ᠠᠵᠠ ᠳᠤᠭᠢᠶᠠᠯ ᠢ ᠡᠵᠡᠮᠳᠡᠨ ᠰᠢᠨ᠎ᠡ ᠬᠥᠭᠵᠢᠯᠲᠡ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2023/12/5
       — ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠥᠬᠦᠵᠦ ᠢᠷᠡᠬᠦ ᠲᠠᠰᠢᠷᠠᠮ ᠳᠤ ①                               ᠨᠠᠶᠢᠷᠠᠭᠤᠯᠤᠭᠴᠢ ᠶᠢᠨ ᠦᠭᠡ᠄ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠵᠢᠯᠳᠠᠳᠢ ᠶᠠᠪᠤᠭᠳᠠᠭᠰᠠᠨ ᠨᠢ ᠪᠦᠭᠦ ᠤᠯᠤᠰ ᠤᠨ ᠮᠥᠰᠥ ᠴᠠᠰᠤᠨ ᠤ  ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠰᠢᠨ᠎ᠡ ᠤᠷᠭᠢᠯ ᠳᠤ ᠬᠦᠷᠭᠡᠯ᠎ᠡ᠃ ᠲᠡᠭᠦᠨ ᠤ ᠳᠠᠷᠠᠭᠠᠬᠢ ᠠᠩᠬᠠᠳᠠᠭᠴᠢ  ᠪᠦᠭᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠣᠯᠠᠨ᠂ ᠪᠠᠷᠢᠮᠵᠢᠶ᠎ᠠ ᠪᠠᠷ ᠬᠠᠮᠤᠭ ᠤᠨ ᠥᠨᠳᠥᠷ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ - ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤᠯᠠᠮ ᠢᠶᠠᠷ ᠳᠥᠬᠦᠵᠦ ᠢᠷᠡᠬᠦ ᠶᠢ ᠳᠠᠭᠠᠯᠳᠤᠨ ᠬᠥᠮᠥᠰ ᠤᠨ ᠠᠩᠬᠠᠷᠤᠯ ᠢ ᠨᠡᠩ ᠲᠠᠲᠠᠬᠤ ᠪᠣᠯᠪᠠ᠃ ᠢᠯᠠᠩᠭᠤᠶ᠎ᠠ ᠳᠠᠭᠠᠭᠠᠴᠢᠯᠠᠨ ᠡᠷᠭᠢᠯᠡᠭᠦ ᠭᠠᠵᠠᠷ ᠪᠣᠯᠤᠭᠰᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠷᠴᠢ ᠵᠣᠷᠢᠭ ᠢ ᠤᠷᠢᠳ ᠭᠠᠷᠤᠭ᠎ᠠ ᠦᠭᠡᠢ ᠬᠥᠭᠵᠢᠭᠡᠨ᠎ᠡ᠃  ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠳᠠᠭᠠᠭᠠᠴᠢᠯᠠᠨ ᠡᠷᠭᠢᠯᠡᠭᠦ ᠪᠣᠯ ᠥᠪᠥᠷ ᠮᠣᠩᠭᠤᠯ ᠤᠨ ᠢᠷᠠᠭᠤ ᠠᠯᠳᠠᠷᠲᠤ ᠡᠭᠦᠷᠭᠡ ᠪᠣᠯᠣᠨ᠎ᠠ᠃   ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠲᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠬᠤ ᠶᠢᠨ ᠲᠥᠯᠥᠭᠡ ︽ᠴᠢᠯᠦᠭᠡᠲᠦ ᠵᠣᠭᠤᠭ︾ᠪᠤᠯᠤᠩ ᠳᠠᠭᠠᠨ ᠪᠢᠳᠡ  ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠬᠠᠢ ᠰᠢᠷᠢᠰ ᠵᠣᠭᠤᠭ ᠢ ᠨᠡᠶᠢᠲᠡᠯᠡᠬᠦ ᠪᠠᠷ ᠲᠥᠰᠥᠪᠯᠡᠯ᠎ᠡ᠃ ᠠᠩᠬᠠᠷᠤᠯ ᠢᠶᠠᠨ ᠬᠠᠨᠳᠤᠭᠤᠯᠤᠭᠠᠷᠠᠢ︕       ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠳᠡᠯᠡᠬᠡᠢ ᠳ᠋ᠠᠬᠢᠨ ᠳᠠᠬᠢ ᠥᠷᠢᠰᠦᠯᠳᠦᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠭᠦ᠂ ᠮᠥᠰᠥ ᠴᠠᠰᠤᠨ ᠤ ᠬᠥᠳᠡᠯᠭᠡᠭᠡᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠬᠦ ᠵᠡᠷᠭᠡ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠳᠠᠭ᠃       ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠮᠥᠰᠥ ᠴᠠᠰᠤᠨ ᠤ ᠡᠬᠢ ᠪᠠᠶᠠᠯᠢᠭ ᠤᠨ ᠥᠪᠡᠷᠮᠢᠴᠡ ᠳᠠᠪᠠᠭᠤᠯᠢᠭ ᠲᠠᠢ᠂ ᠮᠥᠰᠥ ᠴᠠᠰᠤᠨ ᠤ ᠬᠥᠳᠡᠯᠭᠡᠭᠡᠨ ᠤ ᠥᠨᠢ ᠤᠳᠠᠭᠠᠨ ᠤᠯᠠᠮᠵᠢᠯᠠᠯ ᠬᠢᠭᠡᠳ ᠰᠠᠶᠢᠨ ᠰᠠᠶᠢᠬᠠᠨ ᠤᠯᠠᠨ ᠲᠦᠮᠡᠨᠴᠢ ᠰᠠᠭᠤᠷᠢ ᠲᠠᠢ᠃ ᠣᠳᠣᠬᠠᠨ ᠳᠤ᠂ ᠣᠷᠣᠨ ᠳᠠᠶᠠᠭᠠᠷ ᠢᠶᠠᠨ ᠮᠥᠰᠥ ᠴᠠᠰᠤᠨ ᠤ ᠬᠥᠳᠡᠯᠭᠡᠭᠡᠨ ᠤ ᠬᠥᠭᠵᠢᠭᠦᠯᠦᠯᠲᠡ ᠶᠢᠨ  ᠰᠠᠶᠢᠨ ᠰᠠᠶᠢᠬᠠᠨ ᠠᠵᠠ ᠲᠣᠭᠢᠶᠠᠯ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ  ᠴᠣ ᠰᠢᠨ᠎ᠡ ᠠᠵᠠ ᠲᠣᠭᠢᠶᠠᠯ ᠢ ᠠᠮᠵᠢᠨ᠂ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠵᠤ ᠪᠤᠢ᠃ ᠡᠭᠦᠨ ᠳᠤ᠂ ᠶᠠᠭᠤᠨ ᠤ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠬᠥᠳᠡᠯᠭᠡᠭᠡᠨ ᠤ ᠣᠷᠳᠣ ᠬᠤᠭᠤᠴᠠᠭᠠᠨ ᠤ  ᠪᠦᠲᠦᠮᠵᠢᠲᠡᠶ ᠬᠥᠭᠵᠢᠭᠦᠯᠦᠯᠲᠡ ᠶᠢᠨ ᠲᠣᠭᠤᠷᠢᠨ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠨ ᠣᠯᠠᠨ ᠲᠦᠮᠡᠨ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠶᠢ ᠳᠡᠮᠵᠢᠬᠦ ᠨᠢ ᠵᠠᠩᠭᠢᠯᠠᠭ᠎ᠠ ᠪᠣᠯᠣᠨ᠎ᠠ᠃ ᠮᠥᠰᠥ ᠴᠠᠰᠤᠨ ᠤ ᠬᠥᠳᠡᠯᠭᠡᠭᠡᠨ ᠤ ᠲᠠᠯᠠᠪᠠᠶ ᠣᠷᠳᠣᠨ ᠤ ᠨᠡᠭᠡᠭᠡᠯᠲᠡ ᠶᠢ ᠴᠢᠩᠭᠠᠳᠬᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥ ᠴᠠᠰᠤᠨ ᠤ ᠬᠥᠳᠡᠯᠭᠡᠭᠡᠨ ᠤ ᠲᠠᠯᠠᠪᠠᠶ ᠣᠷᠳᠣᠨ ᠪᠣᠯᠣᠨ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠯᠠᠪᠠᠶ ᠭᠠᠵᠠᠷ ᠢ ᠰᠠᠶᠢᠲᠤᠷ ᠠᠰᠢᠭᠯᠠᠵᠤ᠂ ᠮᠥᠰᠥ ᠴᠠᠰᠤᠨ ᠤ ᠬᠦᠷᠢᠶ᠎ᠡ ᠴᠠᠷᠠᠭᠠᠨ ᠳᠠᠬᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠴᠢᠩᠭᠠᠳᠬᠠᠵᠤ᠂ ᠤᠯᠠᠨ ᠲᠦᠮᠡᠨ ᠤ ᠠᠮᠤᠷ ᠲᠦᠪᠰᠢᠨ᠂ ᠡᠷᠡᠭᠦᠯ ᠮᠡᠨᠳᠦ᠂ ᠡᠮᠬᠢ ᠵᠢᠷᠤᠮ ᠲᠠᠢ ᠪᠠᠷ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ ᠶᠢ ᠪᠠᠲᠤᠯᠠᠪᠠᠯ ᠵᠣᠬᠢᠨ᠎ᠠ᠃ ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠦᠵᠦ ᠲᠥᠯᠥᠪᠯᠡᠭᠡ᠂ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ᠂ ᠪᠦᠯᠭᠦᠮ ᠨᠡᠶᠢᠲᠡ ᠶᠢᠨ ᠪᠠᠶᠢᠭᠤᠯᠤᠯᠲᠠ᠂ ᠴᠢᠳᠠᠪᠤᠷᠢᠲᠠᠨ ᠢ ᠤᠷᠢᠨ ᠠᠪᠴᠢᠷᠠᠬᠤ ᠲᠣᠭᠲᠠᠴᠠ ᠵᠡᠷᠭᠡ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠬᠥᠳᠡᠯᠭᠡᠭᠡᠨ ᠤ ᠤᠷᠤᠯᠳᠤᠭᠠᠨ ᠤ ︽ᠨᠠᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ᠂ ᠨᠡᠩ ᠪᠦᠯᠬᠦᠮᠳᠡᠯ ᠲᠠᠢ︾ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠮᠥᠰᠥ ᠴᠠᠰᠤᠨ ᠤ ᠡᠬᠢ ᠪᠠᠶᠠᠯᠢᠭ ᠤᠨ ᠣᠨᠴᠠᠯᠢᠭ ᠲᠠᠢ ᠪᠠᠨ ᠤᠶᠠᠯᠳᠤᠭᠤᠯᠤᠨ ᠳᠠᠪᠠᠭᠤᠯᠢᠭ ᠮᠥᠰᠥ ᠴᠠᠰᠤᠨ ᠤ ᠤᠷᠤᠯᠳᠤᠭᠠᠨ ᠤ ᠲᠥᠷᠥᠯ ᠵᠦᠢᠯ ᠢ ᠶᠡᠭᠡ ᠪᠠᠷ ᠬᠥᠭᠵᠢᠭᠦᠯᠵᠦ᠂ ᠬᠠᠨᠳᠤᠯᠭᠠᠲᠤ ᠴᠢᠨᠠᠷ ᠲᠠᠢ᠂  ᠲᠤᠰᠬᠠᠶᠢᠵᠢᠭᠰᠠᠨ ᠡᠩᠨᠡᠭᠡᠨ ᠤ  ᠪᠣᠯᠪᠠᠰᠤᠷᠠᠯ ᠢ ᠴᠢᠩᠭᠠᠳᠬᠠᠪᠠᠯ ᠵᠣᠬᠢᠨ᠎ᠠ᠃ ᠳᠠᠭᠢᠪᠠᠯ᠂ ᠣᠯᠠᠨ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠳᠡᠮ ᠰᠢᠨᠵᠢᠯᠡᠭᠡᠨ᠂ ᠠᠵᠤ ᠦᠢᠯᠡᠰ᠂ ᠤᠷᠤᠯᠳᠤᠭᠠᠨ ᠤ ᠶᠠᠪᠤᠳᠠᠯ᠂ ᠰᠤᠷᠭᠠᠨ ᠬᠥᠮᠦᠵᠢᠯ ᠰᠤᠳᠤᠯᠤᠨ ᠰᠤᠷᠤᠯᠴᠠᠬᠤ ᠵᠡᠷᠭᠡ  ᠡᠯ᠎ᠡ ᠲᠠᠯ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠢᠰᠦᠯᠳᠦᠭᠡᠨ ᠤ ᠮᠥᠰᠥ ᠴᠠᠰᠤᠨ ᠤ ᠬᠥᠳᠡᠯᠭᠡᠭᠡᠨ ᠤ ᠤᠷᠤᠯᠳᠤᠭᠠᠨ ᠢ ᠥᠷᠭᠡᠨ ᠢᠶᠠᠷ ᠥᠷᠨᠢᠭᠦᠯᠵᠦ᠂ ᠣᠷᠣᠨ ᠪᠦᠰᠡ ᠶᠢᠨ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠶᠢ ᠳᠠᠶᠢᠴᠢᠯᠠᠨ ᠠᠬᠢᠭᠤᠯᠪᠠᠯ ᠵᠣᠬᠢᠨ᠎ᠠ᠃ ᠡᠭᠦᠨ ᠠᠴᠠ ᠭᠠᠳᠠᠨ᠎ᠠ ᠪᠠᠰᠠ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠮᠥᠰᠥ ᠴᠠᠰᠤ +︾ ᠠᠵᠤ ᠦᠢᠯᠡᠰ ᠤᠨ ᠬᠥᠭᠵᠢᠯᠲᠡ ᠶᠢ ᠭᠦᠨᠵᠡᠭᠡᠶᠢᠷᠡᠭᠦᠯᠵᠦ᠂ ᠮᠥᠰᠥ ᠴᠠᠰᠤᠨ ᠤ ᠬᠥᠳᠡᠯᠭᠡᠭᠡᠨ ᠬᠢᠭᠡᠳ ᠰᠤᠷᠭᠠᠨ ᠬᠥᠮᠦᠵᠢᠯ᠂ ᠡᠷᠡᠭᠦᠯ ᠮᠡᠨᠳᠦ᠂ ᠰᠣᠶᠣᠯ᠂ ᠵᠢᠭᠤᠯᠴᠢᠯᠠᠯ᠂ ᠦᠵᠡᠰᠭᠦᠯᠡᠩ ᠴᠤᠭᠯᠠᠭᠠᠨ ᠵᠡᠷᠭᠡ ᠠᠵᠢᠯ ᠲᠥᠷᠥᠯ ᠤᠨ ᠬᠠᠮᠵᠢᠯᠴᠠᠨ ᠬᠥᠭᠵᠢᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠮᠥᠰᠥ ᠴᠠᠰᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠤ ᠦᠢᠯᠡᠰ ᠤᠨ ᠨᠡᠮᠡᠯᠲᠡ ᠥᠷᠲᠡᠭ ᠢ ᠨᠡᠮᠡᠭᠳᠡᠭᠦᠯᠬᠦ ᠨᠢ ᠨᠡᠩ ᠴᠢᠬᠤᠯᠠ ᠶᠤᠮ᠃       ᠡᠳᠦᠭᠡ᠂ ᠪᠦᠭᠦ ᠠᠷᠠᠳ ᠢᠶᠠᠷ ᠢᠶᠠᠨ ᠣᠷᠣᠯᠴᠠᠬᠰᠠᠨ᠂ ᠭᠡᠯᠪᠡᠷᠢ ᠨᠢ ᠤᠯᠠᠨ ᠶᠠᠩᠵᠤ ᠶᠢᠨ᠂ ᠪᠣᠬᠢᠷᠳᠤᠯ ᠦᠭᠡᠢ ᠬᠠᠮᠲᠤ ᠪᠠᠷ ᠡᠳ᠋ᠯᠡᠬᠦ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠶᠠᠭ ᠥᠷᠨᠢᠩᠭᠦᠢ ᠬᠥᠭᠵᠢᠵᠦ ᠪᠤᠢ᠂ ᠡᠭᠦᠨ ᠢ ᠳᠠᠭᠠᠯᠳᠤᠨ ᠮᠥᠰᠥ ᠴᠠᠰᠤᠨ ᠤ ᠬᠥᠳᠡᠯᠭᠡᠭᠡᠨ ᠨᠢ ᠡᠳᠦᠷ ᠢᠷᠡᠬᠦᠶ᠎ᠡ ᠤᠯᠠᠨ ᠲᠦᠮᠡᠨᠴᠢᠯᠡᠵᠦ᠂ ᠠᠵᠤ ᠦᠢᠯᠡᠰᠵᠢᠵᠦ ᠪᠠᠶᠢᠨ᠎ᠠ᠃ ᠣᠷᠣᠨ ᠳᠠᠶᠠᠭᠠᠷ ᠢᠶᠠᠨ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ᠂ ᠡᠷᠡᠭᠦᠯ ᠡᠩᠬᠡ ᠥᠪᠥᠷ ᠮᠣᠩᠭᠤᠯ ᠤᠨ  ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠶᠢ ᠴᠠᠭ ᠦᠶ᠎ᠡ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠪᠤᠯᠭᠠᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠷᠡᠮᠡᠬᠡᠶᠢᠯᠡᠨ ᠲᠡᠮᠡᠴᠡᠪᠡᠯ ᠪᠦᠭᠦ ᠣᠷᠣᠨ ᠤ  ᠮᠥᠰᠥ ᠴᠠᠰᠤᠨ ᠤ ᠲᠠᠮᠢᠷ ᠤᠨ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠬᠤ ᠨᠢ ᠳᠠᠮᠵᠢᠭ ᠦᠭᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ