ᠠᠮᠢᠳᠤᠷᠠᠯ ᠳᠤᠮᠳᠠ᠂ ᠮᠠᠰᠢ ᠣᠯᠠᠨ ᠬᠥᠮᠦᠨ ᠳᠤ ᠨᠢᠷᠤᠭᠤ ᠡᠪᠡᠳᠬᠦ᠂ ᠲᠣᠯᠣᠭᠠᠢ ᠡᠪᠡᠳᠬᠦ᠂ ᠮᠡᠳᠡᠷᠡᠯ ᠡᠪᠡᠳᠬᠦ ᠵᠡᠷᠭᠡ ᠰᠢᠨᠵᠢ ᠪᠠᠶᠢᠳᠠᠯ ᠭᠠᠷᠳᠠᠭ᠂ | ᠪᠦᠷᠢᠳᠬᠡᠯ ᠢ ᠦᠨᠳᠦᠰᠦᠯᠡᠪᠡᠯ᠂ ᠪᠦᠬᠦ ᠤᠯᠤᠰ ᠤᠨ 3 ᠳ᠋ᠦᠩᠰᠢᠭᠤᠷ ᠭᠠᠷᠤᠢ ᠬᠥᠮᠦᠨ ᠡᠯ᠎ᠡ ᠲᠥᠷᠥᠯ ᠤᠨ ᠡᠪᠡᠳᠬᠦ ᠶᠢ ᠳᠠᠭᠠᠭᠠᠵᠤ ᠪᠠᠶᠢᠨ᠎ᠠ᠃ | ᠲᠤᠰᠬᠠᠶ ᠮᠡᠷᠭᠡᠵᠢᠯᠲᠡᠨ ᠲᠠᠨᠢᠯᠴᠠᠭᠤᠯᠤᠨ ᠬᠡᠯᠡᠬᠦ ᠳᠡᠭᠡᠨ᠂ ᠣᠳᠣᠬᠠᠨ ᠳᠤ ᠡᠪᠡᠳᠬᠦ ᠰᠠᠯᠠᠭᠠᠨ ᠤ ᠣᠨᠣᠰᠢᠯᠠᠨ ᠡᠮᠨᠡᠵᠦ ᠪᠠᠶᠢᠭ᠎ᠠ ᠡᠪᠡᠳᠴᠢᠳᠡᠨ ᠳᠤ ᠤᠳᠠᠭᠠᠨ | ᠴᠢᠨᠠᠷᠲᠠᠶ ᠡᠪᠡᠳᠬᠦ ᠡᠪᠡᠳᠴᠢᠲᠡᠨ ᠢᠶᠠᠷ ᠭᠤᠤᠯᠯᠠᠭᠤᠯᠵᠤ ᠪᠠᠶᠢᠨ᠎ᠠ᠂ ᠡᠭᠦᠨ ᠳᠤ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ ᠬᠥᠯ ᠡᠪᠡᠳᠬᠦ᠂ ᠮᠥᠷᠥ ᠶᠢᠨ | ᠲᠣᠭᠤᠷᠢᠨ ᠤ ᠦᠷᠪᠢᠰᠦᠯ᠂ ᠭᠤᠷᠪᠠᠯᠠᠭᠰᠠᠨ ᠮᠡᠳᠡᠷᠡᠯ ᠡᠪᠡᠳᠬᠦ ᠵᠡᠷᠭᠡ ᠪᠠᠭᠲᠠᠵᠦ ᠪᠤᠢ᠃ ᠭᠡᠪᠡᠴᠦ ᠴᠥᠭᠡᠨ ᠪᠤᠰᠤ ᠡᠪᠡᠳᠴᠢᠲᠡᠨ᠂ ᠲᠡᠰᠪᠦᠷᠢᠯᠡᠵᠦ ᠪᠠᠶᠢᠪᠠᠯ ᠠᠶᠠᠨᠳᠠᠭᠠᠨ | ᠰᠠᠶᠢᠨ ᠪᠣᠯᠤᠨ᠎ᠠ ᠭᠡᠵᠦ ᠦᠵᠡᠵᠦ ᠪᠠᠶᠢᠬᠤ ᠪᠤᠶᠤ ᠡᠰᠡᠬᠦᠯ᠎ᠡ ᠤᠷᠲᠤ ᠬᠤᠭᠤᠴᠠᠭ᠎ᠠ ᠪᠠᠷ ᠡᠪᠡᠳᠬᠦ ᠶᠢ ᠵᠣᠭᠰᠣᠭᠠᠬᠤ ᠡᠮ ᠤᠤᠭᠤᠬᠤ ᠳᠤ ᠲᠦᠰᠢᠭᠯᠡᠵᠦ ᠪᠠᠶᠢᠨ᠎ᠠ︔ | ᠪᠠᠰᠠ ᠵᠠᠷᠢᠮ ᠡᠪᠡᠳᠴᠢᠲᠡᠨ ᠨᠢ ᠡᠪᠡᠳᠬᠦ ᠪᠣᠯ ᠡᠪᠡᠳᠴᠢᠨ ᠤ ᠢᠯᠡᠷᠡᠯ ᠮᠥᠨ᠂ ᠡᠪᠡᠳᠴᠢᠨ ᠢᠶᠠᠨ ᠰᠠᠶᠢᠳᠤᠷ ᠵᠠᠰᠠᠭᠤᠯᠪᠠᠯ ᠳᠠᠷᠤᠢ ᠡᠪᠡᠳᠬᠦ ᠨᠢ ᠠᠷᠢᠯᠤᠨ᠎ᠠ ᠭᠡᠬᠦ ᠮᠡᠲᠦ | ᠶᠢᠨ ᠨᠢ ᠡᠪᠡᠳᠬᠦ ᠲᠤᠬᠠᠢ ᠪᠤᠷᠤᠭᠤ ᠲᠠᠨᠢᠯᠲᠠ ᠲᠠᠢ ᠪᠠᠶᠢᠬᠰᠠᠭᠠᠷ᠃ ᠤᠷᠲᠤ ᠬᠤᠭᠤᠴᠠᠭ᠎ᠠ ᠪᠠᠷ ᠡᠪᠡᠳᠬᠦ ᠶᠢ ᠲᠡᠰᠪᠦᠷᠢᠯᠡᠬᠦ ᠨᠢ ᠨᠠᠩ ᠬᠦᠨᠳᠦ ᠨᠣᠴᠢᠲᠠᠶ ᠬᠤᠤᠷ | ᠬᠥᠨᠥᠭᠡᠯ ᠢ ᠠᠪᠴᠢᠷᠠᠵᠤ ᠮᠡᠳᠡᠨ᠎ᠡ ᠭᠡᠪᠡ᠃ | ᠱᠠᠩᠬᠠᠶ ᠶᠢᠨ ᠳ᠋ᠦᠩ ᠹᠠᠩ ᠡᠮᠨᠡᠯᠭᠡ ᠶᠢᠨ ᠬᠤᠷᠢᠶᠠᠨ ᠤ ᠡᠪᠡᠳᠬᠦ ᠰᠠᠯᠠᠭᠠᠨ ᠤ ᠡᠷᠬᠢᠯᠡᠭᠴᠢ ᠡᠮᠴᠢ ᠸᠠᠩ ᠰᠢᠶᠠᠩ ᠷᠦᠢ᠄ ᠡᠪᠡᠳᠬᠦ ᠨᠢ ᠣᠬᠤᠷ | ᠬᠤᠭᠤᠴᠠᠭᠠᠨ ᠳᠤ ᠵᠢᠷᠦᠬᠡᠨ ᠴᠣᠬᠢᠯᠭ᠎ᠠ ᠴᠢᠰᠤᠨ ᠳᠠᠷᠤᠯᠲᠠ ᠶᠢᠨ ᠬᠤᠪᠢᠷᠠᠯᠲᠠ ᠶᠢ ᠨᠥᠯᠥᠭᠡᠯᠡᠳᠡᠭ᠂ ᠬᠡᠷᠪᠡ ᠰᠢᠬᠢᠷ ᠰᠢᠵᠢᠩ ᠡᠪᠡᠳᠴᠢᠨ ᠳᠠᠪᠬᠤᠴᠠᠪᠠᠯ ᠴᠢᠰᠤᠨ | ᠰᠢᠬᠢᠷ ᠢ ᠬᠡᠪ ᠤᠨ ᠬᠡᠪᠴᠢᠶᠡᠨ ᠳᠤ ᠬᠢᠵᠠᠭᠠᠷᠯᠠᠵᠤ ᠳᠡᠶᠢᠯᠬᠦ ᠥᠬᠡᠶ᠂ ᠣᠷᠳᠣ ᠬᠤᠭᠤᠴᠠᠭ᠎ᠠ ᠪᠠᠷ ᠡᠪᠡᠳᠬᠦ ᠨᠢ ᠪᠦᠬᠦ᠋ᠢᠯᠡ ᠲᠠᠷᠢᠬᠢᠨ ᠤ ᠬᠡᠰᠡᠭ ᠤᠨ ᠬᠤᠪᠢᠷᠠᠯᠲᠠ ᠶᠢ | ᠨᠥᠯᠥᠭᠡᠯᠡᠨ᠎ᠡ ᠬᠡᠵᠡᠢ᠃ | ᠲᠤᠭ᠎ᠠ ᠪᠠᠷᠢᠮᠲᠠ ᠠᠴᠠ ᠦᠵᠡᠪᠡᠯ᠂ ᠪᠥᠬᠦ ᠳᠡᠯᠡᠬᠡᠶ ᠶᠢᠨ ᠤᠳᠠᠭᠠᠨ ᠴᠢᠨᠠᠷᠲᠠᠶ ᠡᠪᠡᠳᠬᠦ ᠡᠪᠡᠳᠴᠢᠨ ᠳᠤ ᠨᠡᠷᠪᠡᠭᠳᠡᠬᠦ ᠨᠣᠷᠮ᠎ᠠ ᠪᠠᠷᠤᠭ 38 % ᠪᠠᠶᠢᠵᠤ᠂ | ᠳᠤᠮᠳᠠᠳᠤ ᠤᠯᠤᠰ ᠤᠨ ᠤᠳᠠᠭᠠᠨ ᠴᠢᠨᠠᠷᠲᠠᠶ ᠡᠪᠡᠳᠬᠦ ᠡᠪᠡᠳᠴᠢᠲᠡᠨ 3 ᠳ᠋ᠦᠩᠰᠢᠭᠤᠷ ᠢ ᠳᠠᠪᠠᠵᠤ ᠪᠠᠶᠢᠬᠤ ᠪᠥᠭᠡᠳ ᠵᠢᠯ ᠪᠦᠷᠢ 2000 ᠲᠦᠮᠡᠨ ᠬᠥᠮᠦᠨ ᠤ | ᠬᠤᠷᠳᠤᠴᠠ ᠪᠠᠷ ᠨᠡᠮᠡᠭᠳᠡᠵᠦ ᠪᠠᠶᠢᠨ᠎ᠠ᠃ ᠡᠪᠡᠳᠬᠦ ᠨᠢ ᠨᠢᠭᠡᠨᠲᠡ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠬᠠᠪᠤᠳᠠᠷ ᠤᠨ ᠳᠠᠷᠠᠭᠠᠬᠢ ᠭᠤᠷᠪᠠᠳᠤᠭᠠᠷ | ᠶᠡᠭᠡ ᠡᠷᠡᠭᠦᠯ ᠮᠡᠨᠳᠦ ᠶᠢᠨ ᠠᠰᠠᠭᠤᠳᠠᠯ ᠪᠣᠯᠵᠠᠶ᠃ 2007 ᠣᠨ ᠳᠤ᠂ ᠤᠤᠯ ᠤᠨ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠠᠴᠠ ︽ᠡᠮᠴᠢᠯᠡᠭᠡᠨ ᠤ | ᠪᠠᠶᠢᠭᠤᠯᠤᠮᠵᠢ ᠶᠢᠨ ᠣᠨᠣᠰᠢᠯᠠᠨ ᠡᠮᠨᠡᠬᠦ ᠵᠦᠢᠯ ᠤᠨ ᠨᠡᠷᠡᠰ︾ ᠲᠤ ︽ᠡᠪᠡᠳᠬᠦ ᠰᠠᠯᠠᠭ᠎ᠠ︾ ᠶᠢ ᠨᠢᠭᠡᠳᠦᠭᠡᠷ ᠳᠡᠰ ᠤᠨ ᠣᠨᠣᠰᠢᠯᠠᠨ ᠡᠮᠨᠡᠬᠦ ᠵᠦᠢᠯ ᠪᠤᠯᠭᠠᠨ ᠨᠡᠮᠡᠵᠦ | ᠤᠷᠤᠭᠤᠯᠪᠠ᠃ | ᠱᠠᠩᠬᠠᠶ ᠶᠢᠨ ᠬᠤᠸᠠ ᠳ᠋ᠦᠩ ᠡᠮᠨᠡᠯᠭᠡ ᠶᠢᠨ ᠬᠤᠷᠢᠶᠠᠨ ᠤ ᠡᠪᠡᠳᠬᠦ ᠰᠠᠯᠠᠭᠠᠨ ᠤ ᠡᠷᠬᠢᠯᠡᠭᠴᠢ ᠡᠮᠴᠢ ᠵᠧᠩ ᠶᠦᠩ ᠵᠢᠶᠦ᠋ᠨ᠄ ᠡᠩ ᠲᠡᠷᠢᠭᠦᠨ ᠳᠤ᠂ ᠡᠪᠡᠳᠬᠦ | ᠰᠠᠯᠠᠭ᠎ᠠ ᠨᠢ ᠡᠪᠡᠳᠴᠢᠲᠡᠨ ᠤ ᠵᠢᠩᠬᠢᠨᠢ ᠡᠪᠡᠳᠬᠦ ᠰᠢᠯᠲᠠᠭᠠᠨ ᠢ ᠨᠠᠷᠢᠨ ᠨᠢᠭᠲᠠ ᠡᠷᠢᠵᠦ ᠣᠯᠳᠠᠭ︔ ᠳᠠᠷᠠᠭ᠎ᠠ ᠨᠢ ᠨᠢᠭᠡ ᠢᠵᠢ ᠮᠠᠰᠢ ᠪᠦᠷᠢᠨ ᠲᠡᠭᠦᠯᠳᠡᠷ ᠡᠮᠴᠢᠯᠡᠭᠡᠨ ᠤ | ᠰᠢᠰᠲ᠋ᠧᠮ ᠢ ᠬᠡᠷᠡᠭᠯᠡᠵᠦ᠂ ᠪᠦᠬᠦ ᠲᠠᠯ᠎ᠠ ᠶᠢᠨ ᠲᠣᠬᠢᠷᠠᠭᠤᠯᠤᠯᠲᠠ ᠬᠢᠬᠦ ᠪᠤᠶᠤ ᠵᠠᠰᠠᠳᠠᠭ ᠭᠡᠪᠡ᠃ | |