ᠠᠮᠠᠷᠠᠯᠳᠠ ᠶᠢᠨ ᠲᠣᠬᠢᠷᠠᠭᠤᠯᠤᠯᠲᠠ ᠶᠢ ᠵᠢᠩᠬᠢᠨᠢ ᠪᠠᠷ ᠨᠡᠶᠢᠲᠡᠯᠡᠪᠡ︕
ᠨᠡᠶᠢᠲᠡᠯᠡᠭᠰᠡᠨ ᠴᠠᠭ᠄
2023/12/27
       ᠰᠢᠨ᠎ᠡ ᠵᠢᠯ᠄ 2023 ᠣᠨ ᠤ 12 ᠰᠠᠷ᠎ᠠ ᠶᠢᠨ 30 ᠤ ᠡᠳᠦᠷ ︵ᠭᠠᠷᠠᠭ ᠤᠨ ᠵᠢᠷᠭᠤᠭᠠᠨ︶ ᠠᠴᠠ 2024 ᠣᠨ ᠤ 1 ᠰᠠᠷ᠎ᠠ ᠶᠢᠨ 1 ᠤ ᠡᠳᠦᠷ ︵ᠭᠠᠷᠠᠭ ᠤᠨ ᠨᠢᠭᠡᠨ︶ ᠪᠣᠯᠲᠠᠯ᠎ᠠ ᠨᠡᠶᠢᠲᠡ 3 ᠡᠳᠦᠷ ᠠᠮᠠᠷᠠᠨ᠎ᠠ᠃       ᠴᠠᠭᠠᠨ ᠰᠠᠷ᠎ᠠ᠄ 2 ᠰᠠᠷ᠎ᠠ ᠶᠢᠨ 10 ᠤ ᠡᠳᠦᠷ ᠠᠴᠠ 17 ᠤ ᠡᠳᠦᠷ ᠪᠣᠯᠲᠠᠯ᠎ᠠ ᠨᠡᠶᠢᠲᠡ 8 ᠡᠳᠦᠷ ᠠᠮᠠᠷᠠᠨ᠎ᠠ᠃ 2 ᠰᠠᠷ᠎ᠠ ᠶᠢᠨ 4 ᠤ ᠡᠳᠦᠷ ︵ᠭᠠᠷᠠᠭ ᠤᠨ ᠡᠳᠦᠷ︶᠂ 2 ᠰᠠᠷ᠎ᠠ ᠶᠢᠨ 18 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃ ᠡᠯ᠎ᠡ ᠨᠢᠭᠡᠴᠡ ᠶᠢᠨ ᠴᠠᠯᠢᠩ ᠲᠠᠢ ᠪᠠᠷ ᠵᠢᠯ ᠤᠨ ᠠᠮᠠᠷᠠᠯᠳᠠ ᠠᠪᠬᠤ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠳᠠ ᠲᠠᠢ ᠤᠶᠠᠯᠳᠤᠭᠤᠯᠤᠨ᠂ ᠠᠵᠢᠯᠲᠠᠳ ᠢᠶᠠᠨ ᠪᠢᠲᠡᠭᠦᠨ ︵2 ᠰᠠᠷ᠎ᠠ ᠶᠢᠨ 9 ᠤ ᠡᠳᠦᠷ︶ ᠳᠤ ᠠᠮᠠᠷᠠᠭᠤᠯᠬᠤ ᠪᠠᠷ ᠲᠣᠬᠢᠷᠠᠭᠤᠯᠬᠤ ᠶᠢ ᠵᠣᠷᠢᠭᠵᠢᠭᠤᠯᠤᠨ᠎ᠠ᠃       ᠬᠠᠩᠰᠢ ᠶᠢᠨ ᠡᠳᠦᠷ᠄ 4 ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ ᠨᠡᠶᠢᠲᠡ 3 ᠡᠳᠦᠷ ᠠᠮᠠᠷᠠᠨ᠎ᠠ᠃ 4 ᠰᠠᠷ᠎ᠠ ᠶᠢᠨ 7 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃ ᠬᠥᠳᠡᠯᠮᠦᠷᠢᠴᠢᠳ ᠤᠨ ᠪᠠᠶᠠᠷ᠄ 5 ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ ᠨᠡᠶᠢᠲᠡ 5 ᠡᠳᠦᠷ ᠠᠮᠠᠷᠠᠨ᠎ᠠ᠃ 4 ᠰᠠᠷ᠎ᠠ ᠶᠢᠨ 28 ᠤ ᠡᠳᠦᠷ ︵ᠭᠠᠷᠠᠭ ᠤᠨ ᠡᠳᠦᠷ︶᠂ 5 ᠰᠠᠷ᠎ᠠ ᠶᠢᠨ 11 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠄ 6 ᠰᠠᠷ᠎ᠠ ᠶᠢᠨ 10 ᠤ ᠡᠳᠦᠷ ᠠᠮᠠᠷᠠᠯᠲᠠ ᠲᠠᠯᠪᠢᠵᠤ᠂ ᠭᠠᠷᠠᠭ ᠤᠨ ᠰᠡᠭᠦᠯᠴᠢ ᠲᠠᠢ ᠵᠠᠯᠭᠠᠵᠤ ᠠᠮᠠᠷᠠᠨ᠎ᠠ᠃       ᠨᠠᠢᠮᠠᠨ ᠰᠠᠷ᠎ᠠ ᠶᠢᠨ ᠲᠡᠷᠭᠡᠯ ᠪᠠᠶᠠᠷ᠄ 9 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ ᠨᠡᠶᠢᠳᠡ 3 ᠡᠳᠦᠷ ᠠᠮᠠᠷᠠᠨ᠎ᠠ᠃ 9 ᠰᠠᠷ᠎ᠠ ᠶᠢᠨ 14 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃       ᠤᠯᠤᠰ ᠤᠨ ᠪᠠᠶᠠᠷ᠄ 10 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠨᠡᠶᠢᠲᠡ 7 ᠡᠳᠦᠷ ᠠᠮᠠᠷᠠᠨ᠎ᠠ᠃ 9 ᠰᠠᠷ᠎ᠠ ᠶᠢᠨ 29 ᠤ ᠡᠳᠦᠷ ︵ᠭᠠᠷᠠᠭ ᠤᠨ ᠡᠳᠦᠷ︶᠂ 10 ᠰᠠᠷ᠎ᠠ ᠶᠢᠨ 12 ᠤᠨ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ