠬᠦ︾  ᠶᠢ ᠢᠯᠡᠷᠡᠭᠦᠯᠪᠡ᠃       ︽ᠠᠷᠠᠳ ᠲᠦᠮᠡᠨ ᠢ ᠬᠦᠨᠳᠦᠳᠬᠡᠬᠦ᠂ ᠡᠷᠬᠡ ᠳᠤ ᠬᠢᠨᠠᠯᠲᠠ ᠳᠠᠯᠪᠢᠬᠤ᠂ ᠦᠢᠯᠡᠴᠢᠯᠡᠭᠡ ᠪᠠᠨ ᠰᠠᠶᠢᠵᠢᠷᠠᠭᠤᠯᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠤᠬᠠᠮᠰᠠᠷ ᠢ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠶᠢ ᠴᠢᠩᠭᠠᠳᠬᠠᠪᠠ᠃ ︽ᠡᠳᠦᠷ ᠤᠨ ᠪᠠᠶᠢᠴᠠᠭᠠᠯᠲᠠ᠂ ᠰᠠᠷ᠎ᠠ ᠶᠢᠨ ᠠᠳᠠᠯᠢᠳᠬᠠᠨ ᠰᠢᠯᠭᠠᠷᠠᠭᠤᠯᠤᠯᠲᠠ᠂ ᠤᠯᠠᠷᠢᠯ ᠤᠨ ᠮᠡᠳᠡᠭᠡᠯᠡᠯ︾ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠭᠤᠷᠢᠨ ᠪᠠᠶᠢᠴᠠᠭᠠᠯᠲᠠ᠂ ᠡᠯᠧᠺᠲᠷᠣᠨ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠵᠤ᠂ ᠠᠵᠢᠯ ᠤᠨ ᠰᠤᠷᠲᠠᠯ ᠢ ᠰᠠᠶᠢᠵᠢᠷᠠᠭᠤᠯᠪᠠ᠃ ᠲᠤᠰᠬᠠᠯ ᠢ  ᠭᠥᠯᠢᠶᠡᠨ ᠠᠪᠬᠤ ᠴᠣᠩᠬᠤᠪᠴᠢ ᠭᠠᠷᠭᠠᠵᠤ᠂ ᠬᠥᠯᠥᠨ ᠪᠤᠶᠢᠷ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽e ᠺᠣᠳ᠋ ᠬᠢᠨᠠᠯᠲᠠ ᠲᠠᠯᠪᠢᠬᠤ︾ ᠲᠠᠪᠴᠠᠩ ᠢ ᠰᠦᠯᠵᠢᠶᠡᠨ ᠳᠤ ᠭᠠᠷᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ︽ᠰᠠᠶᠢᠨ ᠮᠠᠭᠤ ᠶᠢᠨ ᠦᠨᠡᠯᠡᠯᠲᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠷᠢᠳ ᠬᠤᠵᠢᠳ 131  ᠦᠨᠡᠯᠡᠯᠲᠡ ᠥᠭᠬᠦ ᠲᠥᠬᠦᠭᠡᠷᠦᠮᠵᠢ ᠶᠢ ᠤᠭᠰᠠᠷᠠᠵᠤ᠂ ᠰᠠᠶᠢᠨ ᠦᠨᠡᠯᠡᠯᠲᠡ ᠶᠢᠨ ᠨᠣᠷᠮ᠎ᠠ 99 % ᠳᠤ ᠬᠦᠷᠴᠦ᠂ ᠦᠨᠡᠨ ᠨᠡᠷ᠎ᠡ ᠶᠢᠨ ᠮᠠᠭᠤ ᠦᠨᠡᠯᠡᠯᠲᠡ ᠬᠢᠭᠰᠡᠨ ᠬᠠᠷᠢᠭᠤ ᠰᠣᠷᠪᠤᠯᠵᠢᠯᠠᠭ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 100 % ᠳᠤ ᠭᠦᠷᠪᠡ᠃ ᠡᠭᠦᠨ ᠤ ᠬᠠᠮᠲᠤ᠂ ᠰᠢᠯᠭᠠᠨ ᠬᠢᠨᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠂ ᠤᠯᠠᠷᠢᠯ ᠪᠦᠷᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠷᠢᠭᠦᠨ ᠤ ᠴᠣᠩᠬᠤᠪᠴᠢ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠱᠢᠶᠡᠴᠢ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠳᠣᠨ︾ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ᠭᠠᠷᠭᠠᠵᠤ᠂ ᠥᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠤᠨ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠨ ᠭᠠᠷᠬᠤ ᠥᠳᠬᠡᠨ ᠵᠤᠵᠠᠭᠠᠨ ᠠᠭᠤᠷ ᠠᠮᠢᠰᠬᠤᠯ ᠢ  ᠪᠤᠶ ᠪᠤᠯᠭᠠᠵᠤ᠂ ︽ᠵᠢᠵᠢᠭ ᠴᠣᠩᠬᠤᠪᠴᠢ︾ ᠶᠢ ᠪᠠᠶᠢᠭᠤᠯᠵᠤ᠂ ᠬᠤᠲᠠ ᠶᠢᠨ ᠪᠣᠯᠪᠠᠰᠤᠨ ᠤ ︽ᠲᠣᠮᠣ ᠳᠦᠷᠢ ᠲᠥᠷᠬᠦ︾  ᠶᠢ  ᠳᠡᠯᠭᠡᠨ  ᠦᠵᠡᠭᠦᠯᠦᠨ᠎ᠡ᠃       ︽ᠨᠠᠮ ᠤᠨ ᠪᠠᠶᠢᠭᠤᠯᠤᠯᠲᠠ +︾ ᠭᠤᠭᠴᠤᠭ᠎ᠠ ᠶᠢ ᠳᠥᠭᠦᠮᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠰᠢᠯᠢᠳᠡᠭᠵᠢᠭᠦᠯᠪᠡ       ︽ᠥᠩᠭᠡᠷᠡᠭᠰᠡᠨ ᠳᠤ ᠭᠡᠷ ᠪᠠᠶᠢᠰᠢᠩ ᠬᠤᠳᠠᠯᠳᠤᠨ ᠠᠪᠬᠤ ᠳᠤ ᠤᠰᠤ ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠡᠷᠦᠭᠡ ᠠᠮᠠ ᠶᠢᠨ ᠳᠠᠩᠰᠠ ᠰᠢᠯᠵᠢᠭᠦᠯᠬᠦ ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠴᠠᠭ ᠶᠡᠭᠡ ᠵᠠᠷᠤᠴᠠᠭᠤᠯᠬᠤ ᠮᠥᠷᠲᠡᠭᠡᠨ ᠪᠠᠰᠠ ᠶᠡᠭᠡ ᠰᠡᠳᠬᠢᠯ ᠵᠣᠪᠠᠳᠠᠭ᠃ ᠤᠳᠤ ᠨᠢᠭᠡ ᠯᠡ ᠳᠡᠭᠡᠷ᠎ᠡ ᠰᠢᠢᠳᠪᠦᠷᠢᠯᠡᠵᠦ ᠲᠡᠶᠢᠯᠭᠦ ᠪᠣᠯᠤᠭᠰᠠᠨ ᠨᠢ ᠴᠠᠭ ᠲᠤ ᠠᠷᠪᠢᠲᠠᠢ ᠮᠥᠷᠲᠡᠭᠡᠨ ᠰᠡᠳᠬᠢᠯ ᠠᠮᠤᠷ ᠪᠣᠯᠵᠠᠢ︾ᠭᠡᠵᠦ ᠡᠷᠦᠭᠡ ᠠᠮᠠ ᠶᠢᠨ ᠳᠠᠩᠰᠠ ᠰᠢᠯᠵᠢᠭᠦᠯᠬᠦ ᠭᠠᠷ ᠭᠦᠢᠴᠡᠳᠬᠡᠯ ᠬᠢᠵᠦ ᠪᠠᠶᠢᠭ᠎ᠠ ᠬᠤᠲᠠ ᠶᠢᠨ ᠠᠷᠠᠳ ᠯᠢ ᠠᠪᠠᠭ᠋ᠠᠢ ᠮᠠᠰᠢ ᠬᠠᠨᠤᠮᠵᠢᠲᠠᠢ ᠶᠠᠷᠢᠨ᠎ᠠ᠃ ᠡᠨᠡ ᠨᠢ ᠵᠥᠪᠭᠡᠨ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ ᠬᠡᠷᠡᠮ ᠳᠡᠭᠡᠷᠡᠬᠢ 50 ᠭᠠᠷᠤᠢ ᠭᠠᠯ ᠤᠯᠠᠭᠠᠨ ᠲᠤᠭ ᠨᠢ ᠠᠵᠤ ᠠᠬᠤᠶᠢᠯᠠᠯ ᠤᠯᠠᠨ ᠲᠦᠮᠡᠨ ᠤ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠬᠠᠨᠤᠮᠵᠢᠲᠠᠢ ᠪᠠᠶᠢᠭ᠎ᠠ ᠶᠢ ᠭᠦᠢᠴᠡᠳ ᠬᠠᠷᠠᠭᠤᠯᠤᠨ᠎ᠠ᠃       ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠶᠢᠩᠭᠤ ᠶᠢᠨ ᠴᠢᠨᠠᠷᠲᠠᠢ ᠪᠠᠷ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠦᠢᠯᠡᠴᠢᠯᠡᠭᠡ ᠪᠠᠨ ᠨᠠᠷᠢᠯᠢᠭᠵᠢᠭᠤᠯᠵᠤ᠂ ᠦᠢᠯᠡᠴᠢᠯᠡᠭᠡ ᠪᠠᠨ ᠨᠠᠩ ᠬᠠᠯᠠᠭᠤᠨ ᠳᠤᠯᠠᠭᠠᠨ᠂ ᠨᠠᠩ ᠲᠥᠭᠦᠮ ᠳᠥᠲᠡ ᠪᠣᠯᠭᠠᠪᠠ᠃ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠰᠢᠯᠢᠳᠡᠭ ᠵᠠᠯᠠᠭᠤᠴᠤᠳ ᠢ ᠰᠢᠯᠢᠨ ᠳᠡᠪᠰᠢᠭᠦᠯᠵᠦ ︽ᠲᠤᠰᠬᠠᠢ ᠲᠤᠰᠢᠶᠠᠯᠲᠠᠨ︾ᠪᠤᠯᠭᠠᠵᠤ᠂ ᠭᠤᠯᠳᠤ ᠪᠠᠷ ᠱᠠᠲᠤ ᠠᠯᠤᠰᠯᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠥᠨᠳᠡᠯᠡᠨ ᠢᠶᠠᠷ ᠵᠥᠪᠳᠡᠯᠴᠡᠵᠦ ᠬᠤᠯᠪᠤᠭᠠᠯᠠᠨ ᠬᠢᠨᠠᠯᠲᠠ ᠳᠠᠯᠪᠢᠬᠤ ᠶᠢ ᠴᠢᠩᠭᠠᠳᠬᠠᠵᠤ᠂ ︽ᠨᠢᠭᠡ ᠲᠥᠷᠥᠯ ᠵᠦᠢᠯ ᠳᠤ ᠨᠢᠭᠡ ᠲᠥᠰᠥᠯ ᠭᠠᠷᠭᠠᠬᠤ︾᠂ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ ᠪᠠᠶᠢᠭᠤᠯᠬᠤ︾ ᠶᠢ ᠬᠡᠷᠡᠭᠵᠢᠭᠦᠯᠵᠦ᠂ ᠬᠥᠯᠥᠨ ᠪᠤᠶᠢᠷ ᠬᠤᠲᠠ ᠶᠢᠨ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠬᠦᠴᠦᠨ ᠨᠡᠮᠡᠷᠢᠯᠡᠪᠡ᠃ ᠣᠳᠣᠬᠠᠨ ᠳᠤ ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠭᠰᠡᠨ ᠬᠠᠷᠢᠴᠠᠯ 97.77 % ᠳᠤ ᠬᠦᠷᠴᠡᠢ᠃ ᠴᠠᠭ ᠢ ᠤᠷᠲᠤᠳᠬᠠᠭᠰᠠᠨ ᠦᠢᠯᠡᠴᠢᠯᠡᠭᠡ ᠬᠠᠩᠭᠠᠵᠤ᠂ 2000 ᠭᠠᠷᠤᠢ ᠬᠥᠮᠥᠨ ᠤᠳᠠᠭ᠎ᠠ ᠳᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠣᠯᠠᠨ ᠲᠦᠮᠡᠨ ᠤ ᠪᠡᠷᠬᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠡᠭᠦᠨ ᠠᠴᠠ ᠭᠠᠳᠠᠨ᠎ᠠ ᠪᠠᠰᠠ ᠣᠨᠳᠣᠣ ᠭᠠᠵᠠᠷ ᠲᠤ ᠭᠦᠢᠴᠡᠳᠬᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠪᠡ᠃ ᠬᠥᠯᠥᠨ ᠪᠤᠶᠢᠷ ᠬᠤᠲᠠ ᠶᠢᠨ ᠲᠥᠪ ᠬᠤᠲᠠ  ᠲᠣᠭᠤᠷᠢᠭ ᠤᠨ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠪᠠᠶᠢᠭᠤᠯᠵᠤ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠡᠶᠢᠲᠡ 52 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ︽ᠨᠢᠭᠡ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠡᠷᠦᠩᠬᠡᠶᠢᠯᠡᠭᠰᠡᠨ ᠭᠥᠯᠢᠶᠡᠨ ᠠᠪᠴᠤ ᠭᠦᠢᠴᠡᠳᠬᠡᠬᠦ ᠴᠣᠩᠬᠤᠪᠴᠢ ᠶᠢ ᠲᠣᠬᠢᠷᠠᠭᠤᠯᠵᠤ᠂ ᠰᠢᠯᠢ ᠶᠢᠨ ᠭᠤᠣᠯ ᠠᠶᠢᠮᠠᠭ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠬᠠᠷᠠᠮᠥ᠋ᠷᠡᠨ ᠮᠤᠵᠢ ᠶᠢᠨ ᠴᠢᠴᠢᠬᠠᠷ ᠬᠤᠲᠠ ᠵᠡᠷᠭᠡ 4 ᠭᠠᠵᠠᠷ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠯᠦᠭᠡ ᠬᠠᠷᠢᠯᠴᠠᠨ ᠨᠡᠪᠲᠡᠷᠡᠯᠴᠡᠵᠦ ᠬᠠᠷᠢᠯᠴᠠᠨ ᠭᠦᠢᠴᠡᠳᠬᠡᠬᠦ ᠶᠢ ᠪᠡᠶᠡᠯᠡᠭᠦᠯᠪᠡ᠃       ︽ᠨᠠᠮ ᠤᠨ ᠪᠠᠶᠢᠭᠤᠯᠤᠯᠲᠠ +︾ ᠪᠠᠷ ᠭᠥᠯᠢᠶᠡᠨ ᠠᠪᠴᠤ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠵᠢᠯ ᠤᠨ ᠣᠪᠣᠷ  ᠢᠶᠠᠨ ᠰᠠᠶᠢᠵᠢᠷᠠᠭᠤᠯᠪᠠ       2023 ᠣᠨ ᠤ 4 ᠰᠠᠷ᠎ᠠ ᠶᠢᠨ ᠳᠤᠮᠳᠠᠴᠢ ᠪᠠᠷ ᠨᠡᠶᠢᠲᠡᠯᠡᠭᠰᠡᠨ ᠪᠦᠭᠦ ᠣᠷᠣᠨ ᠤ 3 ᠳ᠋ᠤᠭᠠᠷ ᠰᠠᠷ᠎ᠠ ᠶᠢᠨ ᠡᠯ᠎ᠡ ᠠᠶᠢᠮᠠᠭ ᠬᠤᠲᠠ ᠶᠢᠨ 12345 ᠬᠠᠯᠠᠮᠰᠢᠯ ᠤᠲᠠᠰᠤᠨ ᠤ︽ᠭᠤᠷᠪᠠᠨ ᠨᠣᠷᠮ᠎ᠠ︾ ᠶᠢᠨ ᠨᠡᠷᠡᠰ ᠤᠨ ᠵᠢᠭᠰᠠᠭᠠᠯᠲᠠ ᠳᠤ ᠬᠥᠯᠥᠨ ᠪᠤᠶᠢᠷ ᠬᠤᠲᠠ ᠨᠢᠭᠡᠳᠦᠭᠡᠷ ᠲᠤ ᠵᠢᠭᠰᠠᠭᠠᠭᠳᠠᠪᠠ᠃ ᠰᠢᠢᠳᠪᠦᠷᠢᠯᠡᠭᠰᠡᠨ ᠨᠣᠷᠮ᠎ᠠ ᠨᠢ 95.75 % ᠳᠤ ᠬᠦᠷᠴᠦ᠂ ᠬᠠᠨᠤᠮᠵᠢ ᠶᠢᠨ ᠨᠣᠷᠮ᠎ᠠ ᠨᠢ 97.04 % ᠳᠤ ᠬᠦᠷᠴᠡᠢ᠃ ᠬᠥᠯᠥᠨ ᠪᠤᠶᠢᠷ ᠬᠤᠲᠠ ᠶᠢᠨ 12345 ᠬᠠᠯᠠᠮᠰᠢᠯ ᠤᠲᠠᠰᠤ ᠨᠡᠪᠲᠡᠷᠡᠭᠰᠡᠨ ᠠᠴᠠ ᠨᠠᠭᠠᠰᠢ᠂ 365 ᠡᠳᠦᠷ ᠲᠤ 24 ᠴᠠᠭ ᠢᠶᠠᠷ  ᠪᠦᠬᠦᠯᠢ ᠡᠳᠦᠷ ᠤᠨ ᠬᠥᠮᠥᠨ ᠤ ᠬᠦᠴᠦᠨ ᠤ ᠦᠢᠯᠡᠴᠢᠯᠡᠭᠡ ᠬᠠᠩᠭᠠᠵᠤ᠂ ᠳᠥᠷᠪᠡᠨ ᠱᠠᠲᠤᠨ ᠤ ᠰᠦᠯᠵᠢᠶᠡᠨ ᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠱᠠᠲᠤ ᠱᠠᠲᠤ ᠪᠠᠷ ᠰᠢᠯᠵᠢᠭᠦᠯᠦᠨ ᠲᠣᠮᠢᠯᠠᠵᠤ᠂ ᠱᠠᠲᠤ ᠱᠠᠲᠤ ᠪᠠᠷ ᠰᠢᠯᠵᠢᠭᠦᠯᠦᠨ ᠭᠦᠢᠴᠡᠳᠬᠡᠵᠦ᠂ 1700 ᠭᠠᠷᠤᠢ ᠨᠢᠭᠡᠴᠢ ᠰᠦᠯᠵᠢᠶᠡᠨ ᠳᠡᠭᠡᠷ᠎ᠡ ᠬᠤᠯᠪᠤᠭᠠᠯᠠᠨ ᠬᠥᠳᠡᠯᠦᠯᠴᠡᠵᠦ᠂ 3600 ᠭᠠᠷᠤᠢ ᠠᠵᠢᠯᠲᠠᠨ ᠬᠠᠷᠢᠭᠤ ᠥᠭᠬᠦ ᠶᠢ ᠳᠠᠭᠠᠭᠠᠨ ᠭᠦᠢᠴᠡᠳᠬᠡᠵᠦ᠂ ᠣᠳᠣᠬᠠᠨ ᠳᠤ ᠨᠡᠶᠢᠲᠡ 74914 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠡ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ᠂ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠵᠠᠰᠠᠭ ᠤᠨ ᠣᠷᠳᠣᠨ ᠤ ᠳᠦᠷᠢ ᠲᠥᠷᠬᠦ ᠶᠢ ᠢᠯᠡᠷᠡᠭᠦᠯᠬᠦ ᠵᠡᠷᠭᠡ ᠲᠠᠯ᠎ᠠ ᠪᠠᠷ ᠲᠣᠪᠣᠶᠢᠮ᠎ᠠ ᠦᠢᠯᠡᠳᠦᠯ ᠦᠵᠡᠭᠦᠯᠵᠦ᠂ 12345 ᠬᠠᠯᠠᠮᠰᠢᠯ ᠤᠲᠠᠰᠤ ᠨᠢ ᠨᠢᠭᠡᠨᠲᠡ ᠥᠷᠭᠡᠨ ᠣᠯᠠᠨ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠪᠠᠨ ᠢᠯᠡᠳᠬᠡᠬᠦ ︽ᠲᠡᠷᠢᠭᠦᠨ ᠰᠣᠩᠭᠤᠯᠲᠠ︾ᠪᠣᠯᠵᠠᠢ᠃       ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ᠂ ᠬᠠᠯᠠᠮᠰᠢᠯ ᠤᠲᠠᠰᠤ ᠶᠢᠨ ᠨᠡᠶᠢᠭᠡᠮ ᠤᠨ ᠵᠠᠰᠠᠯᠲᠠ ᠳᠤᠮᠳᠠᠬᠢ ᠰᠠᠭᠤᠷᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ 32 ᠵᠤᠷᠪᠤᠰ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ 12315᠂ 12333 ᠬᠠᠯᠠᠮᠰᠢᠯ ᠤᠲᠠᠰᠤ ᠶᠢ ᠪᠦᠬᠦᠯᠢ ᠴᠣᠭᠴᠠ ᠪᠠᠷ ᠨᠢ ᠨᠡᠶᠢᠯᠡᠭᠦᠯᠬᠦ ᠶᠢ ᠪᠡᠶᠡᠯᠡᠭᠦᠯᠦᠭᠰᠡᠨ ᠠᠶᠢᠮᠠᠭ ᠬᠤᠲᠠ ᠪᠣᠯᠪᠠ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠢ ᠦᠷᠭᠦᠯᠵᠢᠯᠡᠨ ᠪᠠᠬᠢᠵᠢᠭᠦᠯᠵᠦ᠂ ᠬᠠᠯᠠᠮᠰᠢᠯ ᠠᠰᠠᠭᠤᠳᠠᠯ ᠤᠨ ᠲᠤᠰᠬᠠᠢ ᠤᠲᠠᠰᠤ ᠶᠢ ᠨᠡᠪᠲᠡᠷᠡᠭᠦᠯᠦᠨ᠂ ᠰᠤᠷᠭᠠᠭᠤᠯᠢ ᠳᠤ ᠣᠷᠣᠬᠤ᠂ ᠳᠤᠯᠠᠭᠠᠯᠠᠭ᠎ᠠ ᠬᠠᠩᠭᠠᠬᠤ ᠶᠢ ᠪᠠᠭᠲᠠᠭᠠᠭᠰᠠᠨ ᠡᠯ᠎ᠡ ᠲᠥᠷᠥᠯ ᠤᠨ ᠤᠯᠠᠷᠢᠯ ᠤᠨ ᠴᠢᠨᠠᠷᠲᠠᠢ ᠥᠨᠳᠥᠷ ᠳᠠᠪᠲᠠᠮᠵᠢᠲᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ ᠤᠷᠢᠳ ᠬᠤᠵᠢᠳ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠤᠲᠠᠰᠤ︾᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠰᠬᠠᠢ ᠤᠲᠠᠰᠤ ᠭᠠᠷᠭᠠᠵᠤ᠂ 592 ᠨᠡᠷᠡᠰ ︽ᠲᠥᠷᠥ ᠶᠢᠨ ᠪᠣᠳᠣᠯᠭ᠎ᠠ ᠶᠢᠨ ᠲᠤᠰᠬᠠᠢ ᠲᠤᠰᠢᠶᠠᠯᠲᠠᠨ︾ ᠲᠣᠬᠢᠷᠠᠭᠤᠯᠵᠤ᠂ ᠥᠨᠳᠥᠷ ᠬᠡᠪ ᠪᠣᠯᠪᠠᠰᠤᠷᠠᠯ ᠪᠦᠬᠦᠢ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠢ ᠬᠥᠮᠥᠵᠢᠭᠦᠯᠦᠨ ᠲᠤᠰᠬᠠᠢ ᠤᠲᠠᠰᠤ ᠭᠥᠯᠢᠶᠡᠨ ᠠᠪᠬᠤ ᠠᠵᠢᠯ ᠢ ᠬᠠᠷᠢᠭᠤᠴᠠᠭᠤᠯᠵᠤ᠂  24 ᠴᠠᠭ ᠢᠶᠠᠷ ᠡᠯ᠎ᠡ ᠲᠥᠷᠥᠯ ᠤᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠨ᠂ ᠣᠳᠣᠬᠠᠨ ᠳᠤ ᠨᠡᠶᠢᠲᠡ 1655 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠣᠷᠣᠰᠢᠨ ᠰᠠᠭᠤᠷᠢᠰᠢᠬᠤ ᠳᠤ ᠨᠠᠩ ᠲᠣᠬᠢᠷᠠᠮᠵᠢᠲᠠᠢ ᠪᠥᠭᠡᠳ ᠬᠤᠳᠠᠯᠳᠤᠭᠠᠴᠢᠨ ᠳᠤ ᠨᠠᠩ ᠲᠣᠬᠢᠷᠠᠮᠵᠢᠲᠠᠢ ᠬᠥᠯᠥᠨ ᠪᠤᠶᠢᠷ ᠤᠨ ᠳᠣᠲᠣᠭᠠᠳᠤ ᠬᠥᠳᠡᠯᠭᠡᠬᠦ ᠬᠦᠴᠦᠨ ᠢ ᠪᠤᠶ ᠪᠣᠯᠭᠠᠪᠠ᠃       ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠦᠷᠭᠦᠯᠵᠢᠯᠡᠨ︽ᠠᠷᠢᠭᠤᠨ ᠴᠢᠬᠡᠴᠢ᠂ ᠥᠨᠳᠥᠷ ᠪᠦᠲᠦᠮᠵᠢᠲᠡᠶ᠂ ᠠᠷᠠᠳ ᠲᠤ ᠲᠥᠭᠦᠮ ᠦᠵᠡᠭᠦᠯᠭᠦ︾ᠠᠵᠢᠯ ᠤᠨ ᠵᠠᠷᠴᠢᠮ ᠢ ᠵᠢᠷᠤᠮᠯᠠᠨ᠂︽ᠨᠠᠮ ᠤᠨ ᠪᠠᠶᠢᠭᠤᠯᠤᠯᠲᠠ +︾ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠠᠮ ᠪᠠ ᠣᠯᠠᠨ ᠲᠦᠮᠡᠨ ᠤ ᠦᠢᠯᠡᠴᠢᠯᠡᠭᠡ᠂ ᠭᠥᠯᠢᠶᠡᠨ ᠠᠪᠤᠮᠠᠭᠴᠠ ᠭᠦᠢᠴᠡᠳᠬᠡᠬᠦ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠴᠢᠷᠮᠠᠶᠢᠨ ᠬᠥᠭᠵᠢᠭᠡᠵᠦ᠂ ᠨᠠᠮ ᠪᠠ ᠣᠯᠠᠨ ᠲᠦᠮᠡᠨ ᠤ ᠰᠡᠳᠬᠢᠯ ᠵᠢᠷᠦᠬᠡ ᠶᠢᠨ ᠬᠥᠭᠦᠷᠭᠡ ᠬᠤᠯᠪᠣᠭᠠᠰᠤ ᠶᠢ ᠪᠠᠶᠢᠭᠤᠯᠤᠨ᠂ ᠬᠥᠯᠥᠨ ᠪᠤᠶᠢᠷ ᠬᠤᠲᠠ ᠶᠢᠨ ᠠᠵᠤ ᠠᠬᠤᠢ ᠨᠡᠶᠢᠭᠡᠮ ᠤᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠳᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠳᠤ ᠬᠦᠴᠦᠨ ᠨᠡᠮᠡᠷᠢᠯᠡᠵᠦ ᠪᠤᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ